ᠨᠢᠭᠡ᠂ ᠨᠢᠭᠡ ᠮᠦᠴᠡ ᠶᠢᠨ ᠠᠷᠠᠳ ᠲᠤ ᠳᠦᠬᠦᠮ ᠦᠵᠡᠬᠦᠯᠬᠦ ᠠᠮᠢᠳᠤᠷᠠᠯ ᠤᠨ ᠲᠤᠭᠤᠷᠢᠭ ᠭᠡᠳᠡᠭ ᠨᠢ ᠶᠠᠭᠤ ᠶᠢ ᠬᠡᠯᠡᠵᠦ ᠪᠠᠶᠢᠬᠤ ᠪᠤᠢ︖ | ᠨᠢᠭᠡ ᠮᠥᠴᠡ ᠶᠢᠨ ᠬᠡᠪᠴᠢᠶᠡᠨ ᠳᠤ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠤᠭᠤᠷᠢᠭ ︵ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ | ᠲᠤᠭᠤᠷᠢᠭ ᠭᠡᠵᠦ ᠲᠣᠪᠴᠢᠯᠠᠨ᠎ᠠ︶ ᠪᠣᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢᠶᠠᠷ ᠦᠢᠯᠡᠴᠢᠯᠡᠬᠦ ᠡᠲᠡᠭᠡᠳ ᠪᠣᠯᠭᠠᠵᠤ᠂ ᠦᠢᠯᠡᠴᠢᠯᠡᠭᠡᠨ ᠤ ᠷᠠᠳᠢᠦ᠋ᠰ ᠨᠢ | ᠶᠠᠪᠠᠭᠠᠨ ᠢᠶᠠᠷ 15 ᠮᠢᠨᠦ᠋ᠲ ᠣᠷᠴᠢᠮ ᠤᠨ ᠬᠡᠪᠴᠢᠶᠡᠨ ᠳᠣᠲᠣᠷ᠎ᠠ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠦᠨᠳᠦᠰᠦᠨ ᠬᠡᠷᠡᠭᠯᠡᠭᠡ ᠪᠣᠯᠤᠨ | ᠴᠢᠨᠠᠷᠲᠠᠢ ᠬᠡᠷᠡᠭᠯᠡᠭᠡ ᠶᠢ ᠬᠠᠩᠭᠠᠬᠤ ᠵᠡᠷᠭᠡ ᠪᠠᠷ ᠬᠠᠷᠠᠯᠲᠠ ᠪᠣᠯᠭᠠᠨ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠲᠥᠪᠯᠡᠷᠡᠨ ᠪᠦᠷᠢᠯᠳᠦᠭᠰᠡᠨ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠲᠤᠭᠤᠷᠢᠭ ᠪᠣᠯᠤᠨ᠎ᠠ᠃ | ᠬᠤᠶᠠᠷ᠂ ᠠᠷᠠᠳ ᠲᠤ ᠳᠦᠬᠦᠮ ᠦᠵᠡᠬᠦᠯᠬᠦ ᠠᠮᠢᠳᠤᠷᠠᠯ ᠤᠨ ᠲᠤᠭᠤᠷᠢᠭ ᠨᠢ ᠶᠠᠮᠠᠷ ᠶᠠᠮᠠᠷ ᠬᠤᠪᠢᠷᠠᠯᠳᠠ ᠨᠤᠭᠤᠳ ᠢ ᠠᠪᠴᠢᠷᠠᠬᠤ ᠪᠤᠢ︖ | ︵ᠨᠢᠭᠡ︶ ᠨᠡᠶᠢᠬᠡᠮ ᠲᠤᠭᠤᠷᠢᠭ ᠤᠨ ᠲᠦᠳᠡᠴᠢᠯᠡᠯᠳᠡ ᠶᠢᠨ ᠬᠡᠮᠵᠢᠶ᠎ᠡ ᠢᠯᠡᠷᠬᠡᠢ ᠳᠡᠭᠡᠭᠰᠢᠯᠡᠵᠦ᠂ ᠬᠤᠳᠠᠯᠳᠤᠭᠠᠨ ᠤ ᠦᠢᠯᠡᠰ ᠤᠨ ᠰᠦᠯᠵᠢᠶᠡᠨ ᠴᠡᠭ ᠤᠨ | ᠪᠠᠶᠢᠷᠢᠰᠢᠭᠤᠯᠤᠯᠳᠠ ᠨᠢ ᠨᠡᠩ ᠵᠤᠬᠢᠰᠲᠠᠢ ᠪᠤᠯᠵᠤ᠂ ᠦᠢᠯᠡᠳᠦᠯ ᠴᠢᠳᠠᠪᠬᠢ ᠡᠵᠡᠩᠨᠡᠯᠲᠡ ᠶᠢᠨ ᠪᠠᠶᠢᠳᠠᠯ ᠨᠢ ᠨᠡᠩ ᠪᠦᠷᠢᠨ ᠲᠦᠬᠦᠷᠵᠢᠵᠦ᠂ ᠰᠠᠭᠤᠭᠠᠯᠢ ᠠᠷᠠᠳ ᠤᠨ | ᠤᠶᠢᠷ᠎ᠠ ᠲᠤᠭᠤᠷᠢᠨ ᠳᠤ ᠪᠠᠨ ᠳᠦᠬᠦᠮ ᠲᠦᠳᠡ ᠬᠤᠳᠠᠯᠳᠤᠨ ᠠᠪᠬᠤ ᠬᠡᠷᠡᠭᠯᠡᠭᠡᠨ ᠤ ᠦᠨᠳᠦᠰᠦᠨ ᠬᠡᠷᠡᠭᠴᠡᠭᠡ ᠶᠢ ᠬᠠᠩᠭᠠᠨ᠎ᠠ᠃ | ︵ᠬᠤᠶᠠᠷ︶ ᠨᠡᠶᠢᠬᠡᠮ ᠲᠤᠭᠤᠷᠢᠭ ᠤᠨ ᠲᠤᠳᠤᠷᠬᠠᠶᠢᠴᠢᠯᠠᠭᠰᠠᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠬᠤᠳᠠᠯᠳᠤᠭᠠᠨ ᠤ ᠦᠢᠯᠡᠰ ᠤᠨ | ᠪᠡᠯᠡᠳᠬᠡᠮᠵᠢ ᠲᠤᠬᠢᠷᠠᠭᠤᠯᠭ᠎ᠠ ᠪᠠ ᠦᠢᠯᠡᠴᠢᠯᠡᠬᠡᠨ ᠤ ᠬᠠᠩᠭᠠᠯᠭ᠎ᠠ ᠨᠡᠩ ᠵᠢᠷᠤᠮᠵᠢᠵᠤ᠂ ᠬᠠᠮᠢᠶᠠᠷᠤᠯᠳᠠ ᠡᠵᠡᠩᠨᠡᠯᠳᠡ ᠨᠡᠩ ᠮᠡᠷᠭᠡᠵᠢᠵᠦ ᠨᠠᠷᠢᠯᠢᠭᠵᠢᠨᠠ᠃ | ︵ᠭᠤᠷᠪᠠ︶ ᠨᠡᠶᠢᠬᠡᠮ ᠲᠤᠭᠤᠷᠢᠭ ᠤᠨ ᠤᠶᠤᠨᠴᠢᠯᠠᠯᠳᠠ ᠶᠢᠨ ᠬᠡᠮᠵᠢᠶ᠎ᠡ ᠲᠠᠰᠤᠷᠠᠯᠳᠠ ᠦᠭᠡᠢ ᠳᠡᠭᠡᠭᠰᠢᠯᠡᠵᠦ᠂ ᠰᠢᠨ᠎ᠡ ᠮᠡᠷᠭᠡᠵᠢᠯ᠂ ᠡᠵᠡᠩᠨᠡᠯᠳᠡ ᠶᠢᠨ | ᠪᠠᠶᠢᠳᠠᠯ᠂ ᠬᠡᠪ ᠵᠠᠭᠪᠤᠷ ᠨᠢ ᠠᠷᠠᠳ ᠲᠤ ᠳᠦᠬᠦᠮ ᠦᠵᠡᠬᠦᠯᠬᠦ ᠠᠮᠢᠳᠤᠷᠠᠯ ᠤᠨ ᠲᠤᠭᠤᠷᠢᠭ ᠲᠤ ᠨᠡᠩ ᠦᠷᠭᠡᠨ ᠢᠶᠠᠷ ᠬᠡᠷᠡᠭᠯᠡᠭᠳᠡᠵᠦ᠂ ᠰᠦᠯᠵᠢᠶᠡᠨ ᠳᠡᠭᠡᠷ᠎ᠡ ᠪᠠ | ᠭᠠᠳᠠᠨ᠎ᠠ ᠭᠦᠨᠵᠡᠭᠡᠢ ᠠᠭᠤᠰᠤᠯᠴᠠᠵᠤ᠂ ᠲᠤᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠠᠬᠢᠴᠠ ᠶᠢ ᠲᠦᠷᠭᠡᠳᠬᠡᠨ᠎ᠡ᠃ | ︵ᠳᠦᠷᠪᠡ︶ ᠨᠡᠶᠢᠬᠡᠮ ᠲᠤᠭᠤᠷᠢᠭ ᠤᠨ ᠴᠢᠨᠠᠷᠵᠢᠭᠤᠨ ᠠᠮᠢᠳᠤᠷᠠᠯ ᠤᠨ ᠪᠠᠶᠢᠳᠠᠯ ᠠᠯᠭᠤᠷ ᠳᠡᠭᠡᠭᠰᠢᠯᠡᠵᠦ᠂ ᠲᠦᠷᠦᠯ ᠲᠡᠮᠳᠡᠭ ᠤᠨ ᠬᠡᠯᠬᠢᠶᠡᠳᠤ ᠳᠡᠯᠭᠡᠭᠦᠷ ᠪᠠ | ᠦᠪᠡᠷᠮᠢᠴᠡᠵᠢᠭᠰᠡᠨ ᠪᠦᠲᠦᠭᠡᠨ ᠪᠠᠶᠢᠭᠤᠯᠤᠯᠳᠠ ᠲᠠᠰᠤᠷᠠᠯᠳᠠ ᠦᠭᠡᠢ ᠴᠢᠩᠭᠠᠷᠠᠵᠤ᠂ ᠲᠠᠸᠠᠷ ᠪᠠ ᠦᠢᠯᠡᠴᠢᠯᠡᠭᠡ ᠶᠢᠨ ᠬᠠᠩᠭᠠᠯᠭ᠎ᠠ ᠨᠡᠩ ᠡᠯᠪᠡᠭ᠂ ᠴᠢᠨᠠᠷᠯᠢᠭ᠂ ᠠᠮᠤᠷ | ᠲᠦᠪᠰᠢᠨ ᠪᠤᠯᠵᠤ᠂ ᠪᠡᠯᠡᠳᠬᠡᠮᠵᠢ ᠪᠠ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠵᠤ᠂ ᠤᠯᠠᠮᠵᠢᠯᠠᠯᠳᠤ ᠬᠡᠷᠡᠭᠯᠡᠭᠡ ᠶᠢ ᠲᠦᠷᠭᠡᠳᠬᠡᠨ ᠳᠡᠭᠡᠭᠰᠢᠯᠡᠬᠦᠯᠵᠦ᠂ | ᠦᠢᠯᠡᠴᠢᠯᠡᠬᠦᠯᠬᠦ ᠪᠠ ᠪᠡᠶᠡᠴᠢᠯᠡᠨ ᠤᠶᠢᠯᠠᠭᠠᠬᠠᠤ ᠬᠡᠷᠡᠭᠯᠡᠭᠡ ᠶᠢᠨ ᠬᠠᠷᠢᠴᠠᠯ ᠲᠠᠰᠤᠷᠠᠯᠳᠠ ᠦᠭᠡᠢ ᠦᠷᠭᠡᠳᠦᠨᠡ᠃ | ᠭᠤᠷᠪᠠ᠂ ︽ᠬᠡᠷᠡᠭᠵᠢᠬᠦᠯᠬᠦ ᠲᠦᠰᠦᠯ︾ ᠤᠨ ᠭᠤᠤᠯ ᠠᠭᠤᠯᠭ᠎ᠠ ᠨᠢ ᠶᠠᠭᠤ ᠪᠤᠢ︖ | ᠠᠷᠠᠳ ᠲᠤ ᠲᠥᠬᠦᠮ ᠦᠵᠡᠬᠦᠯᠬᠦ ᠠᠷᠠᠳ ᠲᠤ ᠠᠰᠢᠭ ᠬᠦᠷᠲᠡᠭᠡᠬᠦ ᠠᠷᠠᠳ ᠢ ᠬᠠᠷᠠᠭᠠᠯᠵᠠᠬᠤ ᠤᠳᠤᠷᠢᠳᠤᠮᠵᠢ ᠶᠢ ᠳᠣᠪᠤᠶᠢᠯᠭᠠᠨ᠂ ᠭᠤᠷᠪᠠᠨ ᠵᠢᠯ ᠤᠨ | ᠪᠥᠲᠥᠭᠡᠨ ᠪᠠᠶᠢᠭᠤᠯᠤᠯᠲᠠ ︵2023—2025 ᠣᠨ︶ ᠪᠠᠷ ᠳᠠᠮᠵᠢᠭᠤᠯᠤᠨ᠂ ᠭᠤᠤᠯ ᠬᠤᠲᠠ ᠶᠢᠨ ᠲᠣᠭᠤᠷᠢᠭ ᠲᠤ ᠨᠢᠭᠡ ᠪᠦᠯᠦᠭ ︽ᠵᠢᠵᠢᠭ ᠮᠥᠷᠲᠡᠭᠡᠨ | ᠪᠦᠷᠢᠨ᠂ ᠪᠠᠭ᠎ᠠ ᠮᠥᠷᠲᠡᠭᠡᠨ ᠭᠤᠶᠤᠬᠠᠨ︾ ᠨᠢᠭᠡ ᠮᠦᠴᠡ ᠶᠢᠨ ᠨᠡᠶᠢᠭᠡᠮ ᠲᠣᠭᠤᠷᠢᠭ ᠤᠨ ᠠᠮᠢᠳᠤᠷᠠᠯ ᠤᠨ ᠲᠤᠭᠤᠷᠢᠭ ᠢ ᠭᠤᠤᠯᠳᠠᠯᠭ᠎ᠠ ᠲᠠᠢ ᠪᠠᠶᠢᠭᠤᠯᠤᠨ᠎ᠠ᠃ | ᠬᠥᠯᠥᠨ ᠪᠤᠶᠢᠷ ᠬᠤᠲᠠ ᠶᠢᠨ ᠲᠥᠪ ᠬᠤᠲᠠ ᠲᠣᠭᠤᠷᠢᠭ ᠤᠨ ᠨᠢᠭᠡ ᠴᠣᠭᠴᠠᠵᠢᠯᠲᠠ ᠶᠢ ᠠᠬᠢᠭᠤᠯᠵᠤ ᠣᠷᠣᠨ ᠪᠦᠰᠡ ᠶᠢᠨ ᠠᠷᠠᠯᠵᠢᠶ᠎ᠠ ᠬᠤᠳᠠᠯᠳᠤᠭᠠᠨ ᠤ ᠬᠦᠢᠰᠦ ᠶᠢ | ᠴᠣᠭᠴᠠᠯᠠᠬᠤ ᠬᠠᠷᠠᠯᠲᠠ ᠲᠠᠢ ᠤᠶᠠᠯᠳᠤᠭᠤᠯᠤᠨ᠂ ᠲᠥᠪ ᠬᠤᠲᠠ ᠲᠣᠭᠤᠷᠢᠭ ᠢᠶᠠᠷ ᠤᠷᠢᠳᠠᠪᠠᠷ ᠲᠤᠷᠰᠢᠯᠲᠠ ᠶᠢᠨ ᠴᠡᠭ ᠪᠤᠯᠭᠠᠵᠤ᠂ ᠠᠮᠵᠢᠯᠲᠠ ᠤᠯᠤᠭᠰᠠᠨ ᠤ ᠳᠠᠷᠠᠭ᠎ᠠ | ᠲᠤᠷᠰᠢᠯᠭ᠎ᠠ ᠪᠠᠨ ᠳ᠋ᠦᠩᠨᠡᠨ᠂ ᠱᠠᠲᠤ ᠦᠶ᠎ᠡ ᠬᠤᠪᠢᠶᠠᠵᠤ ᠪᠥᠬᠦ ᠬᠤᠲᠠ ᠶᠢᠨ ᠬᠡᠪᠴᠢᠶᠡᠨ ᠳᠤ ᠳᠡᠯᠭᠡᠷᠡᠭᠦᠯᠦᠨ᠎ᠡ᠃ 2023 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠨᠢᠭᠡ ᠮᠦᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠢ ᠨᠡᠶᠢᠲᠡ 5—6 ᠪᠠᠶᠢᠭᠤᠯᠵᠤ᠂ ᠳᠠᠷᠠᠭ᠎ᠠ ᠨᠢ ᠠᠷᠠᠳ ᠲᠤ ᠳᠥᠭᠦᠮ | ᠦᠵᠡᠭᠦᠯᠬᠦ ᠠᠮᠢᠳᠤᠷᠠᠯ ᠤᠨ ᠲᠣᠭᠤᠷᠢᠭ ᠢ ᠵᠢᠯ ᠪᠦᠷᠢ ᠠᠳᠠᠭ ᠲᠠᠭᠠᠨ 10 ᠠᠴᠠ ᠳᠡᠭᠡᠭᠰᠢ ᠪᠠᠶᠢᠭᠤᠯᠵᠤ᠂ 2025 ᠣᠨ ᠪᠣᠯᠬᠤ ᠳᠤ ᠠᠷᠠᠳ ᠲᠤ ᠳᠥᠭᠦᠮ | ᠦᠵᠡᠭᠦᠯᠬᠦ ᠠᠮᠢᠳᠤᠷᠠᠯ ᠤᠨ ᠲᠣᠭᠤᠷᠢᠭ ᠢ 25—30 ᠪᠠᠶᠢᠭᠤᠯᠵᠤ᠂ ᠪᠠᠶᠢᠷᠢᠰᠢᠭᠤᠯᠤᠯ ᠨᠢ ᠵᠦᠢ ᠵᠣᠬᠢᠰᠲᠠᠶ᠂ ᠤᠶᠤᠨᠯᠢᠭ ᠳᠥᠭᠦᠮ ᠳᠥᠲᠡ᠂ ᠵᠢᠷᠤᠮᠵᠢᠯ ᠲᠠᠢ | ᠪᠥᠭᠡᠳ ᠡᠮᠬᠢ ᠳᠠᠷᠠᠭ᠎ᠠ ᠲᠠᠢ᠂ ᠦᠢᠯᠡᠴᠢᠯᠡᠭᠡᠨ ᠨᠢ ᠰᠢᠯᠢᠳᠡᠭ ᠬᠤᠲᠠ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠢ ᠪᠠᠶᠢᠭᠤᠯᠵᠤ᠂ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠦᠢᠯᠡᠰ ᠤᠨ ᠳᠦᠬᠦᠮᠴᠢᠯᠡᠭᠰᠡᠨ᠂ ᠪᠠᠷᠢᠮᠵᠢᠶᠠᠵᠢᠭᠰᠠᠨ᠂ ᠤᠶᠤᠨᠴᠢᠯᠠᠭᠰᠠᠨ᠂ ᠴᠢᠨᠠᠷᠵᠢᠭᠰᠠᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠲᠤᠷᠰᠢᠯᠲᠠ ᠶᠢᠨ ᠴᠡᠭ ᠤᠨ ᠣᠷᠣᠨ ᠪᠦᠰᠡ ᠶᠢᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ 90% ᠠᠴᠠ ᠳᠡᠭᠡᠭᠰᠢ ᠳᠤ ᠬᠦᠷᠭᠡᠨ᠎ᠡ᠃ | ᠳᠦᠷᠪᠡ᠂ ᠬᠡᠷᠡᠭᠵᠢᠭᠦᠯᠬᠦ ᠲᠥᠯᠥᠪᠯᠡᠭᠡ | ︽ᠨᠢᠭᠡ ᠵᠢᠯ ᠳᠤ ᠲᠤᠷᠰᠢᠯᠲᠠ ᠬᠢᠵᠦ᠂ ᠬᠤᠶᠠᠷ ᠵᠢᠯ ᠳᠤ ᠳᠡᠯᠭᠡᠷᠡᠭᠦᠯᠦᠨ᠂ ᠭᠤᠷᠪᠠᠨ ᠵᠢᠯ ᠳᠤ ᠬᠡᠪᠴᠢᠶᠡᠵᠢᠯ ᠢ ᠪᠦᠷᠢᠯᠳᠦᠭᠦᠯᠬᠦ︾ ᠠᠯᠬᠤᠮ ᠳᠠᠷᠠᠭ᠎ᠠ | ᠶᠣᠰᠣᠭᠠᠷ ᠨᠢᠭᠡ ᠮᠦᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ | ᠨᠢᠭᠡᠳᠦᠭᠡᠷ ᠱᠠᠲᠤ ᠦᠶ᠎ᠡ᠄ ᠡᠭᠦᠷᠭᠡ ᠪᠠᠶᠢᠷᠢᠯᠠᠭᠤᠯᠵᠤ᠂ ᠠᠵᠢᠯ ᠤᠨ ᠲᠥᠰᠦᠯ ᠨᠠᠶᠢᠷᠠᠭᠤᠯᠤᠨ ᠵᠤᠬᠢᠶᠠᠨ᠎ᠠ᠃ ︵2023 ᠣᠨ ᠤ 1 ᠰᠠᠷ᠎ᠠ — 3 ᠰᠠᠷ᠎ᠠ︶᠃ | ᠬᠤᠶᠠᠳᠤᠭᠠᠷ ᠱᠠᠲᠤ ᠦᠶ᠎ᠡ᠄ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠠᠮᠵᠢᠯᠲᠠ ᠤᠯᠤᠭᠰᠠᠨ ᠲᠤᠷᠰᠢᠯᠭ᠎ᠠ ᠪᠠᠨ ᠳ᠋ᠦᠩᠨᠡᠨ᠎ᠡ᠃ ︵2023 | ᠣᠨ ᠤ 3 ᠰᠠᠷ᠎ᠠ — 12 ᠰᠠᠷ᠎ᠠ︶᠃ | ᠭᠤᠷᠪᠠᠳᠤᠭᠠᠷ ᠱᠠᠲᠤ ᠦᠶ᠎ᠡ᠄ ᠪᠥᠬᠦ ᠲᠠᠯ᠎ᠠ ᠪᠠᠷ ᠳᠡᠯᠭᠡᠷᠡᠭᠦᠯᠵᠦ᠂ ᠬᠡᠪᠴᠢᠶᠡᠵᠢᠯ ᠢ ᠪᠦᠷᠢᠯᠳᠦᠭᠦᠯᠦᠨ᠎ᠡ᠃ ︵2024 ᠣᠨ ᠤ 1 ᠰᠠᠷ᠎ᠠ — 2025 | ᠣᠨ ᠤ 12 ᠰᠠᠷ᠎ᠠ︶᠃ | ᠲᠠᠪᠤ᠂ ᠭᠤᠣᠯᠳᠠᠯᠭ᠎ᠠ ᠲᠠᠢ ᠠᠵᠢᠯ | ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠠᠷ ᠭᠤᠤᠯ ᠪᠤᠯᠭᠠᠵᠤ᠂ ᠨᠡᠶᠢᠭᠡᠮ ᠤᠨ ᠬᠠᠷᠢᠯᠴᠠᠭ᠎ᠠ᠂ ᠰᠣᠶᠣᠯ᠂ ᠰᠡᠯᠡᠭᠦᠴᠡᠯ᠂ ᠨᠠᠰᠤᠲᠠᠨ ᠤ ᠠᠰᠠᠷᠠᠮᠵᠢ᠂ ᠠᠳᠠᠯ | ᠠᠬᠤᠢ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠴᠢᠳᠠᠮᠵᠢ ᠶᠢ ᠬᠠᠮᠲᠤ ᠳᠤᠨᠢ ᠬᠠᠷᠠᠭᠠᠯᠵᠠᠵᠤ᠂ ᠪᠦᠬᠦᠯᠢ ᠴᠣᠭᠴᠠ ᠪᠠ ᠬᠡᠰᠡᠭ ᠲᠠᠯ᠎ᠠ ᠶᠢ ᠵᠥᠪ ᠢᠶᠠᠷ | ᠰᠢᠢᠳᠪᠦᠷᠢᠯᠡᠵᠦ᠂ ᠬᠥᠭᠵᠢᠯᠲᠡ ᠬᠢᠭᠡᠳ ᠣᠷᠴᠢᠨ ᠲᠣᠭᠤᠷᠢᠨ ᠤ ᠬᠠᠷᠢᠴᠠᠭ᠎ᠠ᠂ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ | ᠬᠤᠳᠠᠯᠳᠤᠭᠠᠨ ᠤ ᠦᠢᠯᠡᠰ ᠤᠨ ᠲᠤᠤᠷ ᠴᠡᠭ ᠤᠨ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ ᠶᠢ ᠠᠬᠢᠭᠤᠯᠵᠤ᠂ ᠬᠤᠳᠠᠯᠳᠤᠭᠠᠨ ᠤ ᠦᠢᠯᠡᠰ ᠤᠨ ᠲᠥᠬᠦᠭᠡᠷᠦᠮᠵᠢ | ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠤᠯᠪᠣᠯᠳᠤᠯ᠂ ᠬᠤᠳᠠᠯᠳᠤᠭᠠᠨ ᠤ ᠦᠢᠯᠡᠰ ᠤᠨ ᠡᠵᠡᠩᠨᠡᠯᠲᠡ ᠪᠠ ᠨᠡᠶᠢᠭᠡᠮ ᠲᠣᠭᠤᠷᠢᠭ ᠤᠨ ᠵᠠᠰᠠᠯᠲᠠ ᠶᠢ | ᠨᠡᠪᠲᠡᠷᠡᠭᠦᠯᠵᠦ᠂ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠨᠢ ᠰᠠᠭᠤᠭᠠᠯᠢ ᠠᠷᠠᠳ ᠤᠨ ᠬᠡᠷᠡᠭᠴᠡᠭᠡ ᠲᠠᠢ ᠲᠤᠬᠢᠷᠠᠯᠴᠠᠵᠤ᠂ ︽ᠤᠷᠤᠰᠢᠨ ᠰᠠᠭᠤᠷᠢᠰᠢᠬᠤ ᠳᠤ | ᠲᠠᠭᠠᠯᠠᠮᠵᠢᠲᠠᠶ ᠣᠷᠣᠨ ᠰᠠᠭᠤᠴᠠ ᠶᠢᠨ ᠲᠣᠭᠤᠷᠢᠭ᠂ ᠳᠥᠭᠦᠮ ᠳᠥᠲᠡ ᠬᠡᠷᠡᠭᠯᠡᠭᠡᠨ ᠤ ᠲᠤᠭᠤᠷᠢᠭ᠂ ᠨᠠᠰᠤᠵᠢᠯ ᠤᠨ ᠦᠢᠯᠡᠴᠢᠯᠡᠬᠡᠨ ᠤ ᠲᠣᠭᠤᠷᠢᠭ᠂ ᠡᠮᠴᠢᠯᠡᠬᠡᠨ ᠤ | ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠲᠣᠭᠤᠷᠢᠭ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ᠂ ᠰᠣᠶᠣᠯ ᠢᠶᠠᠷ ᠠᠷᠠᠳ ᠢ ᠬᠠᠷᠠᠭᠠᠯᠵᠠᠬᠤ | ᠲᠤᠭᠤᠷᠢᠭ᠂ ᠰᠫᠣᠷᠲ ᠪᠡᠶ᠎ᠡ ᠴᠢᠬᠢᠷᠠᠭᠵᠢᠭᠤᠯᠬᠤ ᠲᠣᠭᠤᠷᠢᠭ᠂ ᠬᠠᠮᠲᠤ ᠪᠠᠷ ᠡᠳ᠋ᠯᠡᠬᠦ ᠠᠮᠢᠳᠤᠷᠠᠯ ᠤᠨ ᠲᠤᠭᠤᠷᠢᠭ︾ ᠢ ᠨᠢᠭᠡ ᠴᠤᠭᠴᠠᠵᠢᠭᠤᠯᠬᠤ᠂ ᠬᠤᠳᠠᠯᠳᠤᠭ᠎ᠠ | ᠣᠷᠣᠨ ᠰᠠᠭᠤᠴᠠ ᠶᠢᠨ ᠡᠶ᠎ᠡ ᠵᠣᠬᠢᠴᠠᠩᠭᠤᠶ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠢ ᠬᠦᠴᠦᠯᠡᠨ ᠪᠠᠶᠢᠭᠤᠯᠤᠨ᠎ᠠ᠃ | ᠤᠷᠤᠰᠢᠨ ᠰᠠᠭᠤᠬᠤ ᠳᠤ ᠲᠠᠭᠠᠯᠠᠮᠵᠢᠲᠠᠶ ᠪᠦᠭᠡᠳ ᠲᠤᠬᠢᠷᠠᠮᠵᠢᠳᠠᠢ ᠣᠷᠣᠨ ᠰᠠᠭᠤᠴᠠ ᠶᠢᠨ ᠲᠤᠭᠤᠷᠢᠭ ᠪᠠᠶᠢᠭᠤᠯᠤᠨ᠎ᠠ᠃ | ᠳᠥᠭᠦᠮ ᠳᠥᠲᠡ ᠬᠡᠷᠡᠭᠯᠡᠭᠡᠨ ᠤ ᠲᠤᠭᠤᠷᠢᠭ ᠢ ᠴᠣᠭᠴᠠᠯᠠᠨ᠎ᠠ᠃ | ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ | ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ | ᠣᠯᠠᠨ ᠨᠡᠶᠢᠲᠡ ᠶᠢᠨ ᠦᠢᠯᠡᠴᠢᠯᠡᠬᠡᠨ ᠤ ᠲᠣᠭᠤᠷᠢᠭ ᠢ ᠪᠠᠶᠢᠭᠤᠯᠤᠨ᠎ᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠤᠭᠤᠷᠢᠭ ᠢ ᠴᠣᠭᠴᠠᠯᠠᠨ᠎ᠠ᠃ | ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠲᠣᠭᠤᠷᠢᠭ ᠢ ᠪᠠᠶᠢᠭᠤᠯᠤᠨ᠎ᠠ᠃ | ᠬᠠᠮᠲᠤ ᠪᠠᠷ ᠡᠳ᠋ᠯᠡᠬᠦ ᠠᠮᠢᠳᠤᠷᠠᠯ ᠤᠨ ᠲᠤᠭᠤᠷᠢᠭ ᠢ ᠴᠣᠭᠴᠠᠯᠠᠨ᠎ᠠ᠃ | | |