1. ᠲᠥᠷᠦ ᠶᠢᠨ ᠬᠡᠷᠡᠭ ᠲᠤ ᠪᠡᠶ᠎ᠡ ᠪᠦᠬᠡ ᠪᠦᠬᠡᠰᠦ ᠭᠠᠭᠴᠠ ᠶᠢ ᠢᠯᠠᠨ᠎ᠠ᠃ ᠰᠡᠳᠭᠢᠯ ᠪᠦᠬᠡ ᠪᠦᠬᠡᠰᠦ ᠪᠦᠭᠦᠳᠡ ᠶᠢ ᠢᠯᠠᠨ᠎ᠠ᠃ | 2. ᠲᠥᠷᠦ ᠤᠯᠤᠰ ᠤᠨ ᠬᠠᠭᠠᠨ ᠪᠣᠯ ᠶᠡᠷᠦ ᠶᠢᠨ ᠵᠡᠷᠭᠡ ᠬᠡᠷᠬᠢᠮ ᠲᠠᠢ ᠠᠳᠠᠯᠢ ᠦᠭᠡᠢ ᠲᠤᠯᠠ ᠡᠩ ᠤᠨ ᠨᠢᠭᠡ ᠬᠡᠯᠡᠵᠦ᠂ ᠬᠡᠯᠡᠭᠳᠡᠵᠦ ᠶᠠᠭᠠᠬᠢᠨ ᠪᠣᠯᠣᠨ᠎ᠠ᠂ | ᠣᠯᠠᠨ ᠤ ᠰᠡᠳᠭᠢᠯ ᠲᠡᠭᠦᠨ ᠢ ᠬᠠᠭᠠᠨ ᠮᠡᠲᠦ ᠦᠵᠡᠵᠦ ᠪᠠᠶᠢᠪᠠᠯ ᠲᠡᠷᠡ ᠬᠠᠭᠠᠨ ᠮᠦᠨ᠃ | 3. ᠬᠡᠷᠪᠡ ᠲᠡᠷᠢᠭᠦᠨ ᠪᠣᠯᠴᠢᠬᠠᠭᠠᠳ ᠬᠠᠭᠠᠨ ᠤ ᠶᠠᠪᠤᠳᠠᠯ ᠢᠶᠠᠷ ᠶᠠᠪᠤᠵᠤ ᠡᠰᠡ ᠬᠠᠭᠠᠨ ᠪᠣᠯᠵᠤ ᠶᠠᠭᠤ ᠬᠢᠨ᠎ᠡ᠂ ᠲᠥᠮᠡᠨ ᠤ ᠰᠢᠪᠰᠢᠭ᠃ | 4. ᠮᠡᠬᠦ᠋ᠢᠨ ᠪᠠᠶᠠᠰᠬᠤ ᠨᠢ ᠡᠨᠡ ᠳᠡᠯᠡᠬᠡᠢ ᠳᠠᠬᠢᠨ ᠨᠢᠭᠡᠨ ᠭᠡᠷ ᠪᠦᠯᠢ ︵ᠮᠡᠲᠦ︶ ᠪᠣᠯᠵᠤ᠂ ᠲᠥᠪ ᠲᠥᠪᠰᠢᠨ ᠡᠩᠬᠡ ᠠᠮᠤᠭᠤᠯᠠᠩ ᠪᠣᠯᠪᠠᠰᠤ ᠰᠠᠶ᠋ᠢ ᠮᠢᠨᠤ | ᠪᠠᠶᠠᠰᠤᠯ ᠢᠷᠡᠨ᠎ᠡ᠂ ᠡᠷᠭᠢᠨ ᠲᠣᠭᠤᠷᠢᠨ ᠶᠣᠰᠣ ᠪᠣᠰᠤ ᠣᠯᠠᠨ ᠬᠠᠭᠠᠳ ᠪᠠᠶᠢᠨ᠎ᠠ᠂ ᠲᠡᠳᠡ ᠡᠷᠬᠡ ᠳᠤᠷ᠎ᠠ ᠪᠠᠷ ᠢᠶᠠᠨ ᠠᠭᠠᠰᠢᠯᠠᠨ᠂ ᠣᠯᠠᠨ ᠠᠮᠢᠲᠠᠨ ᠢ ᠶᠡᠭᠡ | ᠵᠣᠪᠠᠭᠠᠵᠤᠮ᠃ ᠦᠷᠭᠦᠯᠵᠢ ᠪᠠᠶᠢᠯᠳᠤᠭᠠᠨ ᠡᠭᠦᠰᠭᠡᠵᠦ᠂ ᠬᠦᠮᠦᠨ ᠤ ᠦᠬᠦᠬᠦ ᠶᠢ ᠡᠯᠡᠰᠦ ᠬᠡᠶᠢᠰᠭᠡᠬᠦ ᠲᠠᠢ ᠠᠳᠠᠯᠢ ᠪᠣᠯᠵᠠᠢ᠃ ᠡᠶᠢᠮᠦ ᠠᠴᠠ ᠪᠢ ᠲᠡᠳᠡᠨ ᠢ | ᠨᠣᠮᠣᠬᠠᠷᠠᠭᠤᠯᠵᠤ ᠳᠡᠯᠡᠬᠡᠢ ᠨᠡᠶᠢᠲᠡ ᠪᠠᠷ ᠡᠩᠬᠡ ᠲᠥᠪᠰᠢᠨ ᠪᠣᠯᠭᠠᠬᠤ ᠪᠣᠳᠣᠯ ᠲᠠᠢ ᠪᠠᠶᠢᠨ᠎ᠠ᠃ ᠡᠭᠦᠨ ᠢ ᠬᠢᠵᠦ ᠴᠢᠳᠠᠪᠠᠯ ᠳᠡᠭᠡᠳᠦ ᠲᠡᠭᠷᠢ ᠳᠤ ᠭᠠᠪᠢᠶ᠎ᠠ ᠲᠠᠢ᠃᠂ | ᠳᠣᠣᠷᠠᠳᠤ ᠬᠦᠮᠦᠨ ᠳᠤ ᠥᠷᠦᠰᠢᠶᠡᠯ ᠪᠣᠯᠬᠤ ᠪᠢᠯᠡ᠃ | 5. ᠬᠤᠣᠷᠲᠠᠨ ᠮᠠᠭᠤ ᠶᠢ ᠰᠠᠶᠢᠲᠤᠷ ᠵᠠᠰᠠᠵᠤ᠂ ᠬᠤᠲᠠᠯᠠ ᠤᠯᠤᠰ ᠢ ᠢᠮᠠᠭᠲᠠ ᠬᠠᠮᠠᠭᠠᠯᠠᠭᠲᠤᠨ᠃ | | | |