ᠬᠢᠩᠭᠠᠨ ᠠᠶᠢᠮᠠᠭ ᠤᠨ ᠣᠯᠠᠭᠠᠨᠬᠤᠲᠠ ᠶᠢᠨ ᠠᠷᠤ ᠶᠢᠨ ᠠᠭᠤᠯᠠᠨ ᠲᠡᠭᠡᠷ᠎ᠡ ᠪᠠᠶᠢᠷᠢᠯᠠᠵᠤ ᠪᠠᠶᠢᠭ᠎ᠠ ᠴᠢᠩᠭᠢᠰ ᠤᠨ ᠰᠦᠮ᠎ᠡ ᠪᠤᠯ ᠳᠡᠯᠡᠬᠡᠢ ᠶᠢ ᠪᠠᠶᠢᠯᠲᠤᠨ | ᠲᠠᠭᠠᠭᠤᠯᠤᠬᠰᠠᠨ ᠴᠢᠩᠭᠢᠰ ᠬᠠᠭᠠᠨ ᠢ ᠲᠤᠷᠠᠰᠬᠠᠬᠤ ᠪᠠᠷ ᠪᠠᠶᠢᠭᠤᠯᠤᠬᠰᠠᠨ ᠳᠡᠯᠡᠬᠡᠢ ᠳᠤ ᠬᠤᠤᠰ ᠦᠭᠡᠢ ᠰᠦᠮ᠎ᠡ ᠪᠤᠯᠤᠨ᠎ᠠ᠃ ᠳᠤᠰ ᠰᠦᠮ᠎ᠡ ᠶᠢ 1940 ᠤᠨ ᠤ | 5 ᠰᠠᠷ᠎ᠠ ᠳᠤ ᠡᠬᠢᠯᠡᠨ ᠪᠠᠶᠢᠭᠤᠯᠵᠤ᠂ 1944 ᠤᠨ ᠤ 10 ᠰᠠᠷ᠎ᠠ ᠳᠤ ᠪᠠᠶᠢᠭᠤᠯᠵᠤ ᠳᠠᠭᠤᠰᠬᠠᠵᠠᠢ᠃ ᠪᠦᠬᠦ ᠲᠠᠯᠠᠪᠠᠢ ᠨᠢ 6.8 ᠳᠦᠮᠡᠨ ᠳᠡᠭᠰᠢ ᠳᠦᠷᠪᠡᠯᠵᠢᠨ | ᠮᠧᠲᠷ ᠪᠠᠶᠢᠲᠠᠭ᠃ | ᠰᠦᠮ᠎ᠡ ᠶᠢᠨ ᠪᠦᠬᠦ᠋ᠢᠯᠡ ᠪᠠᠷᠢᠯᠭ᠎ᠠ ᠶᠢ ᠬᠢᠲᠠᠳ ᠪᠠᠷᠢᠯᠭ᠎ᠠ ᠶᠢᠨ ᠳᠡᠩᠭᠡᠯᠢᠭ ᠱᠣᠭᠤᠮ ᠲᠠᠭᠠᠭᠤᠯᠤᠨ ᠳᠡᠩᠴᠡᠬᠦᠯᠵᠦ ᠪᠠᠶᠢᠷᠢᠰᠢᠭᠤᠯᠬᠤ ᠠᠷᠭ᠎ᠠ ᠶᠢ ᠬᠡᠷᠡᠭᠯᠡᠵᠦ᠂ | ᠳᠤᠮᠳᠠᠳᠦ ᠪᠠᠷᠢᠯᠭ᠎ᠠ ᠶᠢ ᠦᠨᠳᠦᠷ᠂ ᠬᠤᠶᠠᠷ ᠲᠠᠯ᠎ᠠ ᠶᠢᠨ ᠪᠠᠷᠢᠯᠭ᠎ᠠ ᠶᠢ ᠨᠠᠮ ᠪᠠᠶᠢᠯᠭᠠᠬᠤ ᠬᠡᠪ ᠢᠶᠠᠷ ᠪᠠᠷᠢᠵᠠᠢ᠃ ᠳᠤᠮᠳᠠᠬᠢ ᠭᠤᠤᠯ ᠳᠤᠭᠠᠩ ᠦᠨᠳᠦᠷ ᠢᠶᠠᠷ ᠢᠶᠠᠨ | 28 ᠮᠧᠳ᠋ᠷ᠂ ᠬᠤᠶᠠᠷ ᠵᠢᠬᠦᠷ ᠤᠨ ᠳᠤᠭᠠᠩ ᠨᠢ 16.62 ᠮᠧᠲᠷ᠂ ᠪᠠᠷᠢᠯᠭ᠎ᠠ ᠶᠢᠨ ᠲᠠᠯᠠᠪᠠᠢ ᠨᠢ 822 ᠳᠡᠭᠰᠢ ᠳᠦᠷᠪᠡᠯᠵᠢᠨ ᠮᠧᠲᠷ ᠪᠠᠶᠢᠲᠠᠭ᠃ ᠪᠠᠷᠢᠯᠭ᠎ᠠ ᠶᠢᠨ | ᠭᠤᠤᠯ ᠴᠤᠭᠴᠠ ᠨᠢ ᠳᠦᠷᠪᠡᠯᠵᠢᠨ ᠬᠠᠶᠠᠭᠠᠨ ᠤ ᠳᠡᠭᠡᠷ᠎ᠡ ᠪᠦᠮᠪᠦᠷᠢᠭᠡᠨ ᠤᠷᠤᠢ ᠲᠠᠢ᠂ ᠳᠡᠭᠡᠪᠦᠷ ᠢ ᠨᠤᠭᠤᠭᠠᠨ ᠸᠠᠭᠠᠷ ᠢᠶᠠᠷ ᠸᠠᠭᠠᠷᠯᠠᠵᠤ᠂ ᠬᠡᠷᠡᠮ ᠢ ᠨᠢ ᠴᠠᠭᠠᠨ ᠢᠶᠠᠷ | ᠦᠩᠭᠡᠯᠡᠵᠡᠢ᠃ | ᠳᠤᠰ ᠪᠠᠷᠢᠯᠭ᠎ᠠ ᠮᠤᠩᠭᠤᠯ ᠳᠦᠪᠡᠳ ᠬᠢᠲᠠᠳ ᠪᠠᠷᠢᠯᠭ᠎ᠠ ᠶᠢᠨ ᠤᠨᠴᠠᠯᠢᠭ ᠢ ᠨᠡᠶᠢᠯᠡᠬᠦᠯᠵᠦ ᠰᠠᠶᠢᠬᠠᠨ ᠬᠠᠷᠠᠭᠤᠯᠤᠬᠰᠠᠨ ᠶᠤᠮ᠃ ᠶᠡᠭᠡ ᠲᠤᠭᠠᠩ ᠤᠨ ᠳᠦᠪ | ᠳᠤᠮᠳᠠ ᠪᠠᠶᠢᠭ᠎ᠠ ᠭᠠᠨᠳᠢᠭ ᠰᠠᠭᠤᠷᠢᠨ ᠳᠡᠭᠡᠷ᠎ᠡ ᠴᠢᠩᠬᠢᠰ ᠬᠠᠭᠠᠨ ᠤ ᠰᠠᠭᠤᠭ᠎ᠠ ᠬᠦᠷᠦᠭ ᠢ 2.8 ᠮᠧᠲᠷ ᠦᠨᠳᠦᠷ ᠱᠣᠭᠤᠵᠣ ᠲᠠᠯᠪᠢᠵᠠᠢ᠂ ᠳᠤᠰ ᠱᠣᠭᠤᠮᠠᠯ ᠢ ᠪᠤᠯ | 2.6 ᠳᠤᠨ ᠭᠠᠤᠯᠢ ᠪᠠᠷ ᠪᠦᠳᠦᠭᠡᠭᠰᠡᠨ ᠶᠤᠮ᠃ ᠱᠣᠭᠤᠮᠠᠯ ᠤᠨ ᠬᠤᠶᠠᠷ ᠲᠠᠯ᠎ᠠ ᠳᠤ ᠶᠤᠸᠠᠨ ᠤᠯᠤᠰ ᠤᠨ ᠦᠶ᠎ᠡ ᠶᠢᠨ ᠵᠡᠷ ᠵᠡᠪᠰᠡᠭ ᠢ ᠳᠠᠯᠪᠢᠵᠤ᠂ ᠪᠠᠷᠠᠭᠤᠨ ᠵᠡᠬᠦᠨ | ᠬᠤᠶᠠᠷ ᠵᠢᠬᠦᠷ ᠤᠨ ᠲᠤᠭᠠᠩ ᠳᠤ ᠶᠤᠸᠠᠨ ᠤᠯᠤᠰ ᠤᠨ ᠦᠶ᠎ᠡ ᠶᠢᠨ ᠬᠤᠪᠴᠠᠰᠦ ᠵᠠᠰᠠᠯ᠂ ᠪᠢᠴᠢᠭ ᠰᠡᠯᠲᠡ᠂ ᠡᠳ᠋ᠯᠡᠯ ᠬᠡᠷᠡᠭᠰᠡᠯ ᠵᠡᠷᠭᠡ ᠶᠢ ᠳᠡᠯᠭᠡᠨ ᠦᠵᠡᠬᠦᠯᠵᠦ | ᠪᠠᠶᠢᠨ᠎ᠠ᠃ ᠳᠤᠭᠠᠩ ᠨᠤᠭᠤᠳ ᠤᠨ ᠠᠲᠠᠷ ᠲᠡᠭᠡᠷ᠎ᠡ ᠮᠤᠩᠭᠤᠯ ᠬᠡ ᠤᠭᠠᠯᠵᠠ ᠵᠢᠷᠤᠵᠤ᠂ ᠭᠠᠵᠠᠷ ᠲᠡᠭᠡᠷ᠎ᠡ ᠬᠤᠸᠠᠷᠲᠠᠢ ᠬᠡᠪᠢᠰ ᠳᠡᠪᠢᠰᠴᠠᠢ᠃ | ᠲᠤᠭᠠᠩ ᠤᠨ ᠬᠠᠨᠠᠨ ᠵᠢᠷᠤᠭ ᠲᠤ ᠴᠢᠩᠬᠢᠰ ᠬᠠᠭᠠᠨ ᠤ ᠦᠰᠴᠦ ᠪᠤᠶᠢᠵᠢᠬᠰᠠᠨ ᠶᠠᠪᠤᠴᠠ ᠪᠤᠯᠤᠨ ᠠᠪᠢᠶᠠᠰ ᠴᠢᠲᠠᠪᠤᠷᠢ ᠶᠢ ᠦᠵᠡᠬᠦᠯᠵᠦ᠂ ᠳᠡᠬᠦᠨ ᠤ | ᠪᠠᠭᠠᠲᠤᠷ ᠴᠡᠷᠢᠭ ᠢᠶᠠᠨ ᠲᠠᠭᠠᠭᠤᠯᠤᠨ ᠪᠠᠶᠢᠯᠲᠤᠨ ᠶᠠᠪᠤᠵᠤ᠂ ᠶᠤᠸᠠᠨ ᠤ ᠳᠦᠷᠦ ᠶᠢ ᠴᠤᠭᠴᠠᠯᠠᠬᠰᠠᠨ ᠶᠠᠪᠤᠴᠠ ᠶᠢ ᠬᠠᠷᠠᠭᠤᠯᠵᠠᠢ᠃ | | | | |