ᠮᠠᠨ ᠤ ᠣᠷᠣᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠦᠷᠦᠯ ᠵᠦᠢᠯ ᠢ ᠬᠡᠷᠡᠭᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2023/8/11
       ︽ᠬᠠᠮᠲᠤ ᠰᠤᠷᠤᠬᠴᠢᠳ ᠬᠢᠴᠢᠶᠡᠯ ᠳᠠᠬᠢ ᠬᠦᠨᠳᠦ ᠦᠭᠡᠰ ᠢ ᠥᠨᠳᠥᠷ ᠳᠠᠭᠤᠨ ᠢᠶᠠᠷ ᠤᠩᠰᠢᠭᠠᠷᠠᠢ ᠁ ᠵᠠ᠂ ᠵᠠᠯᠭᠠᠭᠠᠳ ᠰᠡᠶᠢᠷᠡᠭᠦᠯᠵᠦ ᠪᠣᠯᠪᠠᠰᠤᠷᠠᠨ᠎ᠠ︾ ᠵᠣᠣ ᠸᠧᠨ ᠯᠢᠨ ᠪᠠᠭᠰᠢ ᠡᠩ ᠤᠨ ᠨᠢᠭᠡᠨ ᠬᠡᠯᠡ ᠪᠢᠴᠢᠭ ᠤᠨ ᠬᠢᠴᠢᠶᠡᠯ ᠳᠡᠭᠡᠷ᠎ᠡ ᠰᠣᠷᠣᠬᠴᠢ ᠪᠠᠨ ᠳᠠᠭᠠᠭᠤᠯᠤᠨ ᠬᠦᠨᠳᠦ ᠦᠭᠡᠰ ᠰᠤᠷᠴᠤ ᠪᠠᠶᠢᠪᠠ᠂ ᠲᠡᠷᠡ ᠭᠠᠷ ᠲᠠᠬᠢ ᠬᠠᠪᠲᠠᠰᠤᠨ ᠺᠤᠮᠫᠢᠦ᠋ᠲ᠋ᠧᠷ ᠢᠶᠠᠨ ᠬᠥᠩᠭᠡᠬᠡᠨ ᠲᠣᠪᠴᠢᠳᠠᠬᠤ ᠳᠤ᠂ ᠦᠭᠡ ᠥᠰᠥᠭ ᠢ ᠰᠣᠨᠣᠰᠴᠤ  ᠪᠢᠴᠢᠬᠦ ᠤᠩᠰᠢᠵᠤ ᠪᠢᠴᠢᠬᠦ ᠪᠣᠯᠪᠠᠰᠤᠷᠠᠯ ᠤᠨ ᠠᠭᠤᠯᠭ᠎ᠠ ᠨᠢᠭᠡ ᠯᠡ ᠳᠠᠷᠤᠪᠴᠢ ᠪᠠᠷ ᠰᠣᠷᠣᠬᠴᠢ ᠨᠢᠭᠡᠪᠦᠷᠢ ᠶᠢᠨ ᠭᠠᠷ ᠲᠠᠬᠢ ᠬᠠᠪᠲᠠᠰᠤᠨ ᠺᠤᠮᠫᠢᠦ᠋ᠲ᠋ᠧᠷ ᠳᠡᠭᠡᠷ᠎ᠡ ᠳᠠᠮᠵᠢᠭᠳᠠᠨ᠎ᠠ᠃ ᠰᠣᠷᠣᠬᠴᠢ ᠬᠠᠷᠢᠭᠤᠯᠲᠠ ᠪᠠᠨ ᠲᠤᠰᠢᠶᠠᠭᠰᠠᠨ ᠤ ᠳᠠᠷᠠᠭ᠎ᠠ᠂ ᠵᠣᠣ ᠪᠠᠭᠰᠢ ᠶᠢᠨ ᠬᠠᠪᠲᠠᠰᠤᠨ ᠺᠤᠮᠫᠢᠦ᠋ᠲ᠋ᠧᠷ ᠳᠡᠭᠡᠷ᠎ᠡ ᠲᠡᠷᠡ ᠳᠠᠷᠤᠢ ᠳᠤᠨᠢ ᠦᠭᠡ ᠥᠰᠥᠭ ᠤᠨ ᠠᠪᠢᠶᠠᠯᠠᠭ᠎ᠠ᠂ ᠪᠢᠴᠢᠵᠦ ᠳᠠᠭᠤᠰᠬᠠᠭᠰᠠᠨ ᠨᠣᠷᠮ᠎ᠠ᠂ ᠵᠥᠪ ᠣᠨᠣᠪᠴᠢ ᠶᠢᠨ ᠨᠣᠷᠮ᠎ᠠ ᠵᠡᠷᠭᠡ ᠨᠠᠷᠢᠨ ᠲᠣᠳᠣᠷᠬᠠᠢ ᠲᠤᠭ᠎ᠠ ᠪᠠᠷᠢᠮᠲᠠ ᠶᠢᠨ ᠵᠠᠳᠠᠯᠤᠯᠲᠠ ᠢᠯᠡᠷᠡᠳᠡᠭ᠃ ᠡᠶᠢᠮᠦᠷᠬᠦᠦ ᠣᠶᠤᠨᠲᠤ ᠬᠢᠴᠢᠶᠡᠯ ᠤᠨ ᠲᠠᠩᠬᠢᠮ ᠨᠢ ᠣᠷᠳᠣᠰ ᠬᠤᠲᠠ ᠶᠢᠨ ᠣᠲᠤᠭ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠮᠠᠰᠢ ᠡᠩ ᠤᠨ ᠪᠠᠶᠢᠳᠠᠭ᠃       ᠮᠠᠨ ᠤ ᠣᠷᠣᠨ ᠳᠤ᠂ ᠨᠠᠩ ᠣᠯᠠᠨ ᠪᠠᠭᠰᠢ ᠰᠤᠷᠤᠬᠴᠢᠳ ᠡᠨᠡ ᠬᠦ ᠣᠶᠤᠨᠲᠤ ᠬᠢᠴᠢᠶᠡᠯ ᠤᠨ ᠲᠠᠩᠬᠢᠮ ᠠᠴᠠ ᠠᠰᠢᠭ ᠬᠦᠷᠲᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢᠬᠢ ᠶᠠᠯᠢᠮ ᠦᠭᠡᠢ ᠬᠤᠪᠢᠷᠠᠯᠲᠠ ᠶᠢ ᠦᠨᠡᠨ ᠬᠦ ᠣᠶᠢᠯᠠᠭᠠᠵᠤ ᠮᠠᠲᠠᠵᠠᠢ᠃ 2022 ᠣᠨ ᠤ 5 ᠰᠠᠷ᠎ᠠ ᠳᠤ᠂ ᠥᠪᠥᠷ ᠮᠣᠩᠭᠤᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠦᠷᠦᠯ ᠵᠦᠢᠯ ᠢ ᠡᠬᠢᠯᠡᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠣᠶᠤᠨᠴᠢ ᠲᠤᠰᠠᠯᠠᠬᠤ ᠪᠠᠭᠰᠢ ᠶᠢᠨ ᠰᠢᠰᠲ᠋ᠧᠮ ᠢ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠰᠡᠳᠦᠪᠲᠦ ᠬᠢᠴᠢᠶᠡᠯ ᠤᠨ ᠲᠠᠩᠬᠢᠮ ᠢ ᠪᠠᠶᠢᠭᠤᠯᠵᠤ᠂ ᠪᠠᠭᠰᠢ ᠶᠢᠨ ᠣᠶᠤᠨᠴᠢ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠰᠬᠠᠢ ᠬᠠᠷᠢᠶᠠᠯᠠᠭᠳᠠᠬᠤ ᠰᠤᠷᠭᠠᠨ ᠬᠥᠮᠦᠵᠢᠯ ᠤᠨ ᠡᠬᠢ ᠪᠠᠶᠠᠯᠢᠭ ᠵᠡᠷᠭᠡ ᠶᠢ ᠨᠡᠭᠡᠭᠡᠨ ᠬᠥᠭᠵᠢᠭᠦᠯᠪᠡ᠃ ᠡᠨᠡ ᠵᠢᠯ ᠤᠨ 5 ᠰᠠᠷ᠎ᠠ ᠪᠤᠯᠲᠠᠯ᠎ᠠ᠂ ᠳᠡᠭᠡᠭᠰᠢᠯᠡᠭᠦᠯᠭᠦ ᠲᠥᠷᠥᠯ ᠵᠦᠢᠯ ᠨᠢ ᠨᠢᠭᠡᠨᠲᠡ ᠬᠠᠮᠢᠶ᠎ᠠ ᠪᠦᠬᠦᠢ ᠬᠠᠲᠠᠭᠤ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠭᠦ ᠣᠷᠣᠨ ᠤ 12 ᠠᠶᠢᠮᠠᠭ ᠬᠤᠲᠠ ᠶᠢᠨ 347 ᠳᠤᠮᠳᠠᠳᠤ ᠪᠠᠭ᠎ᠠ ᠰᠤᠷᠭᠠᠭᠤᠯᠢ᠂ 2521 ᠬᠡᠦᠬᠡᠳ ᠤᠨ ᠴᠡᠴᠡᠷᠯᠢᠭ ᠢ ᠬᠠᠮᠤᠷᠴᠠᠢ᠃       ᠬᠠᠲᠠᠭᠤ ᠲᠤᠨᠤᠭ ᠢ ᠪᠠᠶᠢᠭᠤᠯᠵᠤ ᠳᠠᠭᠤᠰᠴᠠᠢ᠂ ᠲᠡᠭᠡᠪᠡᠯ ᠬᠡᠷᠬᠢᠨ ᠬᠡᠷᠡᠭᠯᠡᠬᠦ ᠪᠤᠢ᠂ ᠬᠡᠷᠬᠢᠨ ᠰᠠᠶᠢᠨ ᠬᠡᠷᠡᠭᠯᠡᠬᠦ ᠪᠤᠢ︖ ᠡᠨᠡ ᠪᠣᠯ ᠳᠡᠭᠡᠭᠰᠢᠯᠡᠭᠦᠯᠭᠦ ᠲᠦᠷᠦᠯ ᠵᠦᠢᠯ ᠤᠨ ᠨᠢᠳᠦᠨ ᠡᠮᠦᠨᠡᠬᠢ ᠬᠠᠮᠤᠭ ᠤᠨ ᠴᠢᠬᠤᠯᠠ ᠠᠰᠠᠭᠤᠳᠠᠯ ᠪᠣᠯᠣᠨ᠎ᠠ᠃       ᠲᠥᠷᠥᠯ ᠵᠦᠢᠯ ᠤᠨ ᠳᠠᠷᠠᠭᠠᠴᠢ ᠶᠢᠨ ᠭᠦᠨᠵᠡᠭᠡᠢ ᠬᠡᠷᠡᠭᠯᠡᠯᠲᠡ ᠬᠢᠭᠡᠳ ᠠᠭᠢᠭᠤᠯᠤᠯᠲᠠ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠭᠦ ᠣᠷᠣᠨ ᠤ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠵᠢᠭᠠᠨ ᠰᠤᠳᠤᠯᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠱᠠᠲᠤᠨ ᠤ ᠲᠥᠷᠥᠯ ᠵᠦᠢᠯ ᠤᠨ ᠵᠢᠭᠠᠨ ᠰᠤᠳᠤᠯᠬᠤ 98 ᠲᠤᠰᠬᠠᠢ ᠮᠡᠷᠭᠡᠵᠢᠯᠲᠡᠨ ᠢ ᠰᠢᠯᠢᠨ ᠰᠣᠩᠭᠤᠬᠤ ᠶᠢᠨ ᠬᠠᠮᠲᠤ ᠵᠢᠭᠠᠨ ᠰᠤᠳᠤᠯᠬᠤ ᠲᠤᠰᠬᠠᠢ ᠮᠡᠷᠭᠡᠵᠢᠯᠲᠡᠨ ᠤ ᠪᠣᠯᠪᠠᠰᠤᠷᠠᠯ ᠬᠢᠵᠦ᠂ ᠲᠤᠰᠬᠠᠢ ᠮᠡᠷᠭᠡᠵᠢᠯᠲᠡᠨ ᠤ ᠪᠦᠯᠭᠦᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢ ᠠᠬᠢᠭᠤᠯᠬᠤ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠪᠠ᠃       ᠪᠤᠭᠤᠲᠤ ᠬᠤᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠵᠢᠭᠠᠨ ᠰᠤᠳᠤᠯᠤᠭᠴᠢ ᠵᠠᠩ ᠺᠦᠨ ᠳᠡᠭᠡᠭᠰᠢᠯᠡᠭᠦᠯᠭᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠪᠠ᠂ ᠲᠡᠷᠡ ᠪᠣᠯ ᠰᠣᠩᠭᠤᠭᠳᠠᠭᠰᠠᠨ ᠵᠢᠭᠠᠨ ᠰᠤᠳᠤᠯᠬᠤ ᠲᠤᠰᠬᠠᠢ ᠮᠡᠷᠭᠡᠵᠢᠯᠲᠡᠨ ᠪᠣᠯᠣᠨ᠎ᠠ᠂ ᠲᠡᠷᠡ᠄ ︽ᠲᠤᠰ ᠲᠥᠷᠥᠯ ᠵᠦᠢᠯ ᠤᠨ ᠪᠠᠭᠰᠢ ᠶᠢᠨ ᠵᠢᠭᠠᠨ ᠰᠤᠷᠭᠠᠯᠲᠠ᠂ ᠵᠢᠭᠠᠨ ᠰᠤᠳᠤᠯᠤᠭᠴᠢ ᠶᠢᠨ ᠰᠤᠳᠤᠯᠭᠠᠨ᠂ ᠰᠤᠷᠤᠬᠴᠢᠳ ᠤᠨ ᠰᠤᠷᠤᠯᠭ᠎ᠠ ᠶᠢᠨ ᠲᠠᠯ᠎ᠠ ᠳᠤ ᠬᠠᠩᠭᠠᠭᠰᠠᠨ ᠡᠬᠢ ᠪᠠᠶᠠᠯᠢᠭ ᠮᠠᠰᠢ ᠡᠯᠪᠡᠭ᠂ ᠬᠤᠶᠢᠰᠢᠳᠠ ᠪᠠᠭᠰᠢ ᠰᠤᠷᠤᠬᠴᠢᠳ ᠢ ᠵᠢᠯᠣᠭᠤᠳᠤᠨ ᠲᠥᠷᠥᠯ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠬᠤ ᠶᠢ ᠬᠦᠰᠡᠵᠦ ᠪᠠᠶᠢᠨ᠎ᠠ᠂ ᠡᠨᠡ ᠨᠢ ᠪᠠᠰᠠ ᠴᠤ ᠪᠢᠳᠡᠨ ᠤ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠣᠨ᠎ᠠ︾ᠭᠡᠪᠡ᠃       ᠡᠭᠦᠨ ᠤ ᠬᠠᠮᠲᠤ᠂ ᠬᠠᠮᠢᠶ᠎ᠠ ᠪᠦᠬᠦᠢ ᠪᠠᠭᠰᠢ ᠶᠢᠨ ᠪᠣᠯᠪᠠᠰᠤᠷᠠᠯ ᠭᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ 6 ᠰᠠᠷ᠎ᠠ ᠶᠢᠨ 30 ᠤ ᠡᠳᠦᠷ᠂ ᠲᠦᠩᠯᠢᠶᠣᠣ ᠬᠤᠲᠠ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠤᠨ ᠠᠩᠭᠢ ᠲᠡᠭᠦᠰᠬᠦ ᠶᠣᠰᠣᠯᠠᠯ ᠶᠠᠪᠤᠭᠤᠯᠵᠤ᠂ 2022 ᠣᠨ ᠤ 12 ᠰᠠᠷ᠎ᠠ ᠠᠴᠠ ᠡᠬᠢᠯᠡᠭᠰᠡᠨ ᠡᠨᠡ ᠬᠦ ᠪᠣᠯᠪᠠᠰᠤᠷᠠᠯ ᠲᠦᠷ ᠥᠨᠳᠥᠷᠯᠡᠪᠡ᠃ ᠬᠠᠭᠠᠰ ᠵᠢᠯ ᠭᠠᠷᠤᠢ ᠶᠢᠨ ᠪᠣᠯᠪᠠᠰᠤᠷᠠᠯ ᠳᠤ᠂ ᠲᠦᠩᠯᠢᠶᠣᠣ ᠬᠤᠲᠠ ᠶᠢᠨ 9 ᠬᠤᠰᠢᠭᠤ ᠰᠢᠶᠠᠨ ᠬᠤᠲᠠ ᠲᠣᠭᠤᠷᠢᠭ ᠤᠨ 202 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 2000 ᠭᠠᠷᠤᠢ ᠪᠠᠭᠰᠢ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠲᠥᠷᠥᠯ ᠵᠦᠢᠯ ᠤᠨ ᠠᠵᠢᠯ ᠤᠨ ᠪᠦᠯᠭᠦᠮ ᠨᠢ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠠᠴᠠ ᠦᠭᠡ ᠬᠡᠯᠡ ᠥᠰᠥᠭ ᠪᠢᠴᠢᠭ ᠤᠨ ᠠᠵᠢᠯ ᠤᠨ ᠲᠤᠰᠬᠠᠢ ᠮᠡᠷᠭᠡᠵᠢᠯᠲᠡᠨ᠂ ᠤᠯᠤᠰ ᠤᠨ ᠲᠠᠰ ᠤᠨ ᠨᠡᠶᠢᠲᠡᠯᠢᠭ ᠬᠡᠯᠡᠨ ᠤ ᠰᠢᠯᠭᠠᠭᠴᠢ ᠵᠡᠷᠭᠡ ᠶᠢ ᠤᠷᠢᠵᠤ᠂ ᠪᠣᠯᠪᠠᠰᠤᠷᠠᠯ ᠳᠤ ᠣᠷᠣᠯᠴᠠᠬᠰᠠᠨ ᠪᠠᠭᠰᠢ ᠨᠠᠷ ᠲᠤ ᠰᠦᠯᠵᠢᠶ᠎ᠡ ᠪᠠ ᠪᠣᠳᠠᠲᠤ ᠴᠣᠭᠴᠠ ᠶᠢᠨ ᠪᠣᠯᠪᠠᠰᠤᠷᠠᠯ ᠢ ᠲᠠᠰᠤᠷᠠᠯᠲᠠ ᠦᠭᠡᠢ ᠬᠢᠬᠦ ᠶᠢᠨ ᠬᠠᠮᠲᠤ᠂ ᠥᠷᠢᠰᠦᠯᠳᠦᠬᠦ ᠡᠭᠦᠷᠭᠡ᠂ ᠪᠣᠭᠤᠮᠲᠠ ᠰᠢᠪᠲᠤᠯᠬᠤ ᠠᠵᠢᠯᠯᠠᠭ᠎ᠠ ᠵᠡᠷᠭᠡ ᠶᠢ ᠵᠢᠷᠤᠵᠤ ᠲᠥᠯᠥᠪᠯᠡᠨ᠂ ᠰᠤᠷᠤᠯᠴᠠᠯᠭ᠎ᠠ ᠶᠢᠨ ᠲᠠᠲᠠᠬᠤ ᠬᠦᠴᠦᠨ ᠪᠠ ᠰᠣᠨᠢᠷᠬᠠᠯᠳᠤ ᠴᠢᠨᠠᠷ ᠢ ᠴᠢᠩᠭᠠᠳᠬᠠᠵᠤ᠂ ᠠᠵᠢᠯᠯᠠᠭ᠎ᠠ ᠪᠠᠷ ᠳᠡᠭᠡᠭᠰᠢᠯᠡᠯᠲᠡ ᠶᠢ ᠠᠬᠢᠭᠤᠯᠤᠨ᠂ ᠪᠣᠯᠪᠠᠰᠤᠷᠠᠯ ᠳᠤ ᠣᠷᠣᠯᠴᠠᠬᠰᠠᠨ ᠪᠠᠭᠰᠢ ᠨᠠᠷ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠢ ᠨᠡᠶᠢᠳᠡᠮ ᠳᠡᠭᠡᠭᠰᠢᠯᠡᠭᠦᠯᠪᠡ᠃︽ᠡᠨᠡ ᠤᠳᠠᠭ᠎ᠠ ᠶᠢᠨ ᠪᠣᠯᠪᠠᠰᠤᠷᠠᠯ ᠢᠶᠠᠷ ᠳᠠᠮᠵᠢᠨ᠂ ᠪᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠪᠠᠭᠰᠢ ᠨᠠᠷ ᠲᠠᠢ ᠰᠠᠨᠠᠯ ᠢᠶᠠᠨ ᠰᠣᠯᠢᠯᠴᠠᠵᠤ᠂ ᠥᠪᠡᠷ ᠤᠨ ᠠᠪᠢᠶᠠᠯᠠᠵᠤ ᠪᠠᠶᠢᠭ᠎ᠠ ᠮᠠᠰᠢ ᠤᠯᠠᠨ ᠪᠠᠭᠤᠷᠠᠢ ᠲᠠᠯ᠎ᠠ ᠪᠠ ᠬᠦᠷᠦᠯᠴᠡᠬᠦ ᠦᠭᠡᠢ ᠲᠠᠯ᠎ᠠ ᠪᠠᠨ ᠢᠯᠡᠷᠡᠭᠦᠯᠵᠦ᠂ ᠮᠠᠰᠢ ᠶᠡᠭᠡ ᠣᠯᠣᠯᠲᠠ ᠲᠠᠢ᠃ ᠬᠤᠵᠢᠮ ᠪᠢ ᠪᠠᠰᠠ ᠲᠠᠰᠤᠷᠠᠯᠲᠠ ᠦᠭᠡᠢ ᠪᠣᠯᠪᠠᠰᠤᠷᠠᠵᠤ᠂ ᠨᠡᠶᠢᠲᠡᠯᠢᠭ ᠬᠡᠯᠡᠨ ᠤ ᠲᠦᠪᠰᠢᠨ ᠢᠶᠠᠨ ᠳᠦᠷᠢᠮᠵᠢᠭᠦᠯᠦᠨ ᠳᠡᠭᠡᠭᠰᠢᠯᠡᠭᠦᠯᠵᠦ᠂ ᠨᠡᠶᠢᠲᠡᠯᠢᠭ ᠬᠡᠯᠡᠨ ᠤ ᠰᠢᠯᠭᠠᠯᠲᠠ ᠶᠢᠨ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠭᠦ ᠪᠠᠷ ᠴᠢᠷᠮᠠᠶᠢᠨ᠎ᠠ︾ ᠭᠡᠵᠦ ᠲᠦᠩᠯᠢᠶᠣᠣ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ ᠪᠦᠦ ᠰᠢᠶᠠᠩ ᠴᠦᠨ ᠬᠡᠯᠡᠪᠡ᠃7 ᠰᠠᠷ᠎ᠠ ᠶᠢᠨ 7 ᠤ ᠡᠳᠦᠷ᠂ ᠭᠦᠭᠡᠬᠤᠲᠠ ᠶᠢᠨ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠦᠭᠦ ᠰᠢᠶᠠᠨ ᠤ ᠬᠡᠦᠬᠡᠳ ᠤᠨ ᠴᠡᠴᠡᠷᠯᠢᠭ ᠤᠨ ᠪᠠᠭᠰᠢ ᠶᠢ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠣᠶᠤᠨᠴᠢ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤᠮᠳᠠ᠂ ᠪᠠᠭᠰᠢ ᠨᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠲᠤᠰᠠᠯᠠᠬᠤ ᠪᠠᠭᠰᠢ ᠶᠢᠨ ᠰᠢᠰᠲ᠋ᠧᠮ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠡᠷᠡᠭᠯᠡᠭᠰᠡᠨ ᠲᠥᠷᠥᠭᠳᠡᠯ ᠢᠶᠠᠨ ᠲᠣᠰ ᠲᠣᠰ ᠲᠠᠭᠠᠨ ᠢᠳᠡᠪᠬᠢᠲᠡᠢ ᠬᠤᠪᠢᠶᠠᠯᠴᠠᠵᠤ᠄ ︽ᠪᠢ ᠰᠢᠰᠲ᠋ᠧᠮ ᠤᠨ ︿ᠡᠬᠢ ᠪᠠᠶᠠᠯᠢᠭ ᠤᠨ ᠲᠥᠪ﹀ ᠤᠨ ᠳᠣᠲᠣᠷᠠᠬᠢ ︿ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ﹀ ᠪᠤᠯᠤᠩ ᠳᠤ ᠬᠠᠮᠤᠭ ᠠᠴᠠ ᠳᠤᠷᠠᠲᠠᠢ ᠪᠠᠶᠢᠳᠠᠭ᠃ ᠵᠢᠱᠢᠶᠡᠯᠡᠪᠡᠯ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠠᠴᠠ ᠡᠮᠦᠨ᠎ᠡ᠂ ᠪᠢ ᠡᠬᠢ ᠪᠠᠶᠠᠯᠢᠭ ᠤᠨ ᠲᠥᠪ ᠠᠴᠠ ᠪᠠᠶᠠᠷ ᠤᠨ ᠡᠳᠦᠷ ᠤᠨ ᠵᠢᠷᠤᠭ ᠣᠯᠵᠤ᠂ ᠬᠢᠴᠢᠶᠡᠯ ᠤᠨ ᠠᠭᠤᠯᠭ᠎ᠠ ᠳᠠᠭᠠᠨ ᠣᠷᠣᠭᠤᠯᠵᠤ᠂ ᠪᠠᠰᠠ ︿ᠭᠤᠣᠯ ᠰᠡᠳᠦᠪᠲᠦ ᠠᠵᠢᠯᠯᠠᠭ᠎ᠠ﹀ᠳᠤᠮᠳᠠᠬᠢ︿ᠴᠢᠦᠢ ᠶᠤᠸᠠᠨ ᠤ ᠥᠯᠢᠭᠡᠷ﹀ ᠢ ᠨᠡᠪᠲᠡᠷᠡᠭᠦᠯᠪᠡ᠃ ᠲᠡᠭᠡᠭᠡᠳ ᠪᠢ ᠬᠡᠦᠬᠡᠳ ᠤᠳ ᠠᠴᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠨᠢ ᠠᠯᠢ ᠡᠳᠦᠷ ᠪᠤᠶ᠂ ᠬᠡᠨ ᠢ ᠳᠤᠷᠠᠰᠬᠠᠬᠤ ᠶᠢᠨ ᠲᠥᠯᠥᠭᠡ ᠪᠤᠶ ᠭᠡᠬᠦ ᠵᠡᠷᠭᠡ ᠶᠢ ᠠᠰᠠᠭᠤᠵᠤ᠂ ᠬᠠᠮᠤᠭ ᠰᠡᠭᠦᠯ ᠳᠤ ᠽᠦᠩᠽᠢ ᠶᠢᠨ ᠵᠢᠷᠤᠭ ᠢ ᠳᠡᠯᠭᠡᠨ ᠦᠵᠡᠭᠦᠯᠵᠦ᠂ ᠬᠡᠦᠬᠡᠳ ᠤᠳ ᠢᠶᠠᠷ ᠠᠵᠢᠭᠯᠠᠭᠤᠯᠬᠤ ᠶᠢᠨ ᠬᠠᠮᠲᠤ ᠲᠡᠳᠡᠨ ᠳᠤ ᠵᠢᠷᠤᠭ ᠵᠢᠷᠤᠬᠤ ᠵᠡᠷᠭᠡ ᠶᠢ ᠵᠢᠭᠠᠵᠤ᠂ ᠨᠢᠭᠡᠨ ᠰᠣᠨᠢᠷᠬᠠᠯᠲᠠᠢ ᠴᠡᠴᠡᠷᠯᠢᠭ ᠤᠨ ᠬᠢᠴᠢᠶᠡᠯ ᠪᠣᠯᠭᠠᠵᠠᠢ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠲᠤᠰᠠᠯᠠᠬᠤ ᠪᠠᠭᠰᠢ ᠶᠢᠨ ᠰᠢᠰᠲ᠋ᠧᠮ ᠨᠢ ᠬᠢᠴᠢᠶᠡᠯ ᠤᠨ ᠲᠠᠩᠬᠢᠮ ᠢ ᠠᠮᠢᠳᠤᠯᠢᠭ ᠪᠣᠯᠭᠠᠪᠠ︾ ᠭᠡᠵᠦ ᠰᠢᠨ᠎ᠡ ᠬᠤᠳᠠ ᠶᠢᠨ ᠬᠡᠦᠬᠡᠳ ᠤᠨ ᠴᠡᠴᠡᠷᠯᠢᠭ ᠤᠨ ᠪᠠᠭᠰᠢ ᠸᠠᠩ ᠯᠢ ᠬᠤᠸᠠ ᠤᠷᠮ᠎ᠠ ᠪᠠᠬ᠎ᠠ ᠲᠠᠢ ᠪᠠᠷ ᠬᠤᠪᠢᠶᠠᠯᠴᠠᠨ᠎ᠠ᠃ ᠦᠦᠰᠢᠨ ᠪᠠᠯᠭᠠᠰᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠪᠠᠭᠰᠢ ᠰᠦᠸᠧ ᠸᠧᠨ ᠲᠢᠩ᠄ ︽ᠮᠡᠳᠡᠭᠡ ᠵᠠᠩᠭᠢ ᠬᠠᠷᠢᠴᠠᠩᠭᠤᠢ ᠪᠠᠷ ᠳᠤᠲᠠᠮᠠᠭ ᠬᠥᠳᠡᠭᠡ ᠲᠣᠰᠬᠤᠨ ᠤ ᠬᠡᠦᠬᠡᠳ ᠲᠤ ᠠᠪᠴᠤ ᠬᠡᠯᠡᠪᠡᠯ᠂ ᠰᠢᠰᠲ᠋ᠧᠮ  ᠳᠤ ᠪᠦᠭᠦᠳᠡ ᠶᠢ ᠪᠠᠭᠲᠠᠭᠠᠵᠤ ᠪᠦᠭᠦᠨ ᠢ ᠬᠠᠮᠤᠷᠤᠭᠰᠠᠨ ᠮᠡᠳᠡᠯᠭᠡ ᠨᠢ ᠲᠡᠳᠡᠨ ᠤ ᠬᠠᠷᠠᠭ᠎ᠠ ᠶᠢ ᠶᠡᠭᠡ ᠪᠠᠷ ᠥᠷᠭᠡᠳᠬᠡᠪᠡ︾ ᠭᠡᠵᠡᠢ᠃       7 ᠰᠠᠷ᠎ᠠ ᠶᠢᠨ 21 ᠤ ᠡᠳᠦᠷ᠂ ᠵᠤᠨ ᠤ ᠠᠮᠠᠷᠠᠯᠲᠠ ᠪᠣᠯᠣᠭᠠᠳ ᠤᠳᠠᠭᠠᠳᠤᠢ ᠪᠠᠷ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠳᠠᠷᠤᠢ ᠬᠤᠶᠠᠳᠤᠭᠠᠷ ᠬᠤᠭᠤᠴᠠᠭᠠᠨ ᠤ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ᠃ ᠪᠣᠯᠪᠠᠰᠤᠷᠠᠯ ᠨᠢ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠬᠥᠳᠡᠯᠦᠩᠭᠦᠢ ᠪᠠᠷ ᠳᠡᠭᠡᠭᠰᠢᠯᠡᠭᠦᠯᠭᠦ ᠬᠠᠷᠠᠯᠲᠠ ᠶᠢᠨ ᠲᠣᠭᠤᠷᠢᠨ ᠳᠤ᠂ ᠣᠨᠣᠯ ᠢ ᠳᠡᠭᠡᠭᠰᠢᠯᠡᠭᠦᠯᠭᠦ᠂ ᠪᠣᠳᠠᠲᠤ ᠠᠵᠢᠯᠯᠠᠭ᠎ᠠ ᠶᠢ ᠳᠡᠭᠡᠭᠰᠢᠯᠡᠭᠦᠯᠭᠦ᠂ ᠰᠦᠯᠵᠢᠶᠡᠨ ᠳᠡᠭᠡᠷ᠎ᠡ ᠪᠡᠶ᠎ᠡ ᠪᠠᠨ ᠳᠠᠭᠠᠭᠠᠨ ᠰᠤᠷᠤᠯᠴᠠᠬᠤ ᠵᠢᠴᠢ ᠤᠷᠮᠠᠰᠢᠭᠤᠯᠤᠨ ᠳᠡᠭᠡᠭᠰᠢᠯᠡᠭᠦᠯᠭᠦ ᠵᠡᠷᠭᠡ ᠲᠠᠯ᠎ᠠ ᠪᠠᠷ  ᠪᠣᠯᠪᠠᠰᠤᠷᠠᠯ ᠳᠤ ᠣᠷᠤᠯᠴᠠᠬᠤ ᠪᠠᠭᠰᠢ ᠳᠤ ᠬᠢᠴᠢᠶᠡᠯ ᠲᠣᠭᠲᠠᠭᠠᠨ ᠲᠣᠬᠢᠷᠠᠭᠤᠯᠤᠨ ᠥᠭᠴᠦ᠂ ᠪᠣᠯᠪᠠᠰᠤᠷᠠᠯ ᠳᠤ ᠣᠷᠤᠯᠴᠠᠬᠤ ᠬᠥᠮᠥᠨ ᠨᠢᠭᠡᠪᠦᠷᠢ ᠶᠢ ᠰᠤᠷᠤᠯᠴᠠᠬᠤ ᠠᠴᠠ ᠳᠠᠪᠠᠭᠤᠯᠢᠭ ᠲᠠᠢ᠂ ᠰᠤᠷᠤᠯᠴᠠᠬᠤ ᠠᠴᠠ ᠣᠯᠣᠯᠲᠠ ᠲᠠᠢ ᠪᠣᠯᠭᠠᠪᠠ᠃ ︽ᠳᠡᠭᠡᠷ᠎ᠡ ᠤᠳᠠᠭᠠᠨ ᠤ ᠡᠪᠦᠯ ᠤᠨ ᠠᠮᠠᠷᠠᠯᠲᠠ ᠳᠤ᠂ ᠪᠢ ᠨᠢᠭᠡᠳᠦᠭᠡᠷ ᠬᠤᠭᠤᠴᠠᠭᠠᠨ ᠤ ᠳᠡᠭᠡᠭᠰᠢᠯᠡᠭᠦᠯᠭᠦ ᠰᠠᠷ᠎ᠠ ᠶᠢᠨ ᠠᠵᠢᠯᠯᠠᠭ᠎ᠠ ᠳᠤ ᠣᠷᠣᠯᠴᠠᠵᠤ᠂ ᠮᠠᠰᠢ ᠶᠡᠭᠡ ᠣᠯᠣᠯᠲᠠ ᠣᠯᠵᠤ᠂ ᠡᠯ᠎ᠡ ᠡᠭᠡᠰᠢᠭ ᠭᠡᠶᠢᠭᠦᠯᠦᠭᠴᠢ ᠶᠢᠨ ᠵᠥᠪ ᠣᠨᠣᠪᠴᠢᠲᠠᠢ ᠠᠪᠢᠶ᠎ᠠ ᠶᠢ ᠰᠤᠷᠴᠤ᠂ ᠦᠭᠡ ᠦᠰᠦᠭ ᠤᠨ ᠤᠩᠰᠢᠯᠭ᠎ᠠ᠂ ᠲᠠᠭᠢᠭᠠᠳ ᠵᠣᠬᠢᠶᠠᠯ ᠤᠨ ᠬᠠᠶᠢᠷ᠎ᠠ ᠰᠡᠳᠬᠢᠯᠭᠡ ᠶᠢ ᠣᠶᠢᠯᠠᠭᠠᠨ ᠰᠡᠳᠬᠢᠯᠭᠡ ᠲᠠᠢ ᠪᠠᠷ ᠤᠷᠠᠨ ᠲᠣᠳᠣ ᠤᠩᠰᠢᠬᠤ ᠵᠡᠷᠭᠡ ᠶᠢ ᠰᠤᠷᠤᠯᠴᠠᠵᠦ᠂ ᠮᠢᠨᠤ ᠶᠠᠷᠢᠶᠠᠨ ᠤ ᠬᠡᠯᠡᠨ ᠤ ᠠᠪᠢᠶᠠᠯᠠᠭ᠎ᠠ ᠶᠢᠨ ᠮᠠᠰᠢ ᠤᠯᠠᠨ ᠠᠰᠠᠭᠤᠳᠠᠯ ᠢ ᠵᠠᠯᠠᠷᠠᠭᠤᠯᠪᠠ᠃ ᠡᠶᠢᠮᠦ ᠠᠴᠠ ᠪᠢ ᠲᠤᠰ ᠬᠤᠭᠤᠴᠠᠭᠠᠨ ᠤ ᠪᠣᠯᠪᠠᠰᠤᠷᠠᠯ ᠢ ᠲᠤᠶᠢᠯ ᠢᠶᠠᠷ ᠨᠠᠨᠳᠢᠩᠨᠠᠵᠤ᠂ ᠪᠣᠯᠪᠠᠰᠤᠷᠠᠯ ᠢᠶᠠᠷ ᠳᠠᠮᠵᠢᠭᠠᠳ ᠮᠢᠨᠤ ᠨᠡᠶᠢᠲᠡᠯᠢᠭ ᠬᠡᠯᠡᠨ ᠤ ᠰᠢᠯᠭᠠᠯᠲᠠ ᠶᠢᠨ ᠲᠦᠪᠰᠢᠨ ᠨᠢᠭᠡᠳᠦᠭᠡᠷ ᠳᠡᠰ ᠤᠨ ᠬᠥᠬᠡᠭᠴᠢᠨ ᠳᠡᠰ ᠲᠤ ᠬᠦᠷᠬᠦ ᠶᠢ ᠬᠦᠰᠡᠵᠦ ᠪᠠᠶᠢᠨ᠎ᠠ︾ ᠭᠡᠵᠦ ᠬᠤᠲᠣᠩ ᠠᠷᠠᠳ ᠤᠨ ᠲᠣᠭᠤᠷᠢᠭ ᠤᠨ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠬᠠᠨ ᠵᠢᠩ ᠬᠡᠯᠡᠪᠡ᠃       ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠥᠷᠥᠯ ᠵᠦᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠠᠷᠠᠭᠠᠴᠢ ᠪᠠᠷ ᠪᠦᠭᠦ ᠣᠷᠣᠨ ᠤ ᠡᠯ᠎ᠡ ᠭᠠᠵᠠᠷ ᠤᠨ ᠬᠢᠨ ᠡᠯ᠎ᠡ ᠲᠥᠷᠥᠯ ᠤᠨ ᠣᠶᠤᠨᠴᠢ ᠵᠢᠭᠠᠨ ᠰᠤᠷᠭᠠᠯᠲᠠ ᠬᠢᠭᠡᠳ ᠵᠢᠭᠠᠨ ᠰᠤᠷᠭᠠᠯᠲᠠ ᠶᠢᠨ ᠪᠠᠭᠠᠵᠢ ᠶᠢ ᠪᠠᠶᠢᠩᠭᠤᠵᠢᠭᠤᠯᠤᠨ ᠬᠡᠷᠡᠭᠯᠡᠬᠦ ᠪᠠ ᠰᠢᠨ᠎ᠡ ᠶᠢ ᠡᠭᠦᠳᠦᠨ ᠬᠡᠷᠡᠭᠯᠡᠬᠦ ᠶᠢ ᠲᠠᠰᠤᠷᠠᠯᠲᠠ ᠦᠭᠡᠢ ᠠᠬᠢᠭᠤᠯᠵᠤ᠂ ︽ᠬᠥᠮᠥᠨ ᠪᠦᠭᠦᠨ ᠰᠤᠷᠤᠯᠴᠠᠵᠤ᠂ ᠴᠠᠭ ᠢᠮᠠᠭᠲᠠ ᠰᠤᠷᠤᠯᠴᠠᠵᠤ ᠪᠤᠯᠬᠤ᠂ ᠭᠠᠵᠠᠷ ᠪᠣᠯᠭᠠᠨ ᠳᠤ ᠰᠤᠷᠤᠯᠴᠠᠵᠤ ᠪᠤᠯᠬᠤ︾ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠤᠯᠴᠠᠬᠤ ᠣᠷᠴᠢᠨ ᠨᠥᠬᠦᠴᠡᠯ ᠢ ᠪᠤᠶ ᠪᠤᠯᠭᠠᠵᠤ᠂ ᠪᠠᠭᠰᠢ ᠰᠤᠷᠤᠬᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ