ᠲᠦᠷᠦᠭᠦᠬᠡᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠶᠢᠰᠦᠳᠦᠭᠡᠷ ᠬᠤᠭᠤᠴᠠᠭᠠᠨ ᠤ ᠪᠦᠭᠦ ᠤᠯᠤᠰ ᠤᠨ ᠣᠶᠤᠲᠠᠳ ᠤᠨ | ᠰᠠᠭᠤᠷᠢ ᠠᠨᠠᠭᠠᠬᠤ ᠤᠬᠠᠭᠠᠨ ᠤ ᠰᠢᠨ᠎ᠡ ᠶᠢ ᠡᠭᠦᠳᠬᠦ ᠰᠤᠳᠤᠯᠭᠠᠨ ᠵᠢᠴᠢ ᠲᠤᠷᠰᠢᠯᠲᠠ ᠶᠢᠨ ᠲᠥᠯᠥᠪᠯᠡᠭᠡ ᠶᠢᠨ ᠶᠠᠷᠢᠯᠴᠠᠭᠠᠨ ᠤ ᠲᠠᠪᠴᠠᠩ ᠤᠨ ᠤᠮᠠᠷᠠᠲᠤ ᠬᠡᠰᠡᠭ ᠤᠨ | ᠤᠷᠤᠯᠳᠤᠭᠠᠨ ᠤ ᠲᠣᠭᠤᠷᠢᠭ ᠤᠨ ᠰᠠᠭᠤᠷᠢ ᠡᠮᠴᠢᠯᠡᠭᠡᠨ ᠤ ᠤᠷᠤᠯᠳᠤᠭᠠᠨ ᠤ ᠬᠤᠶᠠᠳᠠᠭᠢ ᠤᠷᠤᠯᠳᠤᠭᠠᠨ ᠶᠠᠪᠤᠭᠳᠠᠪᠠ᠃ ᠤᠷᠤᠯᠳᠤᠭᠠᠨ ᠳᠤ ᠤᠮᠠᠷᠠᠲᠤ ᠬᠡᠰᠡᠭ ᠤᠨ | ᠤᠷᠤᠯᠳᠤᠭᠠᠨ ᠤ ᠲᠣᠭᠤᠷᠢᠭ ᠤᠨ 35 ᠶᠡᠭᠡ ᠳᠡᠭᠡᠳᠦ ᠰᠤᠷᠭᠠᠭᠤᠯᠢ ᠶᠢᠨ 210 ᠡᠩᠨᠡᠭᠡ ᠵᠢᠴᠢ ᠪᠦᠭᠦ ᠤᠯᠤᠰ ᠤᠨ 50 ᠭᠠᠷᠤᠢ ᠰᠢᠯᠭᠠᠷᠠᠭᠤᠯᠬᠤ ᠺᠣᠮᠢᠰ ᠤᠨ | ᠲᠤᠰᠬᠠᠢ ᠮᠡᠷᠭᠡᠵᠢᠯᠲᠡᠨ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠳᠤ ᠣᠷᠤᠯᠴᠠᠬᠤ ᠭᠡᠯᠪᠡᠷᠢ ᠪᠠᠷ ᠣᠷᠣᠯᠴᠠᠵᠠᠢ᠃ | ᠤᠷᠤᠯᠳᠤᠭᠠᠨ ᠨᠢ ︽ᠰᠢᠨᠵᠢᠯᠡᠬᠦ ᠤᠬᠠᠭᠠᠨ ᠢ ᠡᠷᠭᠢᠮᠯᠡᠭᠦ᠂ ᠦᠨᠡᠨ ᠮᠡᠳᠡᠯᠭᠡ ᠶᠢ ᠬᠥᠭᠡᠭᠡᠴᠡᠯᠳᠦᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠡᠷᠬᠡ ᠲᠡᠭᠰᠢ ᠲᠥᠪ | ᠭᠤᠤᠯᠴᠢ ᠪᠠᠷ ᠥᠷᠢᠰᠦᠯᠳᠦᠬᠦ︾ ᠪᠠᠷ ᠵᠣᠷᠢᠯᠲᠠ ᠪᠤᠯᠭᠠᠵᠤ᠂︽ᠰᠢᠨ᠎ᠡ ᠠᠨᠠᠭᠠᠬᠤ ᠤᠬᠠᠭᠠᠨ︾ ᠤ ᠪᠠᠶᠢᠭᠤᠯᠤᠯᠲᠠ ᠪᠠᠷ ᠶᠡᠷᠦᠩᠬᠡᠢ ᠵᠢᠯᠣᠭᠤᠳᠤᠯᠭ᠎ᠠ ᠪᠤᠯᠭᠠᠵᠥ᠂ | ᠤᠷᠤᠯᠳᠤᠭᠠᠨ ᠢᠶᠠᠷ ᠵᠢᠭᠠᠨ ᠰᠤᠷᠭᠠᠯᠲᠠ ᠶᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠥᠭᠡᠷᠡᠴᠢᠯᠡᠯᠲᠡ ᠶᠢ | ᠠᠬᠢᠭᠤᠯᠬᠤ᠂ ᠤᠷᠤᠯᠳᠤᠭᠠᠨ ᠢᠶᠠᠷ ᠪᠠᠶᠢᠭᠤᠯᠤᠯᠲᠠ ᠶᠢ ᠠᠬᠢᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠰᠤᠷᠤᠬᠴᠢᠳ ᠲᠤ ᠠᠨᠠᠭᠠᠬᠤ ᠤᠬᠠᠭᠠᠨ ᠤ ᠰᠠᠭᠤᠷᠢ | ᠰᠤᠳᠤᠯᠤᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠮᠡᠷᠭᠡᠵᠢᠯ ᠴᠢᠳᠠᠪᠤᠷᠢ ᠪᠠᠨ ᠢᠯᠡᠷᠡᠭᠦᠯᠬᠦ ᠲᠠᠪᠴᠠᠩ ᠢ ᠬᠠᠩᠭᠠᠭᠰᠠᠨ ᠪᠠᠶᠢᠨ᠎ᠠ᠃ ᠲᠣᠰ ᠤᠳᠠᠭᠠᠨ ᠤ | ᠤᠷᠤᠯᠳᠤᠭᠠᠨ ᠳᠤ ᠨᠡᠶᠢᠲᠡ 8 ᠤᠷᠤᠯᠳᠤᠭᠠᠨ ᠤ ᠲᠠᠯᠠᠪᠠᠢ ᠭᠠᠷᠭᠠᠵᠤ᠂ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠰᠣᠩᠭᠤᠨ ᠲᠣᠮᠢᠯᠠᠭᠰᠠᠨ 6 ᠡᠩᠨᠡᠭᠡ ᠳᠣᠲᠣᠷᠠᠬᠢ 3 ᠠᠩᠭᠢ ᠨᠢ ᠰᠢᠨ᠎ᠡ ᠶᠢ ᠡᠭᠦᠳᠬᠦ ᠰᠤᠳᠤᠯᠭᠠᠨ ᠤ ᠳᠤᠭᠤᠶᠢᠯᠠᠩ ᠤᠨ | ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ 8 ᠰᠠᠷ᠎ᠠ ᠳᠤ ᠪᠦᠭᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠤᠯᠴᠠᠬᠤ ᠪᠠᠷ ᠪᠣᠯᠪᠠ᠃ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ︽ᠲᠣᠰ ᠤᠳᠠᠭᠠᠨ ᠤ ᠤᠷᠤᠯᠳᠤᠭᠠᠨ ᠢ | ᠳᠠᠭᠠᠭᠠᠴᠢᠯᠠᠨ ᠡᠷᠭᠢᠯᠡᠭᠰᠡᠨ ᠨᠢ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠣᠶᠢᠯᠠᠭᠠᠭᠳᠠᠬᠤᠨ ᠢᠶᠠᠨ ᠰᠢᠨᠡᠳᠬᠡᠬᠦ᠂ ᠬᠠᠷᠠᠭ᠎ᠠ ᠪᠠᠨ ᠥᠷᠭᠡᠳᠬᠡᠬᠦ᠂ ᠰᠣᠯᠢᠯᠴᠠᠭ᠎ᠠ ᠪᠠᠨ | ᠠᠬᠢᠭᠤᠯᠬᠤ᠂ ᠬᠥᠮᠥᠨ ᠬᠥᠮᠥᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠳᠤ ᠠᠰᠢᠭᠲᠠᠢ ᠠᠵᠠ ᠲᠣᠭᠢᠶᠠᠯ ᠪᠣᠯᠤᠭᠰᠠᠨ ᠪᠠᠶᠢᠨ᠎ᠠ᠃ ᠤᠷᠤᠯᠳᠤᠭᠠᠨ ᠢᠶᠠᠷ | ᠳᠠᠮᠵᠢᠭᠤᠯᠤᠨ᠂ ᠰᠤᠷᠤᠬᠴᠢᠳ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠠᠭᠤᠷᠢ ᠠᠨᠠᠭᠠᠬᠤ ᠤᠬᠠᠭᠠᠨ ᠤ | ᠮᠡᠳᠡᠯᠭᠡ ᠶᠢ ᠨᠢ ᠪᠠᠲᠤᠳᠬᠠᠵᠤ᠂ ᠡᠷᠲᠡᠬᠡᠨ ᠲᠤᠷᠰᠢᠯᠲᠠ ᠶᠢᠨ ᠲᠠᠰᠤᠭ ᠲᠤ ᠣᠷᠣᠬᠤ᠂ ᠰᠤᠳᠤᠯᠭᠠᠨ ᠤ ᠰᠡᠳᠦᠪ ᠪᠠ ᠪᠦᠯᠭᠦᠮ ᠨᠡᠶᠢᠲᠡ ᠳᠤ ᠣᠷᠤᠯᠴᠠᠬᠤ ᠶᠢ | ᠠᠬᠢᠭᠤᠯᠵᠤ᠂ ᠤᠷᠤᠯᠳᠤᠭᠠᠨ ᠳᠤ ᠣᠷᠣᠯᠴᠠᠬᠰᠠᠨ ᠰᠤᠷᠤᠬᠴᠢᠳ ᠰᠣᠷᠣᠬᠰᠠᠨ ᠮᠡᠳᠡᠯᠭᠡ ᠤᠷ᠎ᠠ ᠴᠢᠳᠠᠪᠤᠷᠢ ᠪᠠᠨ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ ᠰᠢᠨᠵᠢᠯᠡᠬᠦ | ᠤᠬᠠᠭᠠᠨ ᠤ ᠰᠤᠳᠤᠯᠭᠠᠨ ᠤ ᠰᠡᠳᠬᠢᠬᠦᠢ ᠪᠠ ᠲᠤᠷᠰᠢᠯᠲᠠ ᠶᠢᠨ ᠤᠷ᠎ᠠ ᠴᠢᠳᠠᠪᠤᠷᠢ ᠪᠣᠯᠭᠠᠨ ᠬᠤᠪᠢᠷᠠᠭᠤᠯᠵᠤ᠂ ︿ᠡᠷᠡᠭᠦᠯ ᠡᠩᠬᠡ ᠳᠤᠮᠳᠠᠳᠤ ᠤᠯᠤᠰ﹀ ᠤᠨ | ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ︾ ᠭᠡᠪᠡ᠃ | | |