ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ‌‍ᠳᠤ ᠭᠦᠨᠵᠡᠭᠡᠶᠢᠷᠡᠨ ᠰᠤᠷᠭᠠᠨ ᠬᠥᠮᠦᠵᠢᠯ ᠤᠨ ᠰᠢᠰᠲ᠋ᠧᠮ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠵᠤ ᠬᠢᠨᠠᠨ ᠵᠢᠯᠤᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/8/14
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠰᠲ᠋ᠧᠮ ᠳᠤ ᠬᠠᠨᠳᠤᠭᠤᠯᠤᠭᠰᠠᠨ᠂ ᠪᠦᠬᠦ ᠰᠤᠷᠤᠯᠭ᠎ᠠ ᠵᠢᠨ‌ᠠᠩᠭᠢ ᠶᠢ ᠬᠠᠮᠤᠷᠤᠭᠰᠠᠨ᠂ ᠪᠦᠬᠦ ᠶᠠᠪᠤᠴᠠ ᠳᠤ ᠲᠤᠤᠱᠯᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠳᠠᠯᠠᠶᠢᠴᠠ ᠶᠢ ᠬᠦᠴᠦᠯᠡᠨ ᠪᠠᠶᠢᠭᠤᠯᠵᠤ᠂ ᠳᠠᠯᠳᠠ ᠠᠶᠣᠯ ᠤᠨ ᠠᠰᠠᠭᠤᠳᠠᠯ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠯ᠎ᠡ ᠲᠥᠷᠥᠯ ᠤᠨ ᠳᠠᠯᠳᠠ ᠠᠶᠤᠯ ᠡᠷᠡᠰᠲᠡᠯ ᠢ ᠠᠷᠢᠯᠭᠠᠵᠣ᠂ ᠰᠤᠷᠭᠠᠨ ᠬᠥᠮᠦᠵᠢᠯ ᠤᠨ ᠰᠢᠰᠲ᠋ᠧᠮ ᠳᠤ  ᠬᠦᠨᠳᠦ ᠨᠤᠴᠢᠲᠠᠢ ᠠᠶᠤᠯᠭᠦᠢ ᠦᠢᠯᠡᠳᠪᠦᠷᠢᠯᠡᠯ ᠤᠨ ᠣᠰᠣᠯ ᠠᠳᠡᠯ ᠦᠭᠡᠢ ᠶᠢ ᠦᠨᠡᠨ ᠬᠦ ᠪᠠᠲᠣᠯᠠᠬᠤ ᠶᠢᠨ ᠲᠦᠯᠦᠭᠡ 8 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠠᠩ ᠰᠢᠶᠣᠣ ᠪᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠢᠪᠠᠳᠠᠨ ᠪᠠᠶᠢᠴᠠᠭᠠᠪᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠶᠦᠩ ᠮᠢᠩ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠯᠢᠦ ᠰᠢᠶᠣᠣ ᠹᠠᠨ᠂ ᠳᠡᠳ᠋ ᠳᠠᠷᠤᠭ᠎ᠠ ᠴᠧᠨ ᠯᠢ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃  
0814-1.jpg
           ᠪᠠᠶᠢᠴᠠᠭᠠᠬᠤ ᠳᠤᠭᠤᠶᠢᠯᠠᠩ ᠤᠨ ᠬᠢᠨ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ᠂ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠵᠡᠷᠭᠡ ᠭᠤᠷᠪᠠᠨ ᠰᠤᠷᠭᠠᠭᠤᠯᠢ ᠶᠢ ᠲᠣᠬᠢᠶᠠᠯᠳᠤᠯ ᠢᠶᠠᠷ ᠰᠣᠩᠭᠤᠨ᠂ ᠰᠤᠷᠭᠠᠭᠤᠯᠢ ᠶᠢᠨ ᠭᠤᠣᠯ ᠵᠢᠭᠠᠨ ᠰᠤᠷᠭᠠᠬᠤ ᠠᠰᠠᠷ᠂ ᠲᠠᠮᠢᠷ ᠤᠨ ᠲᠠᠯᠠᠪᠤᠷ᠂ ᠰᠤᠷᠭᠠᠭᠤᠯᠢ ᠶᠢᠨ ᠭᠠᠯ ᠤᠨᠲᠠᠷᠠᠭᠠᠬᠤ ᠪᠦᠲᠦᠭᠡᠨ ᠪᠠᠶᠢᠭᠤᠯᠤᠯᠲᠠ᠂ ᠬᠤᠭᠤᠯᠠᠨ ᠭᠡᠷ ᠤᠨ ᠰᠢᠲᠠᠮᠠᠬᠠᠢ ᠬᠡᠢ ᠶᠢᠨ ᠬᠡᠷᠡᠭᠯᠡᠯᠲᠡ᠂ ᠬᠡᠦᠬᠡᠳ ᠤᠨ ᠬᠥᠳᠡᠯᠭᠡᠭᠡᠨ ᠤ ᠲᠠᠯᠠᠪᠤᠷ᠂ ᠰᠤᠷᠭᠠᠭᠤᠯᠢ ᠵᠢᠨ‌ᠠᠰᠠᠷ ᠪᠠᠶᠢᠰᠢᠩ ᠡᠴᠠ‌ᠤᠨᠠᠬᠤ ᠠᠴᠠ ᠰᠡᠷᠭᠡᠶᠢᠯᠡᠬᠦ ᠲᠥᠬᠦᠭᠡᠷᠦᠮᠵᠢ᠂ ᠰᠤᠷᠭᠠᠭᠤᠯᠢ ᠶᠢᠨ ᠵᠠᠮ ᠱᠠᠯᠠ ᠪᠠ ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠤᠳᠤᠷᠢᠳᠤᠯᠭ᠎ᠠ ᠠᠴᠠ ᠵᠣᠨ ᠤ ᠠᠮᠠᠷᠠᠯᠲᠠ ᠶᠢᠨ ᠬᠤᠭᠤᠴᠠᠭᠠᠨ ᠳᠤ ᠰᠣᠷᠭᠠᠭᠤᠯᠢ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠵᠠᠰᠠᠬᠤ᠂ ᠭᠤᠣᠯ‌ᠤᠰᠤᠨ ᠳᠤ ᠠᠳᠡᠬᠦ ᠶᠢ ᠰᠡᠷᠭᠡᠶᠢᠯᠡᠬᠦ ᠬᠥᠮᠦᠵᠢᠯ ᠤᠬᠠᠭᠤᠯᠭ᠎ᠠ᠂ ᠰᠤᠷᠭᠠᠭᠤᠯᠢ ᠶᠢᠨ ᠬᠦᠷᠢᠶᠡᠨ ᠤ ᠳᠠᠷᠤᠯᠠᠯ ᠢ ᠰᠡᠷᠭᠡᠶᠢᠯᠡᠬᠦ ᠵᠡᠷᠭᠡ ᠲᠠᠯ᠎ᠠ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠯᠠᠪᠯᠠᠨ ᠤᠶᠢᠯᠠᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠣᠳᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠰᠤᠷᠭᠠᠭᠤᠯᠢ ᠶᠢᠨ ᠲᠥᠬᠦᠭᠡᠷᠦᠮᠵᠢ᠂ ᠦᠪᠡᠷᠮᠢᠴᠡ ᠰᠤᠷᠭᠠᠭᠤᠯᠢ ᠶᠢᠨ ᠰᠣᠶᠣᠯ ᠵᠡᠷᠭᠡ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ 
0814-2.jpg
            ᠪᠠᠶᠢᠴᠠᠭᠠᠯᠲᠠ ᠶᠢᠨ ᠶᠠᠪᠤᠴᠠ ᠳᠤ᠂ ᠶᠠᠩ ᠰᠢᠶᠣᠣ ᠪᠢᠨ ᠨᠥᠬᠦᠷ ᠮᠠᠨ ᠤ ᠬᠤᠰᠢᠭᠤᠨ ᠤ ᠰᠤᠷᠭᠠᠭᠤᠯᠢ ᠶᠢᠨ ᠠᠮᠤᠷ ᠲᠦᠪᠰᠢᠨ ᠤ ᠲᠠᠯ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ  ᠦᠷ᠎ᠡ ᠪᠦᠲᠦᠮᠵᠢ ᠶᠢ ᠭᠦᠢᠴᠡᠳ ᠨᠣᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂  ᠬᠢᠮᠤᠷᠠᠯ ᠤᠨ ᠤᠬᠠᠮᠰᠠᠷ ᠢᠶᠠᠨ ᠢᠮᠠᠭᠲᠠ ᠪᠠᠷᠢᠮᠲᠠᠯᠠᠵᠤ᠂  ᠥᠨᠳᠥᠰᠦᠨ ᠱᠠᠭᠠᠷᠳᠠᠯᠭ᠎ᠠ ᠶᠢᠨ ᠰᠡᠳᠬᠢᠬᠦᠢ ᠪᠠᠨ ᠪᠠᠷᠢᠮᠲᠠᠯᠠᠵᠤ᠂ ᠰᠤᠷᠭᠠᠭᠤᠯᠢ ᠶᠢᠨ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠠᠮᠤᠷ ᠲᠦᠪᠰᠢᠨ ᠤ ᠡᠷᠡᠰᠳᠡᠯ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ︽ᠬᠠᠷᠢᠭᠤᠴᠠᠯᠭ᠎ᠠ ᠳᠣᠲᠠᠭᠤ ᠬᠢᠨᠠᠯᠲᠠ ᠰᠤᠯᠠ ᠴᠣᠬᠢᠯᠲᠠ ᠵᠦᠭᠡᠯᠡᠨ ᠰᠣᠷᠲᠠᠯ ᠨᠠᠵᠠᠭᠠᠢ︾ ᠪᠠᠶᠢᠳᠠᠯ ᠭᠠᠷᠭᠠᠬᠤ ᠦᠭᠡᠢ᠂ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠬᠦᠰᠡᠯ ᠪᠣᠳᠣᠯ ᠰᠣᠯᠠ᠂ ᠶᠠᠰᠤ ᠴᠢᠨᠠᠷ ᠠᠨᠠᠢ ᠵᠡᠷᠭᠡ ᠪᠠᠶᠢᠳᠠᠯ ᠭᠠᠷᠭᠠᠬᠤ ᠦᠭᠡᠢ ᠪᠠᠶᠢᠬᠤ ᠶᠢ ᠪᠠᠲᠣᠯᠠᠵᠣ᠂ ︽ᠬᠥᠮᠥᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ︾  ᠭᠤᠷᠪᠠᠨ ᠰᠡᠷᠭᠡᠶᠢᠯᠡᠬᠦ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃             ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠣᠰ ᠤᠳᠠᠭᠠᠨ ᠤ ᠪᠠᠶᠢᠴᠠᠭᠠᠯᠲᠠ ᠬᠢᠨᠠᠨ ᠵᠢᠯᠥᠭᠤᠳᠣᠯᠲᠠ ᠶᠢ ᠠᠮᠵᠢᠭᠤᠯᠤᠨ᠂ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ᠂ ᠲᠠᠭᠠᠯᠠᠮᠵᠢᠲᠠᠢ᠂ ᠡᠮᠬᠢ ᠵᠢᠷᠤᠮ ᠲᠠᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃    
ᠢᠷᠡᠯᠲᠡ᠄ ᠡᠸᠡᠩᠭᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ