︽ᠢᠳᠡᠭᠡᠨ ᠤ ᠶᠢᠷᠲᠢᠨᠴᠦ︾ ᠭᠡᠷᠡᠯ ᠵᠢᠷᠤᠭ ᠤᠨ ᠦᠵᠡᠰᠭᠦᠯᠡᠩ ᠶᠠᠪᠤᠭᠳᠠᠯ᠎ᠠ​
ᠨᠡᠶᠢᠲᠡᠯᠡᠭᠰᠡᠨ ᠴᠠᠭ᠄
2023/8/16
       ᠲᠡᠭᠷᠢ ᠴᠡᠯᠮᠡᠭᠰᠢᠨ ᠳᠡᠯᠡᠬᠡᠢ ᠪᠠᠶᠠᠰᠤᠭᠰᠠᠨ ᠳᠡᠯᠭᠡᠷ ᠵᠤᠨ ᠤ ᠰᠠᠶᠢᠬᠠᠨ ᠤᠯᠠᠷᠢᠯ ᠢᠶᠠᠷ᠂ ᠭᠦᠭᠡᠬᠤᠳᠠ ᠳᠤ ᠭᠦᠷ ᠨᠠᠷᠭᠢᠶᠠᠨ ᠲᠠᠲᠠᠭᠤᠯᠤᠨ ᠪᠠᠰᠠ ᠨᠢᠭᠡᠨ ᠤᠴᠢᠷᠲᠠᠢ ᠰᠠᠶᠢᠬᠠᠨ ᠦᠵᠡᠰᠭᠦᠯᠡᠩ ᠶᠠᠪᠤᠭᠳᠠᠵᠤ ᠪᠠᠶᠢᠭ᠎ᠠ ᠨᠢ ᠳᠠᠷᠤᠢ ᠠᠷᠪᠠᠨ ᠬᠤᠶᠠᠳᠤᠭᠠᠷ ᠬᠤᠭᠤᠴᠠᠭᠠᠨ ᠤ ︽ᠢᠳᠡᠭᠡᠨ ᠤ ᠶᠢᠷᠲᠢᠨᠴᠦ︾ ᠭᠡᠷᠡᠯ ᠵᠢᠷᠤᠭ ᠤᠨ ᠦᠵᠡᠰᠭᠦᠯᠡᠩ ᠪᠤᠯᠬᠤ ᠶᠤᠮ᠃
6382657048740436221931778.png
       ᠲᠦᠷᠦᠭᠦᠬᠡᠨ ᠭᠦᠭᠡᠬᠤᠳᠠ ᠨᠢ ᠳᠤᠮᠳᠠᠳᠤ ᠤᠯᠤᠰ ᠤᠨ ᠠᠩᠬᠠᠳᠠᠭᠴᠢ ︽ᠮᠣᠩᠭᠤᠯ ᠬᠤᠭᠤᠯᠠᠨ ᠤ ᠭᠠᠵᠠᠷ ᠣᠷᠣᠨ ᠤ ᠢᠯᠡᠷᠬᠡᠶᠢᠯᠡᠯᠲᠦ ᠠᠮᠲᠠᠲᠤ ᠢᠳᠡᠭᠡᠨ ᠤ ᠬᠤᠲᠠ︾ ᠪᠣᠯᠤᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠷᠦᠭ ᠵᠢᠷᠤᠭ ᠤᠨ ᠨᠡᠶᠢᠭᠡᠮᠯᠢᠭ᠂ ᠭᠦᠭᠡᠬᠤᠳᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠠᠴᠠ ᠡᠨᠡ ᠬᠦ ᠤᠴᠢᠷ ᠤᠳᠬ᠎ᠠ ᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠮᠣᠩᠭᠤᠯ ᠠᠮᠲᠠᠲᠤ ᠢᠳᠡᠭᠡᠨ ᠢᠶᠠᠷ ᠦᠵᠡᠰᠭᠦᠯᠡᠩ ᠤᠨ ᠭᠤᠣᠯ ᠠᠭᠤᠯᠭ᠎ᠠ ᠪᠣᠯᠭᠠᠨ᠂ ᠢᠳᠡᠭᠡᠨ ᠪᠣᠯᠣᠨ ᠵᠢᠷᠤᠭ ᠰᠡᠭᠦᠳᠡᠷ ᠤᠨ ᠥᠪᠡᠷᠮᠢᠴᠡ ᠠᠭᠤᠰᠤᠯᠴᠠᠯ ᠢᠶᠠᠷ ᠮᠣᠩᠭᠤᠯ ᠢᠳᠡᠭᠡᠨ ᠤᠮᠳᠠᠭᠠᠨ ᠤ ᠣᠣᠷ ᠰᠣᠶᠣᠯ᠂ ᠡᠭᠦᠰᠦᠯ ᠬᠥᠭᠵᠢᠯ᠂ ᠴᠢᠨᠠᠭᠰᠢᠯᠠᠪᠠᠯ ᠨᠡᠶᠢᠭᠡᠮ ᠤᠨ ᠬᠥᠭᠵᠢᠯᠲᠡ᠂ ᠠᠷᠠᠳ ᠢᠷᠭᠡᠳ ᠤᠨ ᠠᠵᠠ ᠵᠢᠷᠭᠠᠯᠲᠤ ᠠᠮᠢᠳᠤᠷᠠᠯ ᠢ ᠠᠮᠢᠳᠤᠯᠢᠭ ᠪᠣᠳᠠᠲᠠᠢ ᠲᠤᠰᠬᠠᠬᠤ ᠶᠢ ᠵᠣᠷᠢᠭᠰᠠᠨ ᠪᠠᠶᠢᠨ᠎ᠠ᠃
6382656967673527847100517.png
6382657048720099742402827.png
6382657004588464563146953.png
6382656969143913421896721.png
6382657066164644955432801.png
6382657086295965201069150.png
6382657083550378892348504.png
6382657069580187425801518.png
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ