ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠶᠡᠭᠡ ᠳᠡᠭᠡᠳᠦ ᠰᠤᠷᠭᠠᠭᠤᠯᠢ ᠳᠤ ᠰᠢᠨᠵᠢᠯᠡᠬᠦ ᠤᠬᠠᠭᠠᠨ ᠤ ᠵᠤᠰᠠᠯᠠᠩ ᠤᠨ ᠠᠵᠢᠯᠯᠠᠭ᠎ᠠ ᠶᠠᠪᠤᠭᠳᠠᠪᠠ​
ᠨᠡᠶᠢᠲᠡᠯᠡᠭᠰᠡᠨ ᠴᠠᠭ᠄
2023/8/16
       ᠣᠶᠢᠷ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ ᠠᠴᠠ ᠬᠠᠮᠲᠤᠷᠠᠨ ᠡᠷᠭᠢᠯᠡᠭᠰᠡᠨ 2023 ᠣᠨ ᠤ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠶᠡᠭᠡ ᠳᠡᠭᠡᠳᠦ ᠰᠤᠷᠭᠠᠭᠤᠯᠢ ᠳᠠᠬᠢ ᠰᠢᠨᠵᠢᠯᠡᠬᠦ ᠤᠬᠠᠭᠠᠨ ᠤ ᠵᠤᠰᠠᠯᠠᠩ ᠤᠨ ᠠᠵᠢᠯᠯᠠᠭ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠪᠠ᠃ ᠭᠦᠭᠡᠬᠤᠲᠠ ᠶᠢᠨ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ 100 ᠭᠠᠷᠤᠢ ᠪᠠᠭᠰᠢ ᠰᠤᠷᠤᠬᠴᠢᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠣᠶᠢᠯᠠᠭᠠᠵᠤ᠂ ᠰᠢᠨᠵᠢᠯᠡᠬᠦ ᠤᠬᠠᠭᠠᠨ ᠤ ᠷᠢᠳᠢ ᠰᠢᠳᠢ ᠶᠢ ᠡᠷᠢᠯᠬᠢᠯᠡᠯ᠎ᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠭᠰᠢ ᠰᠤᠷᠤᠬᠴᠢᠳ ᠠᠮᠢᠳᠤ ᠪᠣᠳᠠᠰ ᠤᠨ ᠰᠢᠨᠵᠢᠯᠡᠬᠦ ᠤᠬᠠᠭᠠᠨ ᠤ ᠲᠠᠶᠢᠯᠤᠮᠵᠢ  ᠶᠢ ᠰᠣᠨᠣᠰᠴᠤ᠂ ᠮᠠᠯ ᠲᠠᠷᠢᠶᠠᠯᠠᠩ ᠵᠢᠭᠠᠰᠤᠨ ᠤ ᠦᠢᠯᠡᠰ ᠤᠨ ᠠᠮᠢᠳᠤ ᠪᠣᠳᠠᠰ ᠤᠨ ᠲᠤᠷᠰᠢᠯᠲᠠ ᠶᠢᠨ ᠰᠤᠳᠤᠯᠭᠠᠨ ᠤ ᠲᠥᠪ᠂ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ᠂ ᠰᠤᠷᠭᠠᠭᠤᠯᠢ ᠶᠢᠨ ᠲᠡᠦᠬᠡ ᠶᠢᠨ ᠣᠷᠳᠣᠨ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠭᠦ ᠰᠠᠭᠤᠷᠢᠨ ᠢᠶᠠᠷ ᠲᠣᠭᠤᠷᠢᠨ ᠦᠵᠡᠪᠡ᠃ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠬᠴᠢᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠭᠰᠢ ᠰᠤᠷᠤᠬᠴᠢᠳ ᠤᠨ ᠳᠠᠭᠠᠭᠤᠯᠭ᠎ᠠ ᠳᠣᠣᠷ᠎ᠠ ᠥᠯᠥ ᠮᠡᠳᠡᠬᠦ ᠵᠦᠢᠯ ᠢ ᠬᠠᠶᠢᠨ ᠰᠦᠪᠡᠭᠴᠢᠯᠡᠵᠦ᠂ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠷᠢᠳᠢ ᠰᠢᠳᠢ ᠶᠢ ᠮᠡᠳᠡᠷᠡᠵᠦ᠂ ᠡᠯ᠎ᠡ ᠵᠦᠢᠯ ᠤᠨ ᠰᠤᠳᠤᠯᠤᠨ ᠰᠤᠷᠤᠯᠴᠠᠬᠤ ᠡᠭᠦᠷᠭᠡ ᠪᠠᠨ ᠨᠠᠷᠢᠨ ᠬᠢᠨᠠᠮᠠᠭᠠᠢ ᠪᠡᠶᠡᠯᠡᠭᠦᠯᠬᠦ ᠶᠢᠨ ᠬᠠᠮᠲᠤ ᠪᠠᠶᠠᠯᠢᠭ ᠰᠠᠶᠢᠬᠠᠨ ᠶᠡᠭᠡ ᠰᠤᠷᠭᠠᠭᠤᠯᠢ ᠶᠢᠨ ᠠᠮᠢᠳᠤᠷᠠᠯ ᠢ ᠪᠡᠶᠡᠴᠢᠯᠡᠨ ᠣᠶᠢᠯᠠᠭᠠᠵᠠᠢ᠃       ᠪᠦᠭᠦ ᠤᠯᠤᠰ ᠤᠨ ᠵᠠᠯᠠᠭᠤᠴᠤᠳ ᠪᠠᠭᠠᠴᠤᠳ ᠤᠨ ᠶᠡᠭᠡ ᠳᠡᠭᠡᠳᠦ ᠰᠤᠷᠭᠠᠭᠤᠯᠢ ᠳᠠᠬᠢ ᠰᠢᠨᠵᠢᠯᠡᠬᠦ ᠤᠬᠠᠭᠠᠨ ᠤ ᠵᠤᠰᠠᠯᠠᠩ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠰᠡᠯ ᠵᠡᠭᠦᠳᠦ·ᠵᠠᠯᠠᠭᠤ ᠨᠠᠰᠤᠨ ᠤ  ᠬᠦᠰᠡᠯ ᠵᠡᠭᠦᠳᠦ·ᠳᠤᠮᠳᠠᠳᠤ ᠶᠢᠨ ᠬᠦᠰᠡᠯ ᠵᠡᠭᠦᠳᠦ︾ ᠪᠠᠷ ᠭᠤᠣᠯ ᠰᠡᠳᠦᠪ ᠪᠤᠯᠭᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠠ ᠰᠤᠷᠭᠠᠨ ᠬᠥᠮᠦᠵᠢᠯ ᠤᠨ ᠶᠠᠮᠤᠨ ᠠᠴᠠ ᠬᠠᠮᠲᠤᠷᠠᠨ ᠭᠤᠣᠯᠯᠠᠨ ᠡᠷᠭᠢᠯᠡᠵᠦ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠣᠯᠠᠨ ᠨᠡᠶᠢᠲᠡ ᠢᠯᠠᠩᠭᠤᠶ᠎ᠠ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠶᠡᠭᠡ ᠳᠡᠭᠡᠳᠦ ᠰᠤᠷᠭᠠᠭᠤᠯᠢ ᠶᠢᠨ ᠬᠠᠮᠵᠢᠯᠴᠠᠨ ᠬᠥᠮᠥᠨ ᠬᠥᠮᠥᠵᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠪᠠ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠦᠢᠯᠡᠴᠢᠯᠡᠵᠦ ᠪᠠᠶᠢᠳᠠᠭ᠃ ᠣᠶᠢᠯᠠᠭᠠᠭᠰᠠᠨ ᠢᠶᠠᠷ᠂ 2012 ᠣᠨ ᠠᠴᠠ ᠡᠬᠢᠯᠡᠨ ᠵᠠᠯᠠᠭᠤᠴᠤᠳ ᠪᠠᠭᠠᠴᠤᠳ ᠤᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠤᠰᠠᠯᠠᠩ ᠤᠨ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠨᠡᠶᠢᠲᠡ  3695 ᠨᠡᠷ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠬᠴᠢ ᠪᠠ 353 ᠪᠠᠭᠰᠢ ᠶᠢ ᠰᠣᠩᠭᠤᠨ ᠠᠵᠢᠯᠯᠠᠭ᠎ᠠ ᠳᠤ ᠣᠷᠣᠯᠴᠠᠭᠤᠯᠵᠠᠢ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠤᠰᠠᠯᠠᠩ ᠨᠢᠭᠡᠨᠲᠡ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠮᠦᠵᠢᠯ ᠤᠨ ᠲᠥᠷᠥᠯ ᠲᠡᠮᠳᠡᠭᠲᠦ ᠠᠵᠢᠯᠯᠠᠭ᠎ᠠ ᠪᠣᠯᠤᠭᠰᠠᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ