ᠦᠪᠦᠷ ᠮᠤᠩᠭᠤᠯ ᠤᠨ ︽ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ︾ ᠢ ᠡᠮᠬᠢᠳᠬᠡᠨ ᠭᠡᠪᠯᠡᠬᠦᠯᠬᠦ ᠲᠦᠷᠦᠯ ᠵᠦᠢᠯ ᠢ ᠤᠯᠤᠰ ᠤᠨ ᠦᠨᠳᠦᠰᠦᠳᠡᠨ ᠤ ᠵᠦᠪᠯᠡᠯ ᠤᠨ ︽ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠭᠡᠪᠯᠡᠬᠦᠯᠬᠦ ᠴᠣᠪᠣᠷᠠᠯ ᠪᠢᠴᠢᠭ︾ ᠲᠤ ᠭᠤᠶᠤᠴᠢᠯᠠᠨ ᠮᠡᠳᠡᠬᠦᠯᠬᠦ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/8/25
       ᠶᠡᠷᠦᠩᠭᠡᠢ ᠱᠦᠵᠢ ᠰᠢ ᠶᠢᠨ ᠫᠢᠩ ᠤᠨ ᠴᠦᠭᠡᠨ ᠲᠤᠭᠠᠳᠤ ᠦᠨᠳᠦᠰᠦᠳᠡᠨ ᠤ ᠰᠤᠳᠤᠷ ᠪᠢᠴᠢᠭ ᠤᠨ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠤ ᠦᠨᠳᠦᠰᠦᠳᠡᠨ ᠤ ᠰᠤᠳᠤᠷ ᠪᠢᠴᠢᠭ ᠰᠤᠳᠤᠯᠬᠤ ᠲᠠᠰᠤᠭ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠶᠢᠨ ᠲᠤᠭᠤᠷᠢᠨ ᠳᠤ᠂ ︽ᠠᠭᠤᠰᠤᠯᠴᠠᠯ ᠴᠢᠨᠠᠷ︾᠂ ︽ᠨᠡᠶᠢᠳᠡᠯᠢᠭ ᠴᠢᠨᠠᠷ︾ ᠤᠨ ᠦᠵᠡᠯᠳᠡ ᠪᠠ ᠲᠡᠤᠭᠡ ᠶᠢᠨ ᠪᠤᠳᠠᠳᠤ ᠪᠠᠶᠢᠳᠠᠯ ᠢ ᠢᠯᠡᠷᠡᠬᠦᠯᠦᠭᠰᠡᠨ ᠴᠦᠭᠡᠨ ᠲᠤᠭᠠᠳᠤ ᠦᠨᠳᠦᠰᠦᠳᠡᠨ ᠤ ᠦᠰᠦᠭ ᠪᠢᠴᠢᠭ ᠤᠨ ᠡᠷᠲᠡᠨ ᠤ ᠰᠤᠷᠪᠤᠯᠵᠢ ᠪᠢᠴᠢᠭ ᠢ ᠡᠮᠬᠢᠳᠬᠡᠨ ᠭᠡᠪᠯᠡᠬᠦᠯᠬᠦ ᠠᠵᠢᠯ ᠢ ᠦᠷᠨᠢᠬᠦᠯᠵᠠᠢ᠃ ᠤᠶᠢᠷ᠎ᠠ ᠳᠤ᠂ ᠤᠯᠤᠰ ᠤᠨ ᠦᠨᠳᠦᠰᠦᠳᠡᠨ ᠤ ᠵᠦᠪᠯᠡᠯ ᠤᠨ ᠰᠤᠳᠤᠯᠭᠠᠨ ᠤ ᠲᠦᠷᠦᠯ ᠵᠦᠢᠯ — ︽ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠬᠡᠪᠯᠡᠭᠦᠯᠬᠦ ᠴᠣᠪᠣᠷᠠᠯ ᠪᠢᠴᠢᠭ︾ ᠢ ᠭᠤᠶᠤᠴᠢᠯᠠᠨ ᠮᠡᠳᠡᠬᠦᠯᠬᠦ ᠱᠠᠭᠠᠷᠳᠠᠯᠭ᠎ᠠ ᠶᠤᠰᠤᠭᠠᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠮ ᠤᠨ ᠰᠠᠩ ᠤᠨ ᠬᠠᠳᠠᠭᠠᠯᠠᠭᠰᠠᠨ ᠲᠡᠪᠳᠡᠷ ︽ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ︾ ᠢ ᠡᠮᠬᠢᠳᠬᠡᠨ ᠭᠡᠪᠯᠡᠬᠦᠯᠬᠦ ᠲᠦᠷᠦᠯ ᠵᠦᠢᠯ ᠢᠶᠠᠷ ᠪᠠᠶᠢᠴᠠᠭᠠᠨ ᠰᠤᠳᠤᠯᠵᠤ ᠰᠤᠩᠭᠤᠨ ᠲᠤᠭᠳᠠᠭᠠᠪᠠ᠃       ︽ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ︾ ᠪᠤᠯ ᠴᠢᠩ ᠤᠯᠤᠰ ᠤᠨ ᠦᠶ᠎ᠡ ᠶᠢᠨ ᠮᠤᠩᠭᠤᠯ ᠦᠨᠳᠦᠰᠦᠳᠡᠨ ᠤ ᠠᠯᠳᠠᠷᠳᠤ ᠤᠷᠴᠢᠭᠤᠯᠤᠭᠴᠢ ᠬᠠᠰᠪᠤᠤ ᠲᠤᠮᠳᠠᠳᠤ ᠤᠯᠤᠰ ᠤᠨ ᠬᠢᠳᠠᠳ ᠭᠡᠯᠡᠨ ᠤ ᠷᠤᠮᠠᠨ ︽ᠤᠯᠠᠭᠠᠨ ᠠᠰᠠᠷ ᠤᠨ ᠵᠡᠬᠦᠳᠦᠨ︾ ᠤ 120 ᠪᠦᠯᠦᠭ ᠢ ᠦᠨᠳᠦᠰᠦᠯᠡᠵᠦ᠂ 40 ᠪᠥᠯᠥᠭ ᠪᠣᠯᠭᠠᠨ ᠤᠷᠴᠢᠭᠤᠯᠤᠭᠰᠠᠨ ᠮᠣᠩᠭᠤᠯ ᠬᠡᠯᠡᠨ ᠤ ︽ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ︾ ᠪᠤᠯᠤᠨ᠎ᠠ᠃ ᠲᠤᠰ ᠤᠷᠴᠢᠭᠤᠯᠭ᠎ᠠ ᠨᠢ ᠮᠠᠨ ᠤ ᠤᠯᠠᠨ ᠦᠨᠳᠦᠰᠦᠳᠡᠨ ᠲᠠᠢ ᠤᠯᠤᠰ ᠤᠨ ᠤᠳᠬ᠎ᠠ ᠵᠤᠬᠢᠶᠠᠯ ᠤᠨ ᠡᠷᠳᠡᠨᠢᠰ ᠤᠨ ᠰᠠᠩ ᠢ ᠪᠠᠶᠠᠯᠢᠬᠵᠢᠭᠤᠯᠵᠤ᠂ ᠮᠠᠨ ᠤ ᠤᠯᠤᠰ ᠤᠨ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠲᠡᠤᠭᠡ ᠶᠢ ᠪᠤᠰᠤᠳᠴᠢ ᠪᠠᠷ ᠲᠤᠰᠬᠠᠵᠤ᠂ ᠰᠤᠶᠤᠯ ᠤᠨ ᠢᠳᠡᠭᠡᠯ ᠢ ᠪᠠᠳᠤᠳᠬᠠᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠳᠤ ᠬᠤᠪᠢ ᠨᠡᠮᠡᠷᠢ ᠪᠠᠨ ᠦᠵᠡᠬᠦᠯᠵᠠᠢ᠃       ᠤᠳᠤᠬᠠᠨ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠮ ᠤᠨ ᠰᠠᠩ ︽ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ︾ ᠢ ᠰᠢᠷᠪᠢᠵᠦ ᠬᠠᠮᠠᠭᠠᠯᠠᠬᠤ ᠠᠵᠢᠯ ᠢ ᠬᠢᠵᠦ ᠪᠤᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠤ ᠦᠨᠳᠦᠰᠦᠳᠡᠨ ᠤ ᠰᠤᠳᠤᠷ ᠪᠢᠴᠢᠭ ᠰᠤᠳᠤᠯᠬᠤ ᠲᠠᠰᠤᠭ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠮ ᠤᠨ ᠰᠠᠩ ᠬᠤᠶᠠᠷ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠤᠯᠠᠨ ᠤᠳᠠᠭ᠎ᠠ ᠶᠠᠷᠢᠯᠴᠠᠬᠤ ᠪᠠᠷ ᠳᠠᠮᠵᠢᠵᠤ᠂ ᠤᠯᠤᠰ ᠤᠨ ᠦᠨᠳᠦᠰᠦᠳᠡᠨ ᠤ ᠵᠦᠪᠯᠡᠯ ᠤᠨ ᠰᠤᠳᠤᠯᠭᠠᠨ ᠤ ᠲᠦᠷᠦᠯ ᠵᠦᠢᠯ — ︽ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠬᠡᠪᠯᠡᠬᠦᠯᠬᠦ ᠴᠣᠪᠣᠷᠠᠯ ᠪᠢᠴᠢᠭ︾ ᠢ ᠬᠠᠮᠳᠤᠷᠠᠵᠤ ᠭᠤᠶᠤᠴᠢᠯᠠᠨ ᠮᠡᠳᠡᠬᠦᠯᠬᠦ ᠬᠠᠮᠳᠤᠷᠠᠯᠴᠠᠭᠠᠨ ᠤ ᠬᠠᠮᠳᠤ ᠶᠢᠨ ᠲᠠᠨᠢᠯᠳᠠ ᠲᠠᠢ ᠪᠤᠯᠵᠠᠢ᠂ ᠡᠨᠡ ᠬᠦ ᠠᠵᠢᠯ ᠢ ᠲᠤᠤᠷ᠎ᠠ ᠬᠠᠭᠠᠰ ᠵᠢᠯ ᠳᠤ ᠲᠦᠷᠭᠡᠳᠬᠡᠨ ᠠᠬᠢᠭᠤᠯᠬᠤ ᠪᠣᠯᠣᠨ᠎ᠠ᠃     
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ