8 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ | ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠸᠠᠩ ᡁᠢ ᠭᠠᠩ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠯᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠸᠠᠩ ᡁᠢ ᠭᠠᠩ ︽ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠵᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠯᠬᠤᠭ᠎ᠠ ᠶᠢ | ᠲᠦᠷᠭᠡᠳᠬᠡᠶ᠎ᠡ︾ ᠭᠡᠬᠦ ᠰᠡᠳᠦᠪ ᠢᠶᠠᠷ ᠥᠪᠡᠷ ᠤᠨ ᠤᠷᠲᠤ ᠬᠤᠭᠤᠴᠠᠭᠠᠨ ᠤ ᠲᠤᠷᠰᠢᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠣᠨᠣᠯ ᠤᠨ ᠰᠤᠳᠤᠯᠭᠠᠨ ᠪᠠ ᠦᠢᠯᠡᠳᠦᠯᠭᠡ ᠶᠢᠨ ᠬᠤᠷᠠᠮᠳᠤᠭᠤᠯᠤᠯ ᠲᠠᠢ ᠪᠠᠨ ᠤᠶᠠᠯᠳᠤᠭᠤᠯᠵᠤ᠂ ᠤᠨᠤᠯ ᠤᠨ ᠯᠣᠭᠢᠭ᠂ ᠲᠡᠦᠬᠡ ᠶᠢᠨ ᠯᠣᠭᠢᠭ᠂ ᠪᠣᠳᠠᠲᠤ ᠠᠬᠤᠢ ᠶᠢᠨ | ᠯᠣᠭᠢᠭ ᠵᠡᠷᠭᠡ ᠤᠯᠠᠨ ᠬᠠᠷᠠᠭᠠᠰᠤ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠦᠢᠯᠡᠰ ᠤᠨ ᠠᠯᠤᠰ ᠤᠨ ᠬᠠᠷᠠᠯᠲᠠ ᠶᠢ ᠰᠢᠰᠲ᠋ᠧᠮ ᠲᠠᠢ ᠲᠠᠨᠢᠯᠴᠠᠭᠤᠯᠤᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠢ ᠰᠠᠨᠠᠯ ᠢᠶᠠᠨ ᠶᠠᠷᠢᠪᠠ᠃ ᠣᠯᠠᠨ ᠢᠶᠠᠷ ᠢᠶᠠᠨ ᠰᠣᠨᠣᠰᠤᠭᠰᠠᠨ ᠤ ᠳᠠᠷᠠᠭ᠎ᠠ᠂ ᠭᠦᠨ ᠰᠡᠩᠬᠡᠷᠡᠭᠦᠯᠦᠯ ᠣᠯᠵᠤ᠂ | ᠶᠡᠬᠡᠬᠡᠨ ᠣᠯᠣᠯᠲᠠ ᠲᠠᠢ ᠪᠣᠯᠵᠠᠢ᠃ | | | ᠰᠦᠨ ᠱᠤᠤ ᠴᠧᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ ᠲᠣᠪᠤᠶᠢᠮ᠎ᠠ ᠳᠤᠲᠠᠭᠤᠳᠠᠯ ᠪᠣᠯᠣᠨ᠎ᠠ᠂ | ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ | ᠬᠥᠭᠵᠢᠭᠡᠳᠦᠢ ᠭᠠᠵᠠᠷ ᠣᠷᠣᠨ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠡᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠᠲᠠᠢ︾ | ᠭᠡᠬᠦ ᠰᠤᠷᠭᠠᠯ ᠢ ᠪᠠᠲᠤ ᠴᠡᠭᠡᠵᠢᠯᠡᠵᠦ᠂ ᠨᠡᠩ ᠶᠡᠭᠡ ᠰᠥᠰᠥ ᠵᠣᠷᠢᠭ ᠪᠣᠯᠣᠨ ᠴᠤᠭ ᠰᠦᠯᠳᠡ ᠪᠠᠷ ᠰᠢᠨ᠎ᠡ ᠶᠢ ᠡᠭᠦᠳᠬᠦ ᠶᠢ ᠰᠦᠪᠡᠭᠴᠢᠯᠡᠨ ᠰᠢᠨ᠎ᠡ ᠶᠢ ᠡᠭᠦᠳᠬᠦ ᠶᠢ | ᠠᠳᠬᠤᠵᠤ᠂ ᠡᠨᠡ ᠬᠦ ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠦᠷᠢᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠢᠶᠠᠷ ᠵᠠᠮᠨᠠᠵᠤ ᠳᠤᠮᠳᠠ | ᠲᠦᠪᠰᠢᠨ ᠳᠤ ᠲᠠᠪᠰᠢᠨ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠵᠤ᠂ ᠴᠢᠬᠤᠯᠠ | ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠦᠯ ᠢ ᠭᠦᠨᠵᠡᠭᠡᠢ ᠲᠥᠯᠥᠪᠵᠢᠭᠦᠯᠦᠨ ᠬᠡᠷᠡᠭᠵᠢᠭᠦᠯᠵᠦ᠂ ᠶᠡᠭᠡ ᠬᠦᠴᠦ ᠣᠷᠣᠭᠤᠯᠵᠤ ᠪᠠᠶᠢᠭᠠᠳ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ ᠰᠢᠷᠣᠢ᠂ ᠡᠨᠧᠷᠭᠢ ᠨᠥᠭᠡᠴᠡᠯᠡᠬᠦ ᠵᠡᠷᠭᠡ ᠬᠦᠷᠢᠶᠡᠨ ᠳᠠᠬᠢ ︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠵᠦ᠂ | ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠵᠠᠷ ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ ᠶᠢᠨ ᠠᠵᠤ ᠦᠢᠯᠡᠰ ᠤᠨ ᠪᠣᠭᠤᠮᠢ ᠶᠢᠨ | ᠬᠢᠵᠠᠭᠠᠷᠯᠠᠯ ᠢ ᠰᠢᠪᠲᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠳᠦᠷᠢᠮ ᠤᠨ ᠲᠠᠯ᠎ᠠ ᠠᠴᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠤᠶᠢᠵᠢᠭᠤᠯᠬᠤ᠂ ᠦᠯᠡᠳᠡᠭᠡᠬᠦ᠂ ᠬᠡᠷᠡᠭᠯᠡᠬᠦ ᠠᠵᠢᠯ ᠢ ᠰᠠᠶᠢᠲᠤᠷ ᠬᠢᠬᠦ | ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠶᠢ ᠴᠢᠬᠤᠯᠠᠴᠢᠯᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠦᠭᠦ ᠲᠠᠯ᠎ᠠ ᠪᠠᠷ ᠪᠠᠶᠢᠴᠠᠭᠠᠨ ᠭᠠᠷᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ | ᠰᠤᠳᠤᠯᠭᠠᠨ ᠬᠡᠷᠡᠭᠯᠡᠯᠲᠡ ᠶᠢᠨ ᠡᠯ᠎ᠡ ᠲᠠᠯ᠎ᠠ ᠶᠢᠨ ᠬᠠᠮᠲᠤᠷᠠᠯᠴᠠᠭᠠᠨ ᠤ ᠵᠠᠮ ᠢ ᠨᠠᠪᠲᠠᠷᠡᠭᠦᠯᠵᠦ᠂ ᠨᠡᠩ ᠤᠯᠠᠨ ︽ᠦᠷ᠎ᠡ︾ ᠶᠢ ︽ᠴᠢᠬᠢ ᠮᠣᠳᠣ︾ ᠪᠣᠯᠭᠠᠨ | ᠬᠤᠪᠢᠷᠠᠭᠤᠯᠵᠤ᠂ ︽ᠫᠧᠩᠰᠡᠲᠦ ᠦᠵᠡᠮᠵᠢ︾ ᠶᠢ ︽ᠤᠢ ᠰᠢᠭᠤᠢ︾ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ | ᠤᠯᠠᠨ ᠨᠡᠶᠢᠭᠡᠮ ᠤᠨ ᠬᠥᠷᠥᠩᠭᠡ ᠶᠢ ᠰᠢᠨ᠎ᠡ ᠶᠢ ᠡᠭᠦᠳᠬᠦ ᠳᠤ ᠣᠷᠣᠯᠴᠠᠭᠤᠯᠬᠤ ᠪᠠᠷ ᠬᠥᠲᠥᠯᠥᠨ ᠳᠠᠭᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠨ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠨᠡᠩ ᠤᠯᠠᠨ ᠰᠢᠨ᠎ᠡ ᠶᠢ ᠡᠭᠦᠳᠬᠦ ᠲᠠᠪᠴᠠᠩ᠂ ᠠᠵᠤ ᠠᠬᠤᠶᠢᠯᠠᠯ᠂ ᠦᠷ᠎ᠡ ᠪᠦᠲᠦᠭᠡᠯ᠂ ᠴᠢᠳᠠᠪᠤᠷᠢᠲᠠᠨ ᠵᠡᠷᠭᠡ ᠳᠠᠪᠠᠭᠤᠯᠢᠭ ᠡᠬᠢ | ᠪᠠᠶᠠᠯᠢᠭ ᠢ ᠥᠪᠡᠷ ᠤᠨ ᠪᠡᠶ᠎ᠡ ᠳᠡᠭᠡᠨ ᠠᠰᠢᠭᠯᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠵᠣᠬᠢᠬᠤ ᠳᠦᠷᠢᠮᠯᠡᠯ | ᠭᠡᠵᠦ ᠪᠠᠶᠢᠳᠠᠭ ᠦᠭᠡᠢ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ | ᠲᠤᠷᠰᠢᠵᠤ᠂ ᠵᠣᠷᠢᠭᠲᠠᠢ ᠬᠢᠬᠦ ᠬᠡᠷᠡᠭᠲᠡᠢ ᠭᠡᠵᠦ ᠬᠡᠯᠡᠪᠡ᠃ | | | ᠰᠤᠷᠤᠯᠴᠠᠯᠭ᠎ᠠ ᠶᠢᠨ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ | ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠰᠢᠭᠦᠬᠦ | ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠤᠰᠤᠳ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠭᠤᠣᠯ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃ | | | |