— ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠭᠤᠨ ᠵᠢᠯ ᠤᠨ ᠬᠥᠭᠵᠢᠯᠲᠡ ᠶᠢ ᠲᠡᠮᠳᠡᠭᠯᠡᠪᠡ | | ᠬᠦᠴᠢᠷ ᠪᠡᠷᠬᠡ ᠶᠢ ᠲᠤᠭᠤᠯᠵᠤ ᠬᠦᠨᠳᠦᠲᠦ ᠨᠡᠷ᠎ᠡ ᠪᠠᠨ ᠱᠤᠭᠤᠪᠠ | ᠣᠷᠤᠭ᠎ᠠ ᠪᠤᠰᠬᠠᠭ᠎ᠠ 1918 ᠣᠨ ᠳᠤ ᠠᠭᠤᠤ ᠶᠡᠭᠡ ᠡᠬᠡ ᠣᠷᠣᠨᠴᠢ ᠭᠦᠸᠧ ᠳ᠋ᠣᠣ ᠹᠦ᠋ ᠠᠪᠤᠭᠠᠢ ᠭᠡᠷ ᠬᠥᠷᠥᠩᠭᠡ ᠪᠠᠨ ᠬᠤᠳᠠᠯᠳᠤᠵᠤ᠂ ᠬᠥᠯᠥᠨ ᠪᠤᠶᠢᠷ | ᠲᠤ ᠬᠤᠪᠢ ᠠᠴᠠ ᠡᠷᠭᠢᠯᠡᠭᠰᠡᠨ ᠮᠣᠩᠭᠤᠯ ᠬᠤᠰᠢᠭᠤᠳ ᠤᠨ ᠪᠠᠭ᠎ᠠ ᠰᠤᠷᠭᠠᠭᠤᠯᠢ ᠶᠢ ᠡᠭᠦᠰᠬᠡᠨ ᠪᠠᠶᠢᠭᠤᠯᠵᠤ᠂ 1919 ᠣᠨ ᠳᠤ ᠠᠯᠪᠠᠨ ᠠᠴᠠ ᠡᠷᠭᠢᠯᠡᠭᠰᠡᠨ | ᠮᠣᠩᠭᠤᠯ ᠬᠤᠰᠢᠭᠤᠳ ᠤᠨ ᠪᠠᠭ᠎ᠠ ᠰᠤᠷᠭᠠᠭᠤᠯᠢ ᠪᠣᠯᠭᠠᠨ ᠥᠭᠡᠷᠡᠴᠢᠯᠡᠪᠡ᠃ 1919 ᠣᠨ ᠤ ᠵᠤᠨ ᠤ ᠰᠡᠭᠦᠯᠴᠢ ᠨᠠᠮᠤᠷ ᠤᠨ ᠡᠬᠢ ᠪᠠᠷ᠂ ᠬᠠᠶᠢᠯᠠᠷ ᠲᠤ | ᠬᠤᠯᠤᠭᠠᠨ᠎ᠠ ᠶᠢᠨ ᠬᠢᠵᠢᠭ ᠳᠡᠯᠭᠡᠷᠡᠵᠦ᠂ ᠰᠤᠷᠭᠠᠭᠤᠯᠢ ᠨᠢ ᠠᠷᠭ᠎ᠠ ᠪᠤᠰᠤ ᠬᠢᠴᠢᠶᠡᠯ ᠵᠣᠭᠰᠣᠪᠠ᠃ 1920 ᠣᠨ ᠳᠤ ᠮᠣᠩᠭᠤᠯ ᠬᠤᠰᠢᠭᠤᠳ ᠤᠨ ᠪᠠᠭ᠎ᠠ ᠰᠤᠷᠭᠠᠭᠤᠯᠢ | ᠪᠠᠨ ᠰᠡᠷᠭᠦᠭᠡᠨ ᠪᠠᠶᠢᠭᠤᠯᠵᠤ᠂ ᠪᠠᠭ᠎ᠠ ᠰᠤᠷᠭᠠᠭᠤᠯᠢ ᠳᠠᠭᠠᠨ ᠳᠤᠮᠳᠠᠳᠤ ᠰᠤᠷᠭᠠᠭᠤᠯᠢ ᠶᠢ ᠨᠡᠮᠡᠨ ᠪᠠᠶᠢᠭᠤᠯᠵᠤ᠂ ᠳᠤᠮᠳᠠᠳᠤ ᠰᠤᠷᠭᠠᠭᠤᠯᠢ ᠳᠤ ᠮᠣᠩᠭᠤᠯ᠂ ᠬᠢᠲᠠᠳ᠂ | ᠤᠷᠤᠰ ᠭᠤᠷᠪᠠᠨ ᠬᠡᠯᠡ ᠪᠠᠷ ᠬᠢᠴᠢᠶᠡᠯᠯᠡᠵᠦ ᠡᠬᠢᠯᠡᠭᠰᠡᠨ ᠪᠥᠭᠡᠳ ᠰᠤᠷᠭᠠᠭᠤᠯᠢ ᠶᠢᠨ ᠨᠡᠷ᠎ᠡ ᠪᠠᠨ︽ᠬᠥᠯᠥᠨ ᠪᠤᠶᠢᠷ ᠤᠨ ᠮᠣᠩᠭᠤᠯ ᠬᠤᠰᠢᠭᠤᠳ ᠤᠨ ᠰᠤᠷᠭᠠᠭᠤᠯᠢ︾ | ᠭᠡᠵᠦ ᠬᠠᠯᠠᠪᠠ᠃ ᠬᠥᠯᠥᠨ ᠪᠤᠶᠢᠷ ᠤᠨ ᠮᠣᠩᠭᠤᠯ ᠬᠤᠰᠢᠭᠤᠳ ᠤᠨ ᠰᠤᠷᠭᠠᠭᠤᠯᠢ ᠪᠠᠶᠢᠭᠤᠯᠤᠭᠳᠠᠭᠰᠠᠨ ᠨᠢ ᠬᠥᠯᠥᠨ ᠪᠤᠶᠢᠷ ᠤᠨ ᠦᠨᠳᠦᠰᠦᠲᠡᠨ ᠤ ᠰᠤᠷᠭᠠᠨ | ᠬᠥᠮᠦᠵᠢᠯ ᠤᠨ ᠠᠩᠬᠠᠨ ᠤ ᠵᠠᠮ ᠢ ᠨᠡᠭᠡᠭᠡᠭᠰᠡᠨ ᠶᠠᠪᠤᠳᠠᠯ ᠪᠣᠯᠣᠨ᠎ᠠ᠃ | | | 1923 ᠣᠨ ᠤ ᠡᠬᠢ ᠪᠠᠷ ᠭᠦᠸᠧ ᠳ᠋ᠣᠣ ᠹᠦ᠋ ᠪᠡᠭᠡᠵᠢᠩ ᠳᠤ ᠬᠦᠷᠴᠦ ᠮᠣᠩᠭᠤᠯ ᠲᠥᠪᠡᠳ ᠰᠤᠷᠭᠠᠭᠤᠯᠢ ᠶᠢᠨ ᠪᠠᠭᠰᠢ᠂ ᠰᠤᠷᠤᠬᠴᠢ ᠶᠢᠨ ᠬᠢᠨᠠᠨ | ᠬᠠᠮᠢᠶᠠᠷᠤᠭᠴᠢ ᠶᠢᠨ ᠲᠤᠰᠢᠶᠠᠯ ᠢ ᠡᠭᠦᠷᠭᠡᠯᠡᠵᠦ᠂ ᠾᠧ ᠢ ᠬᠥᠯᠥᠨ ᠪᠤᠶᠢᠷ ᠤᠨ ᠮᠣᠩᠭᠤᠯ ᠬᠤᠰᠢᠭᠤᠳ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ | ᠬᠠᠷᠢᠭᠤᠴᠠᠪᠠ᠃ 1923 ᠣᠨ ᠤ 5 ᠰᠠᠷ᠎ᠠ ᠶᠢᠨ 17 ᠤ ᠡᠳᠦᠷ ᠬᠥᠯᠥᠨ ᠪᠤᠶᠢᠷ ᠤᠨ ᠮᠠᠶᠢᠷᠠᠨ ᠵᠠᠩᠭᠢ ᠶᠢᠨ ᠵᠢᠭᠠᠪᠤᠷᠢ ᠪᠠᠷ ᠾᠧ ᠢ︽ᠬᠥᠯᠥᠨ ᠪᠤᠶᠢᠷ ᠤᠨ | ᠮᠣᠩᠭᠤᠯ ᠬᠤᠰᠢᠭᠤᠳ ᠤᠨ ᠲᠤᠮᠳᠠᠳᠣ ᠰᠤᠷᠭᠠᠭᠤᠯᠢ︾ᠭᠡᠬᠦ ᠰᠢᠨ᠎ᠡ ᠲᠠᠮᠠᠭ᠎ᠠ ᠶᠢ ᠬᠡᠷᠡᠭᠯᠡᠭᠰᠡᠨ ᠪᠥᠭᠡᠳ︽ᠬᠥᠯᠥᠨ ᠪᠤᠶᠢᠷ ᠤᠨ ᠮᠣᠩᠭᠤᠯ ᠬᠤᠰᠢᠭᠤᠳ ᠤᠨ ᠰᠤᠷᠭᠠᠭᠤᠯᠢ︾ | ᠭᠡᠬᠦ ᠬᠠᠭᠤᠴᠢᠨ ᠲᠠᠮᠠᠭ᠎ᠠ ᠪᠠᠨ ᠳᠡᠭᠡᠭᠰᠢ ᠲᠤᠰᠢᠶᠠᠪᠠ᠃ ᠮᠣᠩᠭᠤᠯ ᠬᠤᠰᠢᠭᠤᠳ ᠤᠨ ᠰᠤᠷᠭᠠᠭᠤᠯᠢ ᠠᠴᠠ ᠮᠣᠩᠭᠤᠯ ᠬᠤᠰᠢᠭᠤᠳ ᠤᠨ ᠳᠤᠮᠳᠠᠳᠤ ᠰᠤᠷᠭᠠᠭᠤᠯᠢ | ᠪᠣᠯᠣᠨ ᠬᠥᠭᠵᠢᠭᠰᠡᠨ ᠨᠢ ᠨᠢᠭᠡ ᠤᠳᠠᠭᠠᠨ ᠤ ᠴᠢᠨᠠᠷ ᠤᠨ ᠦᠰᠦᠷᠦᠯᠲᠡ ᠪᠠᠶᠢᠵᠤ᠂ ᠬᠥᠯᠥᠨ ᠪᠤᠶᠢᠷ ᠤᠨ ᠴᠥᠭᠡᠨ ᠲᠣᠭᠠᠲᠤ ᠦᠨᠳᠦᠰᠦᠲᠡᠨ ᠤ ᠳᠤᠮᠳᠠ ᠵᠡᠷᠭᠡ ᠶᠢᠨ | ᠰᠤᠷᠭᠠᠨ ᠬᠥᠮᠦᠵᠢᠯ ᠤᠨ ᠰᠠᠭᠤᠷᠢ ᠶᠢ ᠲᠠᠯᠪᠢᠵᠤ᠂ ᠡᠬᠡ ᠤᠯᠤᠰ ᠤᠨ ᠤᠮᠠᠷᠠᠲᠤ ᠬᠢᠯᠢ ᠳᠤ ᠨᠢᠭᠡᠨ ᠦᠨᠳᠦᠰᠦᠲᠡᠨ ᠤ ᠳᠤᠮᠳᠠᠳᠤ ᠰᠤᠷᠭᠠᠭᠤᠯᠢ ᠵᠢᠩᠬᠢᠨᠢ ᠪᠠᠷ | ᠪᠠᠶᠢᠭᠤᠯᠤᠭᠳᠠᠭᠰᠠᠨ ᠢ ᠬᠠᠷᠠᠭᠤᠯᠵᠤ᠂ 1923 ᠣᠨ ᠤ 5 ᠰᠠᠷ᠎ᠠ ᠶᠢᠨ 17 ᠤ ᠡᠳᠦᠷ ᠢ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ | ᠪᠠᠶᠢᠭᠤᠯᠤᠭᠳᠠᠭᠰᠠᠨ ᠳᠤᠷᠠᠰᠬᠠᠯ ᠤᠨ ᠡᠳᠦᠷ ᠪᠤᠯᠭᠠᠬᠰᠠᠨ ᠪᠠᠶᠢᠨ᠎ᠠ᠃ | | | 1932 ᠣᠨ ᠤ ᠵᠢᠯ ᠤᠨ ᠡᠴᠦᠰ ᠲᠤ᠂ ᠶᠠᠫᠤᠨ ᠤ ᠡᠵᠡᠷᠬᠡᠭ ᠲᠦᠷᠢᠮᠡᠬᠡᠶᠢᠲᠡᠨ ᠬᠠᠶᠢᠯᠠᠷ ᠢ ᠡᠵᠡᠯᠡᠵᠦ᠂ ︽ᠬᠢᠩᠭᠠᠨ ᠬᠤᠶᠢᠲᠤ ᠮᠤᠵᠢ︾ ᠬᠠᠭᠤᠷᠮᠠᠭ ᠵᠠᠰᠠᠭ ᠢ | ᠪᠠᠶᠢᠭᠤᠯᠪᠠ᠃ ᠰᠣᠶᠣᠯ ᠤᠨ ᠲᠦᠷᠢᠮᠡᠬᠡᠶᠢᠯᠡᠯ ᠤᠨ ᠵᠣᠷᠢᠯᠭ᠎ᠠ ᠳᠠᠭᠠᠨ ᠬᠦᠷᠬᠦ ᠶᠢᠨ ᠲᠥᠯᠥᠭᠡ᠂ ᠶᠠᠫᠤᠨ ᠤ ᠬᠠᠭᠤᠷᠮᠠᠭ ᠵᠠᠰᠠᠭ᠂ ᠬᠠᠶᠢᠯᠠᠷ ᠲᠤ︽ᠬᠢᠩᠭᠠᠨ ᠬᠤᠶᠢᠲᠤ | ᠮᠤᠵᠢ ᠶᠢᠨ ᠬᠠᠶᠢᠯᠠᠷ ᠲᠠᠬᠢ ᠬᠢᠩᠭᠠᠨ ᠳᠡᠭᠡᠳᠦ ᠰᠤᠷᠭᠠᠭᠤᠯᠢ︾ ᠶᠢ ᠪᠠᠶᠢᠭᠤᠯᠵᠤ᠂ ᠬᠤᠵᠢᠮ ᠨᠢ ᠨᠡᠷ᠎ᠡ ᠪᠠᠨ︽ᠬᠢᠩᠭᠠᠨ ᠬᠤᠶᠢᠲᠤ ᠮᠤᠵᠢ ᠶᠢᠨ ᠮᠤᠵᠢ ᠠᠴᠠ ᠡᠷᠭᠢᠯᠡᠭᠰᠡᠨ | ᠨᠢᠭᠡᠳᠦᠭᠡᠷ ᠢᠷᠭᠡᠨ ᠤ ᠳᠡᠭᠡᠳᠦ ᠵᠡᠷᠭᠡ ᠶᠢᠨ ᠰᠤᠷᠭᠠᠭᠤᠯᠢ︾ᠭᠡᠵᠦ ᠬᠠᠯᠠᠭᠠᠳ᠂ ᠶᠠᠫᠤᠨ ᠬᠡᠯᠡ ᠶᠢ ᠠᠯᠪᠠ ᠪᠠᠷ ᠵᠢᠭᠠᠵᠤ᠂ ᠡᠪ ᠬᠠᠮᠲᠤ ᠨᠠᠮ ᠢ ᠡᠰᠡᠷᠭᠦᠴᠡᠬᠦ ᠶᠠᠫᠤᠨ ᠢ | ᠳᠣᠲᠣᠨᠣᠴᠢᠯᠠᠬᠤ ᠦᠵᠡᠯ ᠰᠠᠨᠠᠭ᠎ᠠ ᠶᠢ ᠰᠤᠷᠲᠠᠯᠴᠢᠯᠠᠵᠤ᠂ ᠬᠥᠯᠥᠨ ᠪᠤᠶᠢᠷ ᠤᠨ ᠮᠣᠩᠭᠤᠯ ᠬᠤᠰᠢᠭᠤᠳ ᠤᠨ ᠳᠤᠮᠳᠠᠳᠤ ᠰᠤᠷᠭᠠᠭᠤᠯᠢ ᠶᠢ ᠠᠯᠪᠠᠳᠠᠯᠭ᠎ᠠ ᠪᠠᠷ | ᠵᠣᠭᠰᠣᠭᠠᠪᠠ᠃ ᠶᠠᠫᠤᠨ ᠤ ᠲᠦᠷᠢᠮᠡᠬᠡᠶᠢᠲᠡᠨ ᠬᠡᠳᠦᠶᠢᠪᠡᠷ︽ᠬᠢᠩᠭᠠᠨ ᠬᠤᠶᠢᠲᠤ ᠮᠤᠵᠢ ᠶᠢᠨ ᠮᠤᠵᠢ ᠠᠴᠠ ᠡᠷᠭᠢᠯᠡᠭᠰᠡᠨ ᠨᠢᠭᠡᠳᠦᠭᠡᠷ ᠢᠷᠭᠡᠨ ᠤ ᠳᠡᠭᠡᠳᠦ ᠵᠡᠷᠭᠡ ᠶᠢᠨ | ᠰᠤᠷᠭᠠᠭᠤᠯᠢ︾ ᠳᠤ ᠪᠣᠭᠤᠯᠴᠢᠯᠠᠬᠤ ᠬᠥᠮᠦᠵᠢᠯ ᠢ ᠬᠡᠷᠡᠭᠵᠢᠭᠦᠯᠦᠭᠰᠡᠨ ᠪᠤᠯᠪᠠᠴᠤ ᠤᠯᠤᠰ ᠢᠶᠠᠨ ᠬᠠᠶᠢᠷᠠᠯᠠᠬᠤ ᠰᠤᠷᠤᠬᠴᠢᠳ ᠤᠨ ᠦᠨᠳᠦᠰᠦᠲᠡᠨ ᠤ ᠤᠬᠠᠮᠰᠠᠷ᠂ | ᠶᠠᠫᠤᠨ ᠢ ᠡᠰᠡᠷᠭᠦᠴᠡᠬᠦ ᠦᠵᠡᠯ ᠰᠠᠨᠠᠭ᠎ᠠ ᠨᠢ ᠰᠤᠯᠠᠷᠠᠭᠰᠠᠨ ᠦᠭᠡᠢ᠂ ᠥᠷᠭᠡᠨ ᠤᠯᠠᠨ ᠰᠤᠷᠤᠬᠴᠢ ᠶᠠᠫᠤᠨ ᠢ ᠡᠰᠡᠷᠭᠦᠴᠡᠬᠦ ᠰᠤᠷᠤᠬᠴᠢᠳ ᠤᠨ ᠬᠥᠳᠡᠯᠭᠡᠭᠡᠨ ᠢ | ᠥᠷᠨᠢᠭᠦᠯᠵᠦ᠂ ᠶᠠᠫᠤᠨ ᠢ ᠡᠰᠡᠷᠭᠦᠴᠡᠵᠦ ᠦᠨᠳᠦᠰᠦᠲᠡᠨ ᠢᠶᠠᠨ ᠠᠪᠤᠷᠠᠬᠤ ᠬᠥᠳᠡᠯᠭᠡᠭᠡᠨ ᠳᠤ ᠢᠳᠡᠪᠬᠢᠲᠡᠢ ᠣᠷᠣᠯᠴᠠᠬᠰᠠᠨ ᠪᠠᠶᠢᠨ᠎ᠠ᠃ | 1945 ᠣᠨ ᠳᠤ᠂ ᠶᠠᠫᠤᠨ ᠲᠠᠶᠢᠨ ᠳᠤ ᠢᠯᠠᠭᠳᠠᠨ ᠪᠠᠭᠤᠨ ᠥᠭᠴᠦ᠂︽ᠬᠢᠩᠭᠠᠨ ᠬᠤᠶᠢᠲᠤ ᠮᠤᠵᠢ ᠶᠢᠨ ᠮᠤᠵᠢ ᠠᠴᠠ ᠡᠷᠭᠢᠯᠡᠭᠰᠡᠨ ᠨᠢᠭᠡᠳᠦᠭᠡᠷ ᠢᠷᠭᠡᠨ ᠤ ᠳᠡᠭᠡᠳᠦ | ᠵᠡᠷᠭᠡ ᠶᠢᠨ ᠰᠤᠷᠭᠠᠭᠤᠯᠢ︾ ᠪᠠᠨ ᠲᠠᠷᠬᠠᠭᠠᠪᠠ᠃ 1946 ᠣᠨ ᠳᠤ ᠬᠥᠯᠥᠨ ᠪᠤᠶᠢᠷ ᠤᠨ ᠴᠢᠯᠦᠭᠡᠯᠡᠯᠲᠡ ᠶᠢᠨ ᠬᠥᠳᠡᠯᠭᠡᠭᠡᠨ ᠢ ᠳᠠᠭᠠᠯᠳᠤᠨ᠂ ᠬᠥᠯᠥᠨ ᠪᠤᠶᠢᠷ ᠤᠨ | ᠮᠣᠩᠭᠤᠯ ᠬᠤᠰᠢᠭᠤᠳ ᠤᠨ ᠳᠤᠮᠳᠠᠳᠤ ᠰᠤᠷᠭᠠᠭᠤᠯᠢ ᠶᠢ ᠰᠡᠷᠭᠦᠭᠡᠨ ᠪᠠᠶᠢᠭᠤᠯᠵᠤ ᠰᠤᠷᠤᠯᠭ᠎ᠠ ᠡᠬᠢᠯᠡᠭᠦᠯᠵᠦ᠂ ᠰᠤᠷᠭᠠᠭᠤᠯᠢ ᠶᠢᠨ ᠨᠡᠷ᠎ᠡ ᠪᠠᠨ︽ᠬᠥᠯᠥᠨ ᠪᠤᠶᠢᠷ ᠤᠨ | ᠥᠪᠡᠷᠲᠡᠭᠡᠨ ᠵᠠᠰᠠᠬᠤ ᠮᠤᠵᠢ ᠶᠢᠨ ᠮᠤᠵᠢ ᠠᠴᠠ ᠡᠷᠭᠢᠯᠡᠭᠰᠡᠨ ᠨᠢᠭᠡᠳᠦᠭᠡᠷ ᠳᠤᠮᠳᠠᠳᠤ ᠰᠤᠷᠭᠠᠭᠤᠯᠢ︾ᠭᠡᠵᠡᠢ᠃ ᠶᠠᠫᠤᠨ ᠤ ᠬᠠᠭᠤᠷᠮᠠᠭ ᠵᠠᠰᠠᠭ ᠤᠨ ᠪᠣᠭᠤᠯᠴᠢᠯᠠᠯ ᠤᠨ | ᠰᠤᠷᠭᠠᠨ ᠬᠥᠮᠦᠵᠢᠯ ᠤᠨ ᠦᠯᠡᠳᠡᠭᠳᠡᠯ ᠢ ᠤᠰᠠᠳᠬᠠᠬᠤ ᠶᠢᠨ ᠲᠥᠯᠥᠭᠡ᠂ ᠰᠤᠷᠭᠠᠭᠤᠯᠢ ᠠᠴᠠ ᠬᠤᠪᠢᠰᠬᠠᠯ ᠤᠨ ᠰᠢᠨ᠎ᠡ ᠰᠤᠷᠭᠠᠨ ᠬᠥᠮᠦᠵᠢᠯ ᠢ ᠢᠳᠡᠪᠬᠢᠲᠡᠢ | ᠥᠷᠨᠢᠭᠦᠯᠵᠦ᠂ ᠰᠤᠷᠭᠠᠭᠤᠯᠢ ᠡᠷᠭᠢᠯᠡᠭᠦ ᠠᠷᠭ᠎ᠠ ᠶᠢᠨ ᠲᠠᠯ᠎ᠠ ᠪᠠᠷ ᠬᠠᠭᠤᠴᠢᠨ ᠨᠡᠶᠢᠭᠡᠮ ᠠᠴᠠ ᠤᠯᠠᠮᠵᠢᠯᠠᠵᠤ ᠢᠷᠡᠭᠰᠡᠨ ᠡᠷᠡᠭᠲᠡᠢ ᠡᠮᠡᠭᠲᠡᠢ ᠰᠤᠷᠭᠠᠭᠤᠯᠢ ᠬᠤᠪᠢᠶᠠᠬᠤ | ᠳᠦᠷᠢᠮ ᠢ ᠡᠪᠳᠡᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠵᠠᠷᠴᠢᠮ ᠢ ᠬᠡᠷᠡᠭᠵᠢᠭᠦᠯᠦᠨ᠂ ᠬᠢᠴᠢᠶᠡᠯ ᠤᠨ ᠪᠢᠴᠢᠭ ᠢ ᠴᠥᠮ ᠥᠪᠡᠷ ᠲᠡᠭᠡᠨ ᠨᠠᠶᠢᠷᠠᠭᠤᠯᠤᠭᠰᠠᠨ | ᠪᠠᠶᠢᠨ᠎ᠠ᠃ ᠡᠭᠦᠨ ᠠᠴᠠ ᠬᠤᠶᠢᠰᠢ ᠰᠤᠷᠭᠠᠭᠤᠯᠢ ᠶᠢᠨ ᠨᠡᠷ᠎ᠡ ᠪᠠᠨ︽ᠬᠥᠯᠥᠨ ᠪᠤᠶᠢᠷ ᠤᠨ ᠠᠶᠢᠮᠠᠭ ᠠᠴᠠ ᠡᠷᠭᠢᠯᠡᠭᠰᠡᠨ ᠳᠤᠮᠳᠠᠳᠤ ᠰᠤᠷᠭᠠᠭᠤᠯᠢ︾ ︽ᠬᠥᠯᠥᠨ ᠨᠤᠨ | ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ︾ᠭᠡᠬᠦ ᠮᠡᠲᠦ ᠪᠠᠷ ᠬᠠᠯᠠᠵᠤ᠂ 1952 ᠣᠨ ᠳᠤ︽ᠬᠠᠶᠢᠯᠠᠷ ᠲᠠᠬᠢ ᠨᠢᠭᠡᠳᠦᠭᠡᠷ ᠳᠤᠮᠳᠠᠳᠤ | ᠰᠤᠷᠭᠠᠭᠤᠯᠢ︾ᠭᠡᠵᠦ ᠬᠠᠯᠠᠭᠠᠳ ᠣᠲᠣ ᠪᠤᠯᠲᠠᠯ᠎ᠠ ᠲᠤᠰ ᠨᠡᠷ᠎ᠡ ᠪᠠᠨ ᠬᠡᠷᠡᠭᠯᠡᠭᠰᠡᠭᠡᠷ ᠢᠷᠡᠵᠡᠢ᠃ | | | ᠲᠡᠶᠢᠠ ᠤ ᠭᠠᠯ ᠳᠦᠷᠡᠯᠵᠡᠵᠦ ᠪᠠᠶᠢᠭᠰᠠᠨ ᠣᠨ ᠵᠢᠯ ᠤᠳ ᠲᠤ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠡᠷ᠎ᠡ ᠬᠡᠳᠦᠨᠲᠡ ᠬᠠᠯᠠᠭᠳᠠᠭᠰᠠᠨ | ᠪᠤᠯᠪᠠᠴᠤ ᠲᠡᠭᠦᠨ ᠤ ᠪᠦᠯᠬᠦᠮᠳᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠤᠯᠤᠰ ᠣᠷᠣᠨ ᠤ ᠮᠠᠨᠳᠤᠯ ᠬᠥᠭᠵᠢᠯ ᠤᠨ ᠲᠥᠯᠥᠭᠡ ᠬᠤᠪᠢ | ᠨᠡᠮᠡᠷᠢ ᠪᠠᠨ ᠦᠵᠡᠭᠦᠯᠭᠦ ᠴᠢᠩ ᠦᠨᠡᠨᠴᠢ ᠡᠬᠡ ᠣᠷᠣᠨᠴᠢ ᠰᠡᠳᠬᠢᠯ ᠨᠢ ᠢᠮᠠᠭᠲᠠ ᠬᠤᠪᠢᠷᠠᠭᠰᠠᠨ ᠦᠭᠡᠢ ᠶᠤᠮ᠃ | | | | ᠲᠥᠷᠥ ᠶᠢᠨ ᠬᠥᠭᠵᠢᠯᠲᠡ ᠲᠠᠢ ᠵᠤᠤᠵᠠᠢ ᠬᠤᠯᠪᠣᠨ ᠲᠥᠷᠥᠭᠡ ᠬᠠᠩᠭᠢᠨᠠᠭᠤᠯᠤᠨ ᠵᠡᠷᠭᠡᠴᠡᠨ ᠬᠥᠭᠵᠢᠪᠡ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠲᠡᠷᠠᠭ᠎ᠠ᠂ ᠳᠤᠮᠳᠠᠳᠤ ᠤᠯᠤᠰ ᠤᠨ ᠠᠷᠠᠳ ᠲᠦᠮᠡᠨ ᠤ ᠪᠣᠭᠤᠯᠴᠢᠯᠠᠭᠳᠠᠵᠤ | ᠪᠠᠶᠢᠭᠰᠠᠨ ᠭᠤᠲᠤᠮᠰᠢᠭᠲᠤ ᠲᠡᠦᠬᠡ ᠶᠢ ᠡᠴᠦᠰᠯᠡᠭᠦᠯᠵᠦ᠂ ᠳᠤᠮᠳᠠᠳᠤ ᠶᠢᠨ ᠦᠨᠳᠦᠰᠦᠲᠡᠨ ᠡᠵᠡᠨ ᠮᠡᠳᠡᠵᠤ ᠡᠷᠬᠡ ᠴᠢᠯᠦᠭᠡ ᠪᠠᠨ ᠣᠯᠵᠤ᠂ ᠦᠨᠳᠦᠰᠦᠲᠡᠨ ᠨᠦᠭᠦᠳ | ᠡᠷᠬᠡ ᠲᠡᠭᠰᠢ᠂ ᠪᠦᠯᠬᠦᠮᠳᠡᠨ ᠬᠠᠮᠵᠢᠯᠴᠠᠬᠤ᠂ ᠬᠠᠮᠲᠤ ᠪᠠᠷ ᠴᠡᠴᠡᠭᠯᠡᠨ ᠬᠥᠭᠵᠢᠬᠦ ᠲᠡᠦᠬᠡ ᠶᠢᠨ ᠰᠢᠨ᠎ᠡ ᠴᠠᠭ ᠦᠶ᠎ᠡ ᠶᠢ ᠨᠡᠭᠡᠭᠡᠭᠰᠡᠨ ᠪᠠᠶᠢᠨ᠎ᠠ᠃ ᠤᠯᠤᠰ ᠠᠷᠠᠳ ᠤᠨ | ᠠᠵᠤ ᠠᠬᠤᠢ ᠶᠢᠨ ᠰᠡᠷᠭᠦᠯᠲᠡ ᠪᠠ ᠬᠥᠭᠵᠢᠯᠲᠡ ᠶᠢ ᠳᠠᠭᠠᠯᠳᠤᠨ᠂ ᠰᠣᠶᠣᠯ᠂ ᠰᠤᠷᠭᠠᠨ ᠬᠥᠮᠦᠵᠢᠯ ᠤᠨ ᠪᠦᠲᠦᠭᠡᠨ ᠪᠠᠶᠢᠭᠤᠯᠤᠯᠲᠠ ᠴᠦ ᠠᠯᠬᠤᠮ ᠠᠯᠬᠤᠮ ᠢᠶᠠᠷ | ᠥᠷᠨᠢᠨ ᠬᠥᠭᠵᠢᠪᠡ᠃ | | | ᠦᠨᠳᠦᠰᠦᠲᠡᠨ ᠤ ᠳᠤᠮᠳᠠᠳᠤ ᠰᠤᠷᠭᠠᠭᠤᠯᠢ ᠪᠣᠯᠤᠭᠰᠠᠨ ᠤ ᠬᠤᠪᠢ ᠳᠤ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠨᠢ ᠨᠠᠮ ᠪᠠ ᠵᠠᠰᠠᠭ ᠤᠨ | ᠣᠷᠳᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠭᠡᠷᠡᠯ ᠰᠠᠴᠤᠷᠠᠩᠭᠤᠢ ᠲᠤᠶᠠᠭᠠᠯᠠᠯ ᠢᠶᠠᠷ ᠡᠯ᠎ᠡ ᠵᠦᠢᠯ ᠤᠨ ᠠᠵᠢᠯ ᠡᠮᠬᠢ | ᠵᠢᠷᠤᠮ ᠲᠠᠢ ᠬᠥᠭᠵᠢᠪᠡ᠄ ᠮᠣᠩᠭᠤᠯ ᠦᠰᠦᠭ ᠪᠢᠴᠢᠭ ᠢ ᠬᠡᠷᠡᠭᠯᠡᠵᠦ᠂ ᠮᠣᠩᠭᠤᠯ ᠬᠡᠯᠡ ᠪᠠᠷ ᠬᠢᠴᠢᠶᠡᠯᠯᠡᠬᠦ ᠶᠢ ᠪᠠᠷᠢᠮᠲᠠᠯᠠᠬᠤ ᠶᠢᠨ ᠬᠠᠮᠲᠤ ᠬᠢᠲᠠᠳ ᠬᠡᠯᠡ ᠪᠢᠴᠢᠭ ᠢ | ᠨᠡᠮᠡᠵᠦ ᠵᠢᠭᠠᠪᠠ; ᠳᠤᠮᠳᠠᠳᠤ ᠰᠤᠷᠭᠠᠭᠤᠯᠢ ᠶᠢᠨ ᠡᠯ᠎ᠡ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠪᠠᠶᠢᠬᠤ ᠦᠭᠡᠢ ᠪᠠᠶᠢᠭᠰᠠᠨ ᠠᠴᠠ ᠪᠠᠨ ᠪᠠᠶᠢᠬᠤ ᠪᠤᠯᠪᠠ; | ᠰᠤᠷᠭᠠᠭᠤᠯᠢ ᠨᠢ ᠰᠢᠨ᠎ᠡ ᠪᠠᠭᠤᠴᠠᠨ ᠳᠤ ᠨᠡᠭᠦᠵᠦ᠂ ᠰᠤᠷᠭᠠᠭᠤᠯᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠦᠳᠲᠡᠷ ᠲᠦᠷᠭᠡᠨ ᠬᠥᠭᠵᠢᠭᠡᠳ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠮᠣᠩᠭᠤᠯ ᠦᠭᠡ ᠬᠡᠯᠡ ᠦᠰᠦᠭ ᠪᠢᠴᠢᠭ ᠢ ᠪᠦᠷᠢᠮᠦᠰᠦᠨ ᠬᠡᠷᠡᠭᠯᠡᠨ ᠬᠢᠴᠢᠶᠡᠯᠯᠡᠭᠰᠡᠨ︽ᠭᠤᠷᠪᠠ | ᠭᠤᠷᠪᠠ ᠶᠢᠨ ᠳᠦᠷᠢᠮᠲᠦ︾ᠪᠦᠷᠢᠨ ᠳᠤᠮᠳᠠᠳᠤ ᠰᠤᠷᠭᠠᠭᠤᠯᠢ ᠪᠣᠯᠤᠭᠰᠠᠨ ᠪᠠᠶᠢᠨ᠎ᠠ᠃ ᠳᠡᠭᠡᠷ᠎ᠡ ᠵᠠᠭᠤᠨ ᠤ ᠲᠠᠪᠢᠭᠠᠳ ᠣᠨ ᠳᠤ ᠬᠠᠶᠢᠯᠠᠷ ᠲᠠᠬᠢ ᠨᠢᠭᠡᠳᠦᠭᠡᠷ ᠳᠤᠮᠳᠠᠳᠤ | ᠰᠤᠷᠭᠠᠭᠤᠯᠢ ᠨᠢ ᠡᠩ ᠤᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠭᠢᠯᠡᠭᠦ ᠶᠢᠨ ᠬᠠᠮᠲᠤ ᠪᠠᠰᠠ ᠮᠣᠩᠭᠤᠯ ᠢᠶᠠᠷ ᠬᠢᠴᠢᠶᠡᠯᠯᠡᠬᠦ ᠪᠠᠭᠰᠢ ᠶᠢᠨ ᠠᠩᠭᠢ᠂ ᠤᠯᠤᠰ | ᠲᠦᠷᠦ ᠶᠢᠨ ᠠᠩᠭᠢ᠂ ᠺᠠᠳ᠋ᠷ ᠤᠨ ᠠᠩᠭᠢ ᠶᠢ ᠳᠠᠭᠠᠭᠠᠴᠢᠯᠠᠨ ᠡᠷᠭᠢᠯᠡᠭᠦ ᠵᠡᠷᠭᠡ ᠶᠢ ᠡᠭᠦᠷᠭᠡᠯᠡᠵᠦ᠂ ᠬᠥᠯᠥᠨ ᠪᠤᠶᠢᠷ ᠤᠨ ᠦᠨᠳᠦᠰᠦᠲᠡᠨ ᠤ ᠰᠤᠷᠭᠠᠨ ᠬᠥᠮᠦᠵᠢᠯ ᠤᠨ | ᠲᠡᠦᠬᠡᠨ ᠳᠤ ᠥᠩᠭᠡ ᠬᠡᠷᠡᠯᠳᠦ ᠬᠠᠭᠤᠳᠠᠰᠤ ᠶᠢ ᠪᠢᠴᠢᠭᠯᠡᠪᠡ᠃ | | | ᠭᠤᠣᠯ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠠᠴᠠ ᠭᠠᠳᠠᠨ᠎ᠠ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ | ᠢᠮᠠᠭᠲᠠ ᠪᠦᠭᠦ ᠲᠠᠯ᠎ᠠ ᠪᠠᠷ ᠬᠥᠭᠵᠢᠭᠦᠯᠬᠦ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂︽ᠬᠤᠶᠠᠳᠤᠭᠠᠷ ᠬᠢᠴᠢᠶᠡᠯ ᠤᠨ ᠲᠠᠩᠬᠢᠮ︾ ᠢ ᠢᠳᠡᠪᠬᠢᠲᠡᠢ | ᠨᠡᠭᠡᠭᠡᠵᠡᠢ᠃ ᠳᠡᠭᠡᠷ᠎ᠡ ᠵᠠᠭᠤᠨ ᠤ ᠲᠠᠪᠢᠭᠠᠳ ᠣᠨ ᠠᠴᠠ ᠡᠬᠢᠯᠡᠨ ᠡᠯ᠎ᠡ ᠵᠦᠢᠯ ᠤᠨ ᠬᠢᠴᠢᠶᠡᠯ ᠤᠨ ᠭᠠᠳᠠᠨᠠᠬᠢ ᠬᠥᠳᠡᠯᠭᠡᠭᠡᠨ ᠢ ᠡᠷᠭᠢᠯᠡᠵᠤ᠂ ᠪᠠᠭᠰᠢ ᠶᠢᠨ | ᠵᠢᠯᠣᠭᠤᠳᠤᠯᠭ᠎ᠠ ᠳᠣᠣᠷ᠎ᠠ ᠰᠤᠷᠤᠯᠴᠠᠬᠤ ᠪᠠ ᠰᠤᠳᠤᠯᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃ | | | ᠰᠣᠶᠣᠯ ᠲᠠᠮᠢᠷ ᠤᠨ ᠲᠠᠯ᠎ᠠ ᠪᠠᠷ ᠨᠡᠩ ᠴᠤ ᠥᠪᠡᠷᠮᠢᠴᠡ ᠣᠨᠴᠠᠯᠢᠭ ᠲᠠᠢ ᠡᠷᠭᠢᠯᠡᠵᠤ᠂ ᠴᠥᠭᠡᠨ ᠪᠤᠰᠤ ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ᠂ | ᠤᠯᠠᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠰᠤᠷᠭᠠᠭᠤᠯᠢ ᠶᠢᠨ ᠤᠷᠠᠨ ᠰᠠᠶᠢᠬᠠᠨ ᠤ ᠠᠩᠭᠢ ᠨᠢ ᠨᠡᠶᠢᠭᠡᠮ ᠨᠡᠶᠢᠳᠡ ᠳᠤ ᠨᠡᠷ᠎ᠡ ᠨᠥᠯᠥᠭᠡ ᠲᠠᠢ ᠪᠣᠯᠵᠤ᠂ | ᠦᠳᠡᠰᠢᠯᠡᠭᠡ ᠪᠤᠶᠤ ᠲᠤᠬᠯᠠᠯᠳᠠ ᠶᠢ ᠪᠦᠷᠢᠮᠦᠰᠦᠨ ᠪᠡᠶ᠎ᠡ ᠪᠠᠨ ᠳᠠᠭᠠᠭᠠᠨ ᠭᠠᠷᠭᠠᠵᠤ ᠴᠢᠳᠠᠳᠠᠭ ᠪᠠᠶᠢᠪᠠ᠃ ᠤᠷᠠᠨ ᠰᠠᠶᠢᠬᠠᠨ ᠤ ᠠᠩᠭᠢ ᠶᠢᠨ ᠲᠣᠬᠯᠠᠯᠲᠠ ᠨᠢ ᠲᠤᠰᠬᠠᠢ | ᠮᠡᠷᠭᠡᠵᠢᠯ ᠤᠨ ᠬᠢᠷᠢ ᠲᠦᠪᠰᠢᠨ ᠳᠤ ᠭᠦᠷᠥᠭᠰᠡᠨ ᠪᠠᠶᠢᠨ᠎ᠠ᠂ ᠪᠠᠰᠠ ᠴᠥᠭᠡᠨ ᠪᠤᠰᠤ ᠰᠤᠷᠤᠬᠴᠢᠳ ᠲᠤᠰᠬᠠᠢ ᠮᠡᠷᠭᠡᠵᠢᠯ ᠡᠵᠡᠮᠰᠢᠨ ᠳᠠᠭᠤᠴᠢᠨ᠂ ᠪᠥᠵᠢᠭᠴᠢᠨ᠂ | ᠬᠥᠭᠵᠢᠮᠴᠢᠨ᠂ ᠤᠳᠤᠷᠢᠳᠤᠭᠠᠴᠢ ᠵᠡᠷᠭᠡ ᠣᠯᠠᠨ ᠴᠣᠯᠭᠤᠷᠠᠪᠠ᠃ ᠵᠢᠱᠢᠶᠡᠯᠡᠪᠡᠯ᠄ ᠰᠤᠷᠭᠠᠭᠤᠯᠢ ᠶᠢᠨ ᠳᠠᠭᠤᠤ ᠬᠥᠭᠵᠢᠮ ᠤᠨ ᠰᠢᠯᠢᠳᠡᠭ ᠪᠠᠭᠰᠢ ᠣᠶᠤᠨᠲᠤ ᠶᠢᠨ | ᠵᠢᠯᠣᠭᠤᠳᠤᠭᠰᠠᠨ ᠰᠣᠷᠣᠬᠴᠢ ᠲᠦᠩᠹᠦ᠋ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠲᠠᠢ ᠬᠥᠭᠵᠢᠮ ᠤᠨ ᠵᠣᠬᠢᠶᠠᠯᠴᠢ ᠪᠣᠯᠵᠤ᠂ ᠲᠡᠭᠦᠨ ᠤ | ᠵᠣᠬᠢᠶᠠᠭᠰᠠᠨ︽ᠣᠪᠣᠭᠠᠨ ᠳᠡᠭᠡᠷᠡᠬᠢ ᠠᠭᠤᠯᠵᠠᠯᠲᠠ︾᠂ ︽ᠲᠠᠯ᠎ᠠ ᠨᠤᠲᠤᠭ ᠤᠨ ᠥᠷᠯᠥᠭᠡ ᠶᠢᠨ ᠤᠶᠠᠩᠭ᠎ᠠ︾ ᠨᠢ ᠳᠡᠯᠡᠬᠡᠢ ᠶᠢᠨ ᠰᠣᠳᠣᠨ ᠪᠦᠲᠦᠭᠡᠯ ᠪᠣᠯᠵᠤ᠂ ᠤᠯᠤᠰ ᠤᠨ | ᠳᠣᠲᠣᠭᠠᠳᠤ ᠭᠠᠳᠠᠭᠠᠳᠤ ᠳᠤ ᠠᠯᠳᠠᠷᠰᠢᠭᠰᠠᠨ ᠶᠤᠮ᠃ | | | ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠢᠮᠠᠭᠲᠠ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ | ᠬᠥᠮᠥᠵᠢᠭᠦᠯᠬᠦ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠤᠯᠠᠨ ᠠᠷᠪᠢᠨ ᠴᠢᠳᠠᠪᠤᠷᠢᠲᠠᠨ ᠬᠥᠮᠥᠵᠢᠭᠦᠯᠦᠨ ᠭᠠᠷᠭᠠᠪᠠ᠂ ︽ᠤᠯᠤᠰ ᠤᠨ ᠬᠡᠦᠬᠡᠳ︾ — ᠤᠳ᠋ᠪᠠᠯ᠎ᠠ ᠪᠣᠯ | ᠲᠡᠭᠦᠨ ᠤ ᠳᠣᠲᠣᠷᠠᠬᠢ ᠨᠢᠭᠡ ᠲᠥᠯᠥᠭᠡᠯᠡᠭᠴᠢ ᠪᠣᠯᠣᠨ᠎ᠠ᠃ 1979 ᠣᠨ ᠳᠤ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠤᠳ᠋ᠪᠠᠯ᠎ᠠ | ᠪᠣᠯ ᠬᠥᠯᠥᠨ ᠪᠤᠶᠢᠷ ᠤᠨ ᠲᠠᠯ᠎ᠠ ᠨᠤᠲᠤᠭ ᠲᠤ ᠢᠳᠡᠭᠡᠰᠢᠵᠦ᠂ ᠡᠸᠡᠩᠬᠢ ᠮᠠᠯᠴᠢᠨ ᠤ ᠬᠠᠶᠢᠷ᠎ᠠ ᠬᠠᠯᠠᠮᠵᠢ ᠪᠠᠷ ᠦᠰᠦᠨ ᠪᠣᠶᠢᠵᠢᠭᠰᠠᠨ ᠥᠬᠢᠨ ᠪᠣᠯᠣᠨ᠎ᠠ᠃ ᠲᠡᠷᠡ | ᠳᠤᠮᠳᠠᠳᠤ ᠰᠤᠷᠭᠠᠭᠤᠯᠢ ᠪᠠᠨ ᠲᠡᠭᠦᠰᠦᠮᠡᠭᠴᠡ ᠠᠵᠢᠯ ᠤᠨ ᠪᠠᠶᠢᠷᠢᠨ ᠳᠤ ᠭᠠᠷᠴᠤ᠂ ᠲᠥᠯᠥᠪᠯᠡᠭᠡᠲᠦ ᠦᠷᠡᠵᠢᠯ ᠤᠨ ᠲᠤᠰᠠᠯᠠᠭᠴᠢ ᠶᠢᠨ ᠠᠵᠢᠯ ᠢᠶᠠᠷ ᠪᠦᠭᠦ ᠰᠤᠮᠤᠨ ᠤ | 3500 ᠭᠠᠷᠤᠢ ᠲᠡᠭᠰᠢ ᠳᠥᠷᠪᠡᠯᠵᠢᠨ ᠺᠢᠯᠣᠮᠧᠲᠷ ᠨᠤᠲᠤᠭ ᠢᠶᠠᠷ ᠶᠠᠪᠤᠵᠤ᠂ ᠠᠵᠢᠯ ᠤᠨ ᠪᠦᠲᠦᠮᠵᠢ ᠲᠣᠪᠣᠶᠢᠮ᠎ᠠ ᠪᠣᠯᠬᠤᠷ ᠰᠤᠮᠤ᠂ ᠬᠤᠰᠢᠭᠤ᠂ ᠣᠷᠣᠨ᠂ ᠤᠯᠤᠰ ᠤᠨ | ᠲᠠᠰ ᠤᠨ ᠲᠡᠷᠢᠭᠦᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠶᠢ ᠣᠯᠠᠨᠲᠠ ᠬᠦᠷᠲᠡᠵᠦ᠂ 1995 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠵᠤ᠂ 1997 ᠣᠨ ᠳᠤ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠠᠴᠠ︽5·1︾·1 ᠤ ᠭᠦᠳᠡᠯᠮᠦᠷᠢ ᠶᠢᠨ | ᠱᠠᠩᠨᠠᠯ ᠤᠨ ᠮᠧᠳᠡᠯ ᠣᠯᠭᠤᠵᠤ᠂ 1998 ᠣᠨ ᠳᠤ ᠤᠯᠤᠰ ᠤᠨ ᠲᠥᠯᠥᠪᠯᠡᠭᠡᠲᠦ ᠦᠷᠡᠵᠢᠯ ᠤᠨ ᠵᠥᠪᠯᠡᠯ ᠠᠴᠠ ︽ᠪᠦᠭᠦ ᠤᠯᠤᠰ ᠤᠨ ᠲᠥᠯᠥᠪᠯᠡᠭᠡᠲᠦ ᠦᠷᠡᠵᠢᠯ ᠤᠨ | ᠰᠢᠯᠢᠳᠡᠭ ᠠᠵᠢᠯᠲᠠᠨ︾ ᠤ ᠴᠣᠯᠠ ᠬᠦᠷᠲᠡᠭᠡᠪᠡ᠃ | | | 1952 ᠣᠨ ᠤ ᠨᠠᠮᠤᠷ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ 41 ᠮᠣᠩᠭᠤᠯ ᠰᠤᠷᠤᠬᠴᠢ᠂ ᠬᠡᠳᠦᠨ ᠮᠢᠩᠭᠠᠨ ᠭᠠᠵᠠᠷ ᠢ ᠰᠠᠷ᠎ᠠ | ᠭᠠᠷᠤᠢ ᠠᠶᠠᠯᠠᠨ᠂ ᠥᠪᠥᠷ ᠮᠣᠩᠭᠤᠯ ᠳᠤ ᠢᠷᠡᠵᠤ ᠰᠤᠷᠤᠯᠴᠠᠪᠠ᠃ ᠥᠪᠥᠷ ᠮᠣᠩᠭᠤᠯ ᠤᠨ ᠵᠠᠰᠠᠭ ᠤᠨ ᠣᠷᠳᠣᠨ ᠠᠴᠠ ᠡᠳᠡᠭᠡᠷ ᠰᠤᠷᠤᠬᠴᠢ ᠶᠢ ᠬᠠᠶᠢᠯᠠᠷ ᠲᠠᠬᠢ | ᠨᠢᠭᠡᠳᠦᠭᠡᠷ ᠳᠤᠮᠳᠠᠳᠤ ᠰᠤᠷᠭᠠᠭᠤᠯᠢ ᠳᠤ ᠲᠣᠬᠢᠷᠠᠭᠤᠯᠤᠨ ᠰᠤᠷᠤᠯᠴᠠᠭᠤᠯᠵᠠᠢ᠃ ᠡᠲᠡᠭᠡᠷ ᠰᠤᠷᠤᠬᠴᠢᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠠᠴᠠ ᠣᠨᠴᠠᠭᠠᠶ ᠬᠠᠷᠠᠭᠠᠯᠵᠠᠯ ᠦᠵᠡᠭᠦᠯᠵᠦ᠂ ᠰᠤᠷᠭᠠᠭᠤᠯᠢ ᠠᠴᠠ ᠰᠤᠷᠤᠯᠭ᠎ᠠ ᠠᠮᠢᠳᠤᠷᠠᠯ ᠤᠨ ᠲᠠᠯ᠎ᠠ ᠪᠠᠷ ᠬᠠᠶᠢᠷ᠎ᠠ ᠬᠠᠯᠠᠮᠵᠢᠯᠠᠯ ᠦᠵᠡᠭᠦᠯᠵᠦ᠂ ᠲᠡᠳᠡᠨᠤᠰ ᠢ | ᠲᠤᠰᠬᠠᠢ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠬᠥᠬᠡ ᠠᠩᠭᠢ︾ᠪᠣᠯᠭᠠᠨ ᠬᠤᠪᠢᠶᠠᠵᠤ᠂ ᠮᠡᠳᠡᠯᠭᠡ ᠲᠠᠢ᠂ ᠢᠲᠡᠭᠡᠯ ᠬᠦᠨᠳᠦᠲᠡᠢ ᠪᠠᠭᠰᠢ | ᠨᠠᠷ ᠢ ᠲᠣᠬᠢᠷᠠᠭᠤᠯᠤᠭᠰᠠᠨ ᠪᠠᠶᠢᠨ᠎ᠠ᠃ ᠰᠢᠨᠵᠢᠶᠠᠩ ᠤᠨ ᠰᠤᠷᠤᠬᠴᠢᠳ ᠴᠢᠷᠮᠠᠶᠢᠨ ᠰᠤᠷᠤᠯᠴᠠᠵᠤ᠂ ᠪᠦᠯᠬᠦᠮᠳᠡᠨ ᠳᠠᠪᠰᠢᠵᠤ᠂ ᠰᠠᠬᠢᠯᠭ᠎ᠠ ᠪᠠᠲᠤ ᠶᠢ ᠰᠠᠬᠢᠵᠤ ᠪᠦᠭᠦ | ᠰᠤᠷᠭᠠᠭᠤᠯᠢ ᠶᠢᠨ ᠪᠠᠭᠰᠢ ᠰᠤᠷᠤᠬᠴᠢᠳ ᠤᠨ ᠥᠨᠳᠥᠷ ᠦᠨᠡᠯᠡᠯᠲᠡ ᠶᠢ ᠣᠯᠵᠠᠢ᠃ ᠲᠡᠳᠡ ᠭᠤᠷᠪᠠᠨ ᠵᠢᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠪᠠᠨ ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ 29 ᠰᠤᠷᠤᠬᠴᠢ ᠨᠢ ᠰᠢᠨᠵᠢᠶᠠᠩ ᠳᠠᠭᠠᠨ ᠪᠤᠴᠠᠨ ᠠᠵᠢᠯᠯᠠᠵᠤ᠂ ᠪᠤᠰᠤᠳ 12 ᠰᠤᠷᠤᠬᠴᠢ ᠨᠢ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠲᠠᠪᠰᠢᠨ ᠣᠷᠣᠭᠠᠳ ᠦᠷᠭᠦᠯᠵᠢᠯᠡᠨ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠳᠤ ᠰᠤᠷᠤᠯᠴᠠᠵᠤ᠂ | 1958 ᠣᠨ ᠳᠤ ᠪᠦᠭᠦᠳᠡᠭᠡᠷ ᠢᠶᠠᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠨ ᠳᠠᠪᠰᠢᠵᠤ ᠦᠷᠭᠦᠯᠵᠢᠯᠡᠨ ᠰᠤᠷᠤᠯᠴᠠᠪᠠ᠃ ᠢᠩᠭᠢᠭᠡᠳ ᠬᠠᠶᠢᠯᠠᠷ ᠲᠠᠬᠢ | ᠨᠢᠭᠡᠳᠦᠭᠡᠷ ᠳᠤᠮᠳᠠᠳᠤ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠠᠴᠠ ᠲᠤᠰᠢᠶᠠᠭᠰᠠᠨ ᠰᠢᠨᠵᠢᠶᠠᠩ ᠤᠨ ᠮᠣᠩᠭᠤᠯ ᠰᠤᠷᠤᠬᠴᠢᠳ ᠢ ᠬᠥᠮᠥᠵᠢᠭᠦᠯᠬᠦ ᠢᠷᠠᠭᠤ | ᠠᠯᠳᠠᠷᠲᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃ | | | ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠡᠳᠡᠭᠡᠷ ᠰᠤᠷᠤᠬᠴᠢᠳ ᠤᠨ ᠵᠠᠷᠢᠮ ᠨᠢ ᠰᠢᠨᠵᠢᠶᠠᠩ ᠤᠨ ᠣᠷᠣᠨ ᠨᠤᠲᠤᠭ ᠤᠨ | ᠤᠳᠤᠷᠢᠳᠤᠯᠭ᠎ᠠ ᠪᠣᠯᠵᠤ᠂ ᠵᠠᠷᠢᠮ ᠨᠢ ᠲᠤᠬᠠᠢ ᠶᠢᠨ ᠭᠠᠵᠠᠷ ᠤᠨ ᠠᠯᠳᠠᠷᠲᠤ ᠡᠷᠳᠡᠮᠲᠡᠨ ᠪᠣᠯᠵᠤ᠂ ᠰᠢᠨᠵᠢᠶᠠᠩ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ | ᠮᠠᠰᠢ ᠶᠡᠭᠡ ᠬᠤᠪᠢ ᠨᠡᠮᠡᠷᠢ ᠦᠵᠡᠭᠦᠯᠵᠡᠢ᠃ ᠡᠨᠡ ᠨᠢ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠬᠡ ᠤᠯᠤᠰ ᠤᠨ ᠢᠶᠠᠨ ᠦᠨᠳᠦᠰᠦᠲᠡᠨ ᠤ ᠰᠤᠷᠭᠠᠨ | ᠬᠥᠮᠦᠵᠢᠯ ᠤᠨ ᠦᠢᠯᠡᠰ ᠪᠣᠯᠣᠨ ᠦᠨᠳᠦᠰᠦᠲᠡᠨ ᠤ ᠪᠦᠯᠬᠦᠮᠳᠡᠯ ᠳᠤ ᠦᠵᠡᠭᠦᠯᠦᠭᠰᠡᠨ ᠠᠤᠭ᠎ᠠ ᠶᠡᠭᠡ ᠬᠤᠪᠢ ᠨᠡᠮᠡᠷᠢ ᠶᠢ ᠭᠡᠷᠡᠴᠢᠯᠡᠪᠡ᠃ | | | | ᠡᠷᠢᠨ ᠴᠠᠭ ᠲᠠᠢ ᠤᠷᠤᠯᠳᠤᠨ ᠳᠡᠭᠦᠯᠢᠵᠦ ᠢᠲᠡᠭᠡᠯ ᠤᠨ ᠳᠥᠷᠥᠭᠡᠨ ᠳᠤ ᠦᠢᠯᠡᠰ ᠪᠣᠰᠬᠠᠪᠠ | ᠥᠭᠡᠷᠡᠴᠢᠯᠡᠯᠲᠡ ᠨᠡᠭᠡᠭᠡᠯᠲᠡ ᠶᠢᠨ ᠤᠷᠢᠬᠠᠨ ᠰᠠᠯᠬᠢ ᠡᠬᠡ ᠭᠠᠵᠠᠷ ᠢ ᠢᠯᠪᠢᠬᠦ ᠳᠤ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠭᠵᠢᠯᠲᠡ | ᠴᠦ ᠰᠢᠨ᠎ᠡ ᠬᠠᠭᠤᠳᠠᠰᠤ ᠶᠢ ᠨᠡᠭᠡᠭᠡᠪᠡ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ᠂ ᠨᠠᠮ | ᠪᠠ ᠤᠯᠤᠰ ᠠᠴᠠ ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠨᠡᠩ ᠴᠢᠬᠤᠯᠠᠴᠢᠯᠠᠵᠤ᠂ ᠦᠨᠳᠦᠰᠦᠲᠡᠨ ᠤ ᠰᠤᠷᠭᠠᠨ ᠬᠥᠮᠦᠵᠢᠯ ᠢ | ᠤᠷᠢᠳᠠᠪᠠᠷ ᠭᠤᠣᠯᠳᠠᠯᠭ᠎ᠠ ᠲᠠᠢ ᠬᠥᠭᠵᠢᠭᠦᠯᠬᠦ ᠴᠢᠭᠯᠡᠯᠲᠡ ᠶᠢ ᠲᠣᠭᠲᠠᠭᠠᠭᠰᠠᠨ ᠪᠠᠶᠢᠨ᠎ᠠ᠃ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠥᠭᠡᠷᠡᠴᠢᠯᠡᠯᠲᠡ | ᠨᠡᠭᠡᠭᠡᠯᠲᠡ ᠶᠢᠨ ᠠᠵᠠ ᠲᠤᠭᠢᠶᠠᠯ ᠢ ᠠᠮᠵᠢᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢ ᠲᠦᠷᠭᠡᠳᠬᠡᠵᠦ᠂ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠢ ᠪᠦᠭᠦ ᠲᠠᠯ᠎ᠠ ᠪᠠᠷ ᠲᠦᠯᠬᠢᠨ ᠠᠬᠢᠭᠤᠯᠬᠤ᠂ | ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ᠂ ᠬᠠᠤᠯᠢ ᠪᠠᠷ ᠰᠤᠷᠭᠠᠭᠤᠯᠢ ᠪᠠᠨ ᠵᠠᠰᠠᠬᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠢ | ᠬᠥᠮᠥᠵᠢᠭᠦᠯᠬᠦ ᠠᠷᠭ᠎ᠠ ᠵᠠᠮ᠂ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠬᠤ᠂ ᠰᠤᠷᠭᠠᠭᠤᠯᠢ ᠡᠷᠭᠢᠯᠡᠭᠦ ᠶᠠᠰᠤ ᠴᠢᠨᠠᠷ ᠢ ᠳᠡᠭᠡᠭᠰᠢᠯᠡᠭᠦᠯᠭᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠳᠡ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠰᠢᠨ᠎ᠡ ᠵᠠᠮ ᠢ ᠰᠦᠪᠡᠭᠴᠢᠯᠡᠵᠦ᠂ ᠰᠢᠨ᠎ᠡ ᠣᠨᠴᠠᠯᠢᠭ ᠢ | ᠡᠭᠦᠳᠴᠦ᠂ ᠰᠢᠨ᠎ᠡ ᠠᠮᠵᠢᠯᠲᠠ ᠣᠯᠵᠤ᠂ ᠲᠦᠷᠭᠡᠨ ᠬᠥᠭᠵᠢᠯᠲᠡ ᠶᠢ ᠪᠡᠶᠡᠯᠡᠭᠦᠯᠪᠡ᠃ | | | ᠰᠤᠷᠭᠠᠭᠤᠯᠢ ᠶᠢᠨ ᠬᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠵᠤ᠂ ᠶᠣᠰᠣ ᠰᠤᠷᠲᠠᠬᠤᠨ | ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠠᠲᠤ ᠪᠠᠷᠢᠮᠲᠠᠯᠠᠵᠤ᠂ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠰᠢᠨ᠎ᠡ ᠰᠡᠳᠬᠢᠴᠡ᠂ ᠰᠢᠨ᠎ᠡ | ᠠᠷᠭ᠎ᠠ ᠶᠢ ᠲᠠᠰᠤᠷᠠᠯᠳᠡ ᠦᠭᠡᠢ ᠬᠠᠶᠢᠨ ᠰᠦᠪᠡᠭᠴᠢᠯᠡᠪᠡ᠃ ᠰᠤᠷᠭᠠᠭᠤᠯᠢ ᠶᠢᠨ ᠵᠠᠬᠢᠷᠤᠯ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠰᠤᠷᠭᠠᠭᠤᠯᠢ ᠶᠢᠨ ᠳᠡᠳ᠋ | ᠵᠠᠬᠢᠷᠤᠯ ᠬᠤᠪᠢᠳᠠᠨ ᠬᠠᠮᠢᠶᠠᠷᠬᠤ᠂ ᠤᠯᠤᠰ ᠲᠦᠷᠦ ᠰᠤᠷᠭᠠᠨ ᠬᠥᠮᠦᠵᠢᠯ ᠤᠨ ᠰᠠᠯᠠᠭ᠎ᠠ ᠨᠢᠭᠡᠳᠦᠯᠲᠡᠢ ᠲᠥᠯᠥᠪᠵᠢᠭᠦᠯᠬᠦ᠂ ᠰᠤᠷᠤᠯᠭ᠎ᠠ ᠶᠢᠨ ᠣᠨ ᠤ ᠬᠡᠯᠲᠡᠰ᠂ ᠡᠪᠯᠡᠯ ᠤᠨ | ᠬᠤᠷᠢᠶ᠎ᠠ᠂ ᠠᠩᠭᠢ ᠶᠢᠨ ᠡᠷᠭᠢᠯᠡᠭᠴᠢ᠂ ᠭᠠᠷᠠᠭ ᠤᠨ ᠵᠢᠵᠢᠭᠦᠷ᠂ ᠰᠤᠷᠤᠬᠴᠢᠳ ᠤᠨ ᠵᠥᠪᠯᠡᠯ ᠨᠢᠭᠲᠠ ᠬᠠᠮᠵᠢᠯᠴᠠᠭᠰᠠᠨ ᠶᠣᠰᠣ ᠰᠤᠷᠲᠠᠬᠤᠨ ᠤ ᠬᠥᠮᠦᠵᠢᠯ ᠤᠨ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠪᠠ᠃ ᠶᠣᠰᠣ ᠰᠤᠷᠲᠠᠬᠤᠨ ᠤ ᠬᠥᠮᠦᠵᠢᠯ ᠤᠨ ᠠᠭᠤᠯᠭ᠎ᠠ ᠶᠢᠨ ᠲᠠᠯ᠎ᠠ ᠪᠠᠷ︽ᠤᠯᠤᠰ ᠢᠶᠠᠨ ᠬᠠᠶᠢᠷᠠᠯᠠᠬᠤ ᠦᠵᠡᠯ︾ ᠢᠶᠠᠷ | ᠭᠤᠣᠯ ᠰᠢᠵᠢᠮ ᠪᠤᠯᠭᠠᠵᠤ᠂ ᠬᠦᠰᠡᠯᠡᠩ ᠪᠠ ᠢᠲᠡᠭᠡᠯ ᠵᠣᠷᠢᠭ ᠤᠨ ᠬᠥᠮᠦᠵᠢᠯ᠂ ᠦᠨᠳᠦᠰᠦᠲᠡᠨ ᠤ ᠵᠣᠷᠢᠭ ᠰᠠᠨᠠᠭᠠᠨ ᠤ ᠬᠥᠮᠦᠵᠢᠯ᠂ ᠪᠣᠯᠪᠠᠰᠤᠨ ᠢ ᠬᠥᠮᠥᠵᠢᠭᠦᠯᠬᠦ | ᠬᠥᠮᠦᠵᠢᠯ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ ᠬᠥᠮᠦᠵᠢᠯ᠂ ᠠᠮᠢ ᠨᠠᠰᠤ ᠡᠷᠡᠭᠦᠯ ᠮᠡᠨᠳᠤ ᠶᠢᠨ ᠬᠥᠮᠦᠵᠢᠯ ᠵᠡᠷᠭᠡ ᠭᠤᠣᠯ ᠰᠡᠳᠦᠪ ᠤᠨ ᠲᠣᠭᠤᠷᠢᠨ ᠳᠤ ᠰᠢᠷᠢᠰ | ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠤᠷᠤᠬᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠦᠭᠦ ᠲᠠᠯ᠎ᠠ ᠶᠢᠨ ᠪᠥᠭᠡᠳ ᠥᠪᠡᠷᠮᠢᠴᠡ | ᠴᠢᠨᠠᠷ ᠲᠠᠢ ᠬᠥᠮᠥᠵᠢᠭᠦᠯᠪᠡ᠃ | | | ᠶᠠᠮᠠᠷᠪᠠ ᠬᠡᠷᠡᠭ ᠪᠣᠳᠠᠰ ᠤᠨ ᠬᠥᠭᠵᠢᠯᠲᠡ ᠪᠣᠯ ᠴᠥᠮ ᠤᠷᠤᠭᠰᠢᠯᠠᠯᠲᠠ ᠪᠠ ᠮᠤᠷᠤᠢ ᠰᠠᠷᠤᠢ ᠴᠢᠨᠠᠷ ᠤᠨ ᠨᠢᠭᠡᠳᠦᠯ ᠮᠥᠨ᠃ ᠡᠨᠡ ᠬᠦ ᠬᠤᠭᠤᠴᠠᠭᠠᠨ ᠳᠤ᠂ | ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠭᠵᠢᠯᠲᠡ ᠳᠤ ᠪᠠᠰᠠ ᠨᠢᠭᠡᠨ ᠬᠦᠨᠳᠦ ᠨᠣᠴᠢᠲᠠᠢ ᠠᠰᠠᠭᠤᠳᠠᠯ ᠲᠤᠯᠭᠠᠷᠠᠵᠠᠢ᠂ ᠳᠠᠷᠤᠢ ᠰᠤᠷᠤᠬᠴᠢ ᠶᠢᠨ | ᠢᠷᠡᠯᠲᠡ ᠴᠥᠭᠡᠷᠡᠪᠡ᠃ | ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠰᠣᠷᠣᠬᠴᠢ ᠨᠢ ᠭᠤᠣᠯᠳᠠᠭᠤ ᠮᠠᠯᠵᠢᠬᠤ ᠣᠷᠣᠨ ᠠᠴᠠ ᠢᠷᠡᠯᠲᠡ ᠲᠠᠢ ᠪᠠᠶᠢᠵᠤ᠂ ᠲᠤᠬᠠᠢ ᠶᠢᠨ ᠦᠶ᠎ᠡ ᠶᠢᠨ | ᠬᠥᠯᠥᠨ ᠪᠤᠶᠢᠷ ᠬᠤᠲᠠ ᠶᠢᠨ ᠮᠠᠯᠵᠢᠬᠤ ᠣᠷᠣᠨ ᠤ ᠵᠢᠯ ᠪᠦᠷᠢ ᠶᠢᠨ ᠮᠣᠩᠭᠤᠯ ᠢᠶᠠᠷ ᠬᠢᠴᠢᠶᠡᠯᠯᠡᠬᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠭᠦᠰᠬᠦ | ᠰᠣᠷᠣᠬᠴᠢ ᠵᠥᠪᠭᠡᠨ 700 ᠣᠷᠴᠢᠮ ᠪᠠᠶᠢᠭᠰᠠᠨ ᠠᠴᠠ ᠰᠤᠷᠭᠠᠭᠤᠯᠢ ᠶᠢᠨ ᠰᠣᠷᠣᠬᠴᠢ ᠡᠯᠰᠡᠬᠦ ᠰᠠᠭᠤᠷᠢ ᠲᠤᠭ᠎ᠠ ᠥᠨᠳᠥᠷ ᠪᠢᠰᠢ ᠪᠠᠶᠢᠪᠠ᠃ ᠤᠷᠲᠤ | ᠬᠤᠭᠤᠴᠠᠭᠠᠨ ᠤ ᠲᠤᠷᠰᠢ᠂ ᠮᠠᠯᠵᠢᠬᠤ ᠣᠷᠣᠨ ᠤ ᠠᠵᠤ ᠠᠬᠤᠢ ᠶᠢᠨ ᠬᠥᠭᠵᠢᠯᠲᠡ ᠤᠳᠠᠭᠠᠰᠢᠷᠠᠭᠰᠠᠨ ᠠᠴᠠ ᠪᠣᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ | ᠬᠠᠷᠢᠴᠠᠩᠭᠤᠢ ᠳᠣᠣᠷ᠎ᠠ ᠪᠠᠶᠢᠵᠤ᠂ ᠡᠲᠡᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠬᠴᠢᠳ ᠤᠨ ᠳᠤᠮᠳᠠ ᠥᠨᠳᠥᠷ ᠲᠤᠮᠳᠠᠳᠣ ᠳᠤ | ᠲᠠᠪᠰᠢᠬᠤ ᠰᠢᠯᠭᠠᠯᠲᠠ ᠶᠢᠨ ᠬᠢᠷᠢ ᠪᠦᠲᠦᠮᠵᠢ ᠨᠢ 550 ᠬᠤᠪᠢ ᠠᠴᠠ ᠳᠡᠭᠡᠭᠰᠢ ᠰᠢᠯᠭᠠᠳᠠᠭ ᠨᠢ ᠲᠤᠩ ᠴᠥᠭᠡᠨ ᠪᠠᠶᠢᠪᠠ᠂ ᠡᠭᠦᠨ ᠤ ᠳᠡᠭᠡᠷ᠎ᠡ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠲᠥᠷᠥ ᠶᠢᠨ ᠪᠣᠳᠣᠯᠭ᠎ᠠ ᠶᠢᠨ ᠶᠣᠰᠣᠭᠠᠷ ᠪᠦᠭᠦ ᠣᠷᠣᠨ ᠠᠴᠠ ᠨᠢᠭᠡᠳᠦᠯᠲᠡᠢ ᠰᠢᠯᠢᠳᠡᠭ | ᠰᠣᠷᠣᠬᠴᠢ ᠶᠢ ᠡᠯᠰᠡᠳᠡᠭ ᠠᠴᠠ ᠪᠣᠯᠵᠤ᠂ ᠰᠢᠨ᠎ᠡ ᠰᠣᠷᠣᠬᠴᠢ ᠶᠢᠨ ᠡᠯᠰᠡᠬᠦ ᠬᠤᠪᠢ ᠶᠢᠨ ᠱᠤᠭᠤᠮ ᠨᠢ ᠨᠢᠭᠡ ᠦᠶ᠎ᠡ 240 ᠬᠤᠪᠢ ᠣᠷᠴᠢᠮ ᠳᠤ ᠭᠦᠷᠥᠭᠰᠡᠨ | ᠪᠠᠶᠢᠨ᠎ᠠ᠃ 1990 ᠣᠨ ᠪᠤᠯᠬᠤ ᠳᠤ ᠪᠦᠭᠦ ᠰᠤᠷᠤᠬᠴᠢ ᠶᠢᠨ ᠲᠤᠭ᠎ᠠ 600 ᠬᠦᠷᠬᠦ ᠦᠭᠡᠢ ᠪᠣᠯᠪᠠ᠃ | | | ᠡᠨᠡ ᠬᠦ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠰᠤᠷᠭᠠᠭᠤᠯᠢ ᠠᠴᠠ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ᠂ ᠠᠷᠪᠠᠨ ᠵᠢᠯ ᠤᠨ | ᠠᠯᠤᠰ ᠤᠨ ᠲᠥᠯᠦᠪᠵᠢᠭᠦᠯᠭᠡ ᠪᠠ ᠲᠠᠪᠤᠨ ᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠤᠳᠤᠷᠢᠳᠬᠤ ᠪᠠᠭ ᠤᠨ ᠪᠠᠶᠢᠭᠤᠯᠤᠯᠲᠠ ᠪᠠᠨ | ᠴᠢᠩᠭᠠᠳᠬᠠᠨ᠂ ᠰᠤᠷᠭᠠᠭᠤᠯᠢ ᠡᠷᠭᠢᠯᠡᠭᠦ ᠲᠡᠷᠢᠭᠦᠨ ᠤ ᠣᠶᠢᠯᠠᠭᠠᠭᠳᠠᠬᠤᠨ ᠢ ᠪᠤᠢ ᠪᠣᠯᠭᠠᠨ᠂ ᠵᠢᠭᠠᠨ ᠰᠤᠷᠭᠠᠬᠤ ᠰᠢᠨ᠎ᠡ ᠬᠡᠪ ᠵᠠᠭᠪᠤᠷ ᠢ ᠡᠭᠦᠳᠴᠦ᠂ ᠥᠨᠳᠥᠷ ᠬᠡᠪ | ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠭᠦ ᠲᠠᠯ᠎ᠠ ᠪᠠᠷ ᠠᠬᠢᠭᠤᠯᠵᠤ᠂ ᠰᠤᠷᠭᠠᠭᠤᠯᠢ ᠶᠢᠨ ᠡᠯ᠎ᠡ | ᠲᠠᠯ᠎ᠠ ᠶᠢᠨ ᠲᠤᠨᠤᠭ ᠲᠥᠬᠦᠭᠡᠷᠦᠮᠵᠢ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ ᠨᠢᠭᠡᠨ ᠵᠤᠷᠪᠤᠰ ᠬᠠᠶᠢᠨ ᠰᠦᠪᠡᠭᠴᠢᠯᠡᠬᠦ ᠵᠠᠮ ᠢ ᠨᠡᠭᠡᠭᠡᠵᠡᠢ᠃ | 2005 ᠣᠨ ᠳᠤ᠂ ᠰᠤᠷᠭᠠᠭᠤᠯᠢ ᠠᠴᠠ 400 - 480 ᠬᠤᠪᠢ ᠶᠢᠨ 32 ᠰᠤᠷᠤᠬᠴᠢ ᠳᠤ ᠲᠤᠷᠰᠢᠯᠲᠠ ᠶᠢᠨ ᠵᠢᠭᠠᠨ ᠰᠤᠷᠭᠠᠯᠲᠠ ᠶᠢ ᠬᠡᠷᠡᠭᠵᠢᠭᠦᠯᠵᠦ᠂ | ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠭᠦ ᠪᠠᠷ ᠵᠣᠷᠢᠭ ᠰᠢᠭᠤᠳᠪᠠ᠃ 2008 ᠣᠨ ᠳᠤ ᠠᠩᠬᠠᠳᠤᠭᠠᠷ ᠬᠤᠭᠤᠴᠠᠭᠠᠨ ᠤ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠤᠷᠰᠢᠯᠲᠠ ᠶᠢᠨ ᠠᠩᠭᠢ ᠶᠢᠨ 32 ᠰᠤᠷᠤᠬᠴᠢ ᠴᠥᠮ ᠰᠢᠯᠢᠳᠡᠭ ᠬᠢᠷᠢ ᠪᠦᠲᠦᠮᠵᠢ ᠪᠠᠷ ᠲᠡᠭᠦᠰᠴᠦ᠂ ᠡᠩ ᠤᠨ ᠶᠡᠭᠡ ᠳᠡᠭᠡᠳᠦ ᠰᠤᠷᠭᠠᠭᠤᠯᠢ ᠶᠢᠨ | ᠰᠤᠷᠤᠬᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠪᠦᠭᠦᠨ ᠢᠶᠠᠷ ᠢᠶᠠᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠤᠪᠢ ᠶᠢᠨ ᠱᠤᠭᠤᠮ ᠳᠤ ᠭᠦᠷᠦᠭᠰᠡᠨ | ᠪᠥᠭᠡᠳ ᠪᠠᠶᠢᠭᠠᠯᠢ ᠪᠠ ᠨᠡᠶᠢᠭᠡᠮ ᠤᠨ ᠰᠢᠨᠵᠢᠯᠡᠭᠡᠨ ᠤ ᠤᠯᠤᠰ ᠤᠨ ᠰᠢᠯᠭᠠᠯᠲᠠ ᠳᠤ ᠠᠩᠬᠠᠳᠤᠭᠠᠷ ᠤᠳᠠᠭ᠎ᠠ ᠲᠤᠰ ᠪᠦᠷᠢ 600 ᠬᠤᠪᠢ ᠪᠠ 500 ᠬᠤᠪᠢ ᠶᠢ | ᠳᠠᠪᠠᠵᠤ ᠰᠤᠷᠭᠠᠭᠤᠯᠢ ᠶᠢᠨ ᠲᠡᠦᠬᠡᠨ ᠳᠤ ᠰᠢᠨ᠎ᠡ ᠲᠡᠮᠳᠡᠭᠯᠡᠯ ᠡᠭᠦᠳᠦᠭᠰᠡᠨ ᠪᠠᠶᠢᠨ᠎ᠠ᠃ 2009 ᠣᠨ ᠳᠤ᠂ ᠬᠤᠶᠠᠳᠤᠭᠠᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ | ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠩᠭᠢ ᠶᠢᠨ 83 ᠰᠤᠷᠤᠬᠴᠢ ᠶᠢᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ | ᠡᠯᠰᠡᠬᠦ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠨᠢ ᠴᠥᠮ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠡᠯᠰᠡᠬᠦ ᠱᠤᠭᠤᠮ ᠢ ᠳᠠᠪᠠᠵᠤ᠂ ᠰᠤᠷᠤᠬᠴᠢ | ᠨᠠᠶᠢᠷᠲᠤ ᠪᠦᠭᠦ ᠣᠷᠣᠨ ᠤ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠭᠡᠨ ᠤ ᠤᠯᠤᠰ ᠤᠨ ᠰᠢᠯᠭᠠᠯᠲᠠ ᠳᠤ ᠦᠵᠦᠭᠦᠷ ᠲᠥᠷᠥᠭᠦᠥ ᠪᠠᠷ ᠰᠢᠯᠭᠠᠷᠠᠵᠠᠢ᠃ | ᠡᠭᠦᠨ ᠠᠴᠠ ᠭᠠᠳᠠᠨ᠎ᠠ᠂ ᠰᠣᠷᠣᠬᠴᠢ ᠤᠶᠠᠬᠠᠨ ᠪᠦᠭᠦ ᠣᠷᠣᠨ ᠤ ᠠᠷᠪᠠᠳᠤᠭᠠᠷ ᠬᠤᠭᠤᠴᠠᠭᠠᠨ ᠤ ᠮᠣᠩᠭᠤᠯ ᠢᠶᠠᠷ ᠬᠢᠴᠢᠶᠡᠯᠯᠡᠬᠦ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ︽ᠢᠨᠵᠠᠨᠨᠠᠰᠢ ᠬᠤᠨᠳᠠᠭᠠᠲᠤ︾ᠨᠡᠶᠢᠭᠡᠮ ᠤᠨ ᠰᠢᠨᠵᠢᠯᠡᠭᠡᠨ ᠤ ᠤᠷᠤᠯᠳᠤᠭᠠᠨ ᠳᠤ ᠶᠡᠷᠦᠩᠬᠡᠢ ᠬᠢᠷᠢ ᠪᠦᠲᠦᠮᠵᠢ ᠪᠠᠷ ᠨᠢᠭᠡᠳᠦᠭᠡᠷ ᠲᠤ ᠲᠣᠳᠣᠷᠠᠭᠰᠠᠨ | ᠰᠠᠶᠢᠨ ᠬᠢᠷᠢ ᠪᠦᠲᠦᠮᠵᠢ ᠣᠯᠵᠤ᠂ ᠬᠥᠯᠥᠨ ᠪᠤᠶᠢᠷ ᠬᠤᠲᠠ ᠳᠤ 20 ᠵᠢᠯ ᠲᠠᠰᠤᠯᠳᠠᠭᠰᠠᠨ︽ᠢᠨᠵᠠᠨᠨᠠᠰᠢ ᠬᠤᠨᠳᠠᠭᠠᠲᠤ︾ ᠶᠢ ᠲᠤᠰᠤᠨ ᠠᠪᠴᠢᠷᠠᠪᠠ᠃ | ᠰᠤᠷᠭᠠᠨ ᠬᠥᠮᠦᠵᠢᠯ ᠤᠨ ᠶᠡᠭᠡ ᠪᠣᠳᠣᠯᠭ᠎ᠠ ᠶᠢ ᠲᠣᠭᠲᠠᠭᠠᠬᠤ ᠳᠤ ᠪᠠᠭᠰᠢ ᠪᠠᠷ ᠦᠨᠳᠦᠰᠦ ᠪᠣᠯᠭᠠᠨ᠎ᠠ᠃ ᠰᠤᠷᠭᠠᠭᠤᠯᠢ ᠠᠴᠠ ᠪᠠᠭᠰᠢ ᠶᠢᠨ ᠡᠩᠨᠡᠭᠡᠨ ᠤ | ᠪᠦᠲᠦᠭᠡᠨ ᠪᠠᠶᠢᠭᠤᠯᠤᠯᠲᠠ ᠶᠢ ᠢᠮᠠᠭᠲᠠ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠪᠠᠶᠢᠷᠢᠨ ᠳᠤ ᠲᠠᠯᠪᠢᠵᠤ᠂︽ᠨᠡᠷᠡᠳᠦ | ᠪᠠᠭᠰᠢ ᠶᠢᠨ ᠢᠨᠵᠧᠨᠧᠷᠢᠩ︾ ᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠣᠳᠣᠨ ᠪᠠᠭᠰᠢ ᠶᠢᠨ ᠪᠦᠯᠭᠦᠮ ᠢ ᠪᠠᠶᠢᠭᠤᠯᠪᠠ; ︽ᠬᠥᠬᠡ ᠥᠩᠭᠡᠲᠦ ᠢᠨᠵᠧᠨᠧᠷᠢᠩ︾ ᠢ | ᠶᠡᠭᠡ ᠪᠠᠷ ᠥᠷᠨᠢᠭᠦᠯᠵᠦ᠂ ᠵᠠᠯᠠᠭᠤ ᠪᠠᠭᠰᠢ ᠨᠠᠷ ᠤᠨ ᠦᠳᠲᠡᠷ ᠲᠦᠷᠭᠡᠨ ᠦᠰᠦᠨ ᠪᠣᠶᠢᠵᠢᠬᠤ ᠶᠢ ᠠᠬᠢᠭᠤᠯᠪᠠ᠃ ᠪᠦᠭᠦ ᠪᠠᠭᠰᠢ ᠠᠵᠢᠯᠲᠠᠨ ᠤ ᠪᠣᠯᠪᠠᠰᠤᠷᠠᠯ ᠢ | ᠪᠣᠳᠠᠲᠠᠢ ᠪᠠᠷ ᠠᠳᠬᠤᠵᠤ᠂ ᠪᠠᠭᠰᠢ ᠶᠢᠨ ᠲᠤᠰᠬᠠᠢ ᠮᠡᠷᠭᠡᠵᠢᠯ ᠤᠨ ᠬᠥᠭᠵᠢᠯᠲᠡ ᠶᠢ ᠳᠡᠭᠡᠭᠰᠢᠯᠡᠭᠦᠯᠦᠨ ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ | ᠳᠠᠭᠠᠨ ᠴᠠᠭᠠᠷᠠᠭᠰᠠᠨ᠂ ᠪᠦᠲᠦᠴᠡ ᠨᠢ ᠵᠦᠢ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠵᠣᠷᠢᠭᠲᠠᠢ ᠪᠠᠷ ᠰᠢᠨ᠎ᠡ ᠶᠢ ᠡᠭᠦᠳᠬᠦ ᠥᠨᠳᠥᠷ ᠬᠡᠪ | ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠪᠠ᠃ | ᠰᠤᠷᠤᠬᠴᠢᠳ ᠲᠤ ᠰᠤᠷᠤᠯᠭ᠎ᠠ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠦᠨ ᠥᠭᠴᠦ᠂ ᠰᠤᠷᠭᠠᠭᠤᠯᠢ ᠡᠷᠭᠢᠯᠡᠭᠦ | ᠨᠥᠬᠦᠴᠡᠯ ᠢᠶᠠᠨ ᠰᠠᠶᠢᠵᠢᠷᠠᠭᠤᠯᠬᠤ ᠶᠢᠨ ᠲᠥᠯᠥᠭᠡ᠂ ᠰᠤᠷᠭᠠᠭᠤᠯᠢ ᠠᠴᠠ ᠤᠯᠠᠨ ᠬᠦᠴᠢᠷᠳᠡᠯ ᠢ ᠢᠯᠠᠨ ᠳᠠᠪᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠᠨ ᠴᠢᠩᠭᠠᠳᠬᠠᠨ᠂ ᠤᠷᠢᠳ ᠬᠤᠵᠢᠳ ᠵᠢᠭᠠᠨ ᠰᠤᠷᠭᠠᠯᠲᠠ ᠶᠢᠨ ᠲᠣᠮᠣ ᠠᠰᠠᠷ᠂ ᠲᠤᠷᠰᠢᠯᠲᠠ ᠶᠢᠨ ᠠᠰᠠᠷ᠂ ᠰᠣᠷᠣᠬᠴᠢ ᠶᠢᠨ ᠨᠡᠶᠢᠲᠡ ᠶᠢᠨ | ᠪᠠᠶᠢᠷᠢ ᠶᠢᠨ ᠠᠰᠠᠷ᠂ ᠶᠣᠰᠣᠯᠠᠯ ᠤᠨ ᠲᠠᠩᠬᠢᠮ᠂ ᠬᠤᠭᠤᠯᠠᠨ ᠭᠡᠷ ᠵᠡᠷᠭᠡ ᠶᠢ ᠪᠠᠷᠢᠵᠤ᠂ ᠡᠯ᠎ᠡ ᠲᠥᠷᠥᠯ ᠤᠨ ᠲᠠᠮᠢᠷ ᠤᠨ ᠲᠠᠯᠠᠪᠤᠷ ᠢ ᠪᠠᠶᠢᠭᠤᠯᠤᠨ᠂ ᠪᠣᠬᠢᠷᠳᠤᠯ ᠦᠭᠡᠢ | ᠰᠤᠷᠭᠠᠭᠤᠯᠢ ᠶᠢᠨ ᠬᠦᠷᠢᠶ᠎ᠡ ᠶᠢ ᠪᠦᠭᠦ ᠲᠠᠯ᠎ᠠ ᠪᠠᠷ ᠪᠠᠶᠢᠭᠤᠯᠵᠤ᠂ ᠠᠩᠭᠢ ᠪᠣᠯᠭᠠᠨ ᠳᠤ ︽ᠭᠤᠷᠪᠠᠨ ᠮᠠᠰᠢᠨ ᠨᠢᠭᠡ ᠬᠥᠰᠢᠭᠡ︾ᠲᠣᠬᠢᠷᠠᠭᠤᠯᠤᠨ᠂ ᠹᠢᠽᠢᠺ᠂ ᠬᠢᠮᠢ᠂ ᠠᠮᠢᠳᠤ | ᠪᠣᠳᠠᠰ ᠤᠨ ᠣᠳᠣᠬᠢᠴᠢᠯᠠᠭᠰᠠᠨ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠣᠯᠠᠨ ᠵᠠᠭᠤᠴᠢᠲᠤ ᠬᠢᠴᠢᠶᠡᠯ ᠤᠨ ᠭᠡᠷ ᠵᠡᠷᠭᠡ ᠶᠢ ᠨᠡᠮᠡᠨ ᠪᠠᠶᠢᠭᠤᠯᠵᠤ᠂ ᠰᠤᠷᠭᠠᠭᠤᠯᠢ ᠶᠢᠨ | ᠣᠳᠣᠬᠢᠴᠢᠯᠠᠯᠲᠠ ᠶᠢᠨ ᠠᠬᠢᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠰᠤᠷᠭᠠᠭᠤᠯᠢ ᠠᠴᠠ ᠤᠯᠠᠮᠵᠢᠯᠠᠨ ᠵᠠᠯᠭᠠᠮᠵᠢᠯᠠᠬᠤ ᠳᠤᠮᠳᠠ ᠪᠠᠨ ᠰᠢᠨ᠎ᠡ ᠶᠢ ᠡᠭᠦᠳᠴᠦ᠂ ᠣᠨᠴᠠᠯᠢᠭᠲᠤ ᠰᠤᠷᠭᠠᠭᠤᠯᠢ ᠡᠷᠭᠢᠯᠡᠭᠦ ᠵᠠᠮ ᠢᠶᠠᠷ ᠵᠠᠮᠨᠠᠪᠠ᠃ ᠰᠠᠭᠰᠤᠨ | ᠪᠥᠮᠪᠦᠭᠡ᠂ ᠬᠥᠯ ᠪᠥᠮᠪᠦᠭᠡ᠂ ᠫᠢᠩᠫᠠᠩ ᠪᠥᠮᠪᠦᠭᠡ᠂ ᠭᠤᠸᠠᠵᠢᠯ ᠤᠨ ᠲᠠᠮᠢᠷ᠂ ᠲᠦᠷᠭᠡᠨ ᠲᠡᠰᠢᠯᠲᠡ᠂ ᠪᠦᠭᠡ᠂ ᠰᠢᠲᠠᠷ᠎ᠠ᠂ ᠪᠣᠷᠣ ᠵᠢᠷᠤᠭ᠂ ᠮᠣᠷᠢᠨ ᠬᠤᠭᠤᠷ᠂ ᠬᠤᠯᠤᠰᠤᠨ | ᠦᠵᠦᠭ ᠵᠡᠷᠭᠡ ᠣᠨᠴᠠᠯᠢᠭᠲᠤ ᠬᠢᠴᠢᠶᠡᠯ ᠨᠡᠭᠡᠭᠡᠬᠦ ᠪᠠᠷ ᠳᠡᠮᠵᠢᠨ᠂ ᠰᠤᠷᠤᠬᠴᠢᠳ ᠤᠨ ᠥᠪᠡᠷᠮᠢᠴᠡ ᠬᠥᠭᠵᠢᠯᠲᠡ ᠶᠢ ᠪᠠᠳᠤᠯᠠᠪᠠ; ᠬᠦᠨᠳᠦ ᠬᠥᠩᠭᠡᠨ ᠪᠡᠶ᠎ᠡ ᠶᠢᠨ | ᠲᠠᠮᠢᠷ ᠤᠨ ᠠᠩᠭᠢ᠂ ᠰᠠᠭᠰᠤᠨ ᠪᠥᠮᠪᠦᠭᠡ ᠶᠢᠨ ᠠᠩᠭᠢ᠂ ᠬᠥᠯ ᠪᠥᠮᠪᠦᠭᠡ ᠶᠢᠨ ᠠᠩᠭᠢ᠂ ᠪᠦᠭᠡ ᠶᠢᠨ ᠠᠩᠭᠢ᠂ ᠤᠳᠬ᠎ᠠ ᠤᠷᠠᠯᠢᠭ ᠤᠨ ᠠᠩᠭᠢ᠂ ᠤᠷᠠᠨ ᠵᠢᠷᠤᠭ ᠤᠨ | ᠠᠩᠭᠢ᠂ ᠤᠷᠲᠤ ᠶᠢᠨ ᠳᠠᠭᠤᠤ ᠶᠢᠨ ᠠᠩᠭᠢ᠂ ᠪᠥᠵᠢᠭ ᠤᠨ ᠠᠩᠭᠢ᠂ ᠨᠠᠶᠢᠷᠠᠯ ᠳᠠᠭᠤᠤ ᠶᠢᠨ ᠪᠦᠯᠭᠦᠮ ᠵᠡᠷᠭᠡ ᠶᠢ ᠵᠣᠬᠢᠶᠠᠨ ᠪᠠᠶᠢᠭᠤᠯᠬᠤ ᠪᠠᠷ ᠳᠠᠮᠵᠢᠨ᠂ ᠪᠣᠯᠪᠠᠰᠤᠷᠠᠯ ᠢ | ᠴᠢᠩᠭᠠᠳᠬᠠᠵᠤ᠂ ᠡᠯ᠎ᠡ ᠵᠦᠢᠯ ᠤᠨ ᠲᠠᠮᠢᠷ ᠤᠷᠠᠯᠢᠭ ᠤᠨ ᠤᠷᠤᠯᠳᠤᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ ᠪᠡᠶ᠎ᠡ ᠶᠢᠨ ᠲᠠᠮᠢᠷ ᠤᠨ ᠴᠤᠭᠯᠠᠭᠠᠨ᠂ | ᠰᠤᠷᠭᠠᠭᠤᠯᠢ ᠶᠢᠨ ᠬᠦᠷᠢᠶᠡᠨ ᠤ︽ᠰᠣᠶᠣᠯ ᠤᠷᠠᠯᠢᠭ ᠤᠨ ᠨᠠᠶᠢᠷ︾ᠬᠢᠬᠦ ᠪᠠᠷ ᠳᠠᠮᠵᠢᠭᠤᠯᠤᠨ ᠰᠢᠯᠢᠳᠡᠭ ᠤᠯᠠᠮᠵᠢᠯᠠᠯᠲᠤ ᠰᠣᠶᠣᠯ ᠢᠶᠠᠨ ᠪᠠᠳᠠᠷᠠᠭᠤᠯᠵᠤ᠂ ᠰᠤᠷᠭᠠᠭᠤᠯᠢ | ᠡᠷᠭᠢᠯᠡᠭᠦ ᠣᠨᠴᠠᠯᠢᠭ ᠢ ᠤᠬᠠᠭᠤᠯᠵᠤ᠂ ᠰᠤᠷᠤᠬᠴᠢᠳ ᠤᠨ ᠳᠠᠯᠳᠠ ᠴᠢᠳᠠᠪᠤᠷᠢ ᠪᠠᠨ ᠪᠠᠳᠠᠷᠠᠭᠤᠯᠬᠤ᠂ ᠥᠪᠡᠷᠮᠢᠴᠡ ᠣᠨᠴᠠᠯᠢᠭ ᠢᠶᠠᠨ ᠪᠠᠳᠠᠷᠠᠭᠤᠯᠬᠤ᠂ ᠣᠨᠴᠠ | ᠴᠢᠳᠠᠪᠤᠷᠢ ᠪᠠᠨ ᠦᠵᠡᠭᠦᠯᠭᠦ ᠲᠠᠪᠴᠠᠩ ᠬᠠᠩᠭᠠᠵᠤ ᠥᠭᠪᠡ᠃ | ᠥᠭᠡᠷᠡᠴᠢᠯᠡᠯᠲᠡ ᠪᠠ ᠬᠥᠭᠵᠢᠯᠲᠡ ᠶᠢᠨ ᠠᠯᠬᠤᠴᠠ ᠳᠤᠮᠳᠠ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠰᠤᠷᠭᠠᠭᠤᠯᠢ ᠶᠢᠨ ᠬᠠᠮᠢᠶᠠᠷᠤᠯᠲᠠ ᠶᠢᠨ | ᠳᠦᠷᠢᠮᠵᠢᠭᠦᠯᠦᠯᠲᠡ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠬᠠᠮᠢᠶᠠᠷᠤᠯᠲᠠ ᠬᠢᠭᠡᠳ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢᠨ ᠪᠦᠬᠦᠯᠢ ᠴᠣᠭᠴᠠ ᠶᠢᠨ | ᠬᠢᠷᠢ ᠬᠡᠮᠵᠢᠶ᠎ᠡ ᠶᠢ ᠣᠷᠣᠨ ᠤ ᠳᠣᠲᠣᠨ᠎ᠠ ᠭᠠᠳᠠᠨ᠎ᠠ ᠨᠡᠯᠢᠶᠡᠳ ᠥᠨᠳᠥᠷ ᠬᠢᠷᠢ ᠬᠡᠮᠵᠢᠶᠡᠨ ᠳᠤ ᠬᠦᠷᠭᠡᠵᠦ᠂ ᠰᠤᠷᠭᠠᠭᠤᠯᠢ ᠶᠢᠨ ᠠᠩᠭᠢ ᠶᠢᠨ ᠲᠤᠭ᠎ᠠ ᠪᠠ | ᠰᠤᠷᠭᠠᠭᠤᠯᠢ ᠳᠤ ᠪᠠᠶᠢᠭ᠎ᠠ ᠰᠣᠷᠣᠬᠴᠢ ᠶᠢᠨ ᠲᠤᠭ᠎ᠠ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠂ ᠬᠥᠯᠥᠨ ᠪᠤᠶᠢᠷ ᠤᠨ ᠦᠨᠳᠦᠰᠦᠲᠡᠨ ᠤ ᠰᠤᠷᠭᠠᠨ | ᠬᠥᠮᠦᠵᠢᠯ ᠤᠨ ᠬᠥᠭᠵᠢᠯᠲᠡ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠰᠤᠷᠭᠠᠭᠤᠯᠢ ᠨᠢ ᠲᠡᠦᠬᠡᠲᠦ ᠴᠢᠨᠠᠷᠲᠠᠢ ᠰᠢᠨ᠎ᠡ | ᠠᠮᠵᠢᠯᠲᠠ ᠣᠯᠵᠤ᠂ ᠤᠷᠢᠳ ᠬᠤᠵᠢᠳ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠭᠦᠨ ᠤ ᠬᠠᠮᠲᠤ ᠨᠡᠶᠢᠳᠡ︾᠂ ︽ᠪᠦᠭᠦ ᠤᠯᠤᠰ ᠤᠨ | ᠬᠠᠤᠯᠢ ᠪᠠᠷ ᠰᠤᠷᠭᠠᠭᠤᠯᠢ ᠪᠠᠨ ᠵᠠᠰᠠᠭᠰᠠᠨ ᠵᠢᠱᠢᠶᠡᠴᠢ ᠰᠤᠷᠭᠠᠭᠤᠯᠢ︾᠂︽ᠪᠦᠭᠦ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠠᠮᠢᠶᠠᠷᠤᠯᠲᠠ ᠶᠢᠨ ᠲᠡᠷᠢᠭᠦᠨ ᠤ ᠰᠤᠷᠭᠠᠭᠤᠯᠢ︾᠂︽ᠪᠦᠭᠦ ᠣᠷᠣᠨ ᠤ ᠣᠳᠣ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ ᠤᠨ ᠰᠢᠯᠢᠳᠡᠭ ᠰᠤᠷᠭᠠᠭᠤᠯᠢ︾ᠵᠡᠷᠭᠡ | ᠤᠯᠠᠨ ᠢᠷᠠᠭᠤ ᠠᠯᠳᠠᠷ ᠢ ᠬᠦᠷᠲᠡᠵᠡᠢ᠃ | ᠲᠥᠷᠥᠭᠡ ᠵᠢᠭᠢᠭᠰᠡᠨ ᠡᠳᠦᠷ ᠬᠤᠨᠤᠭ ᠤᠳ ᠳᠦᠭᠦᠷᠡᠩ ᠭᠠᠨᠵᠤᠭ᠎ᠠ ᠲᠠᠢ ᠣᠨ ᠵᠢᠯ ᠤᠳ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠦᠷᠭᠦᠯᠵᠢᠯᠡᠨ ᠰᠢᠨᠲᠠᠷᠠᠰᠢ ᠦᠭᠡᠢ | ᠠᠵᠢᠯᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠯᠠᠬᠤ ᠡᠨᠡ ᠬᠦ ᠭᠤᠣᠯ ᠰᠢᠵᠢᠮ ᠢ | ᠪᠠᠲᠤ ᠡᠵᠡᠮᠳᠡᠵᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠡᠪ ᠴᠢᠨᠠᠷ ᠤᠨ | ᠰᠤᠷᠭᠠᠨ ᠬᠥᠮᠦᠵᠢᠯ ᠢᠶᠠᠷ ᠭᠤᠣᠯ ᠴᠣᠭᠴᠠ ᠪᠤᠯᠭᠠᠵᠤ᠂ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠪᠠ ᠵᠢᠭᠠᠨ ᠰᠤᠷᠭᠠᠯᠲᠠ ᠪᠠᠷ ᠭᠤᠣᠯᠳᠠᠯᠭ᠎ᠠ ᠪᠣᠯᠭᠠᠨ᠂ | ᠡᠯ᠎ᠡ ᠵᠦᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠪᠠᠲᠤᠳᠬᠠᠵᠤ᠂ | ᠰᠤᠷᠭᠠᠭᠤᠯᠢ ᠶᠢᠨ ᠡᠯ᠎ᠡ ᠵᠦᠢᠯ ᠤᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃ | ᠰᠤᠷᠭᠠᠨ ᠬᠥᠮᠦᠵᠢᠯ ᠤᠨ ᠦᠨᠳᠦᠰᠦᠨ ᠡᠭᠦᠷᠭᠡ ᠪᠣᠯ ᠴᠢᠳᠠᠪᠤᠷᠢᠲᠠᠨ ᠢ ᠬᠥᠮᠥᠵᠢᠭᠦᠯᠬᠦ ᠶᠠᠪᠤᠳᠠᠯ ᠪᠣᠯᠣᠨ᠎ᠠ᠂ ᠭᠤᠣᠯᠳᠠᠯᠭ᠎ᠠ ᠨᠢ ︽ᠶᠠᠮᠠᠷ ᠬᠥᠮᠥᠨ ᠢ | ᠬᠥᠮᠥᠵᠢᠭᠦᠯᠬᠦ︾᠂︽ᠬᠥᠮᠥᠨ ᠢ ᠬᠡᠷᠬᠢᠨ ᠬᠥᠮᠥᠵᠢᠭᠦᠯᠬᠦ︾ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠣᠨ᠎ᠠ᠂ ᠡᠴᠦᠰ ᠤᠨ ᠬᠠᠷᠠᠯᠲᠠ ᠪᠣᠯ ︽ᠠᠷᠠᠳ ᠲᠦᠮᠡᠨ | ᠬᠠᠨᠤᠮᠵᠢᠲᠠᠶ︾ ᠰᠤᠷᠭᠠᠨ ᠬᠥᠮᠦᠵᠢᠯ ᠢ ᠡᠷᠭᠢᠯᠡᠭᠦ ᠶᠠᠪᠤᠳᠠᠯ ᠪᠣᠯᠣᠨ᠎ᠠ᠃ ᠡᠳᠡᠭᠡᠷ ᠢ ᠪᠡᠶᠡᠯᠡᠭᠦᠯᠬᠦ ᠳᠤ ᠡᠷᠬᠡᠪᠰᠢ ᠰᠤᠷᠭᠠᠨ ᠬᠥᠮᠦᠵᠢᠯ᠂ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠰᠤᠷᠭᠠᠭᠤᠯᠢ ᠠᠴᠠ ᠲᠤᠷᠰᠢᠯᠲᠠ ᠶᠢᠨ | ᠠᠩᠭᠢ ᠶᠢᠨ ᠪᠠᠭᠰᠢ ᠰᠤᠷᠤᠬᠴᠢᠳ ᠤᠨ ᠪᠣᠯᠪᠠᠰᠤᠷᠠᠯ ᠢ ᠭᠤᠣᠯᠳᠠᠯᠭ᠎ᠠ ᠲᠠᠢ ᠴᠢᠩᠭᠠᠳᠬᠠᠵᠤ᠂ ᠰᠤᠷᠤᠯᠴᠠᠬᠤ ᠳᠤᠭᠤᠶᠢᠯᠠᠩ ᠢ ᠴᠢᠬᠤᠯᠠᠴᠢᠯᠠᠨ᠂ ᠰᠢᠯᠢᠳᠡᠭ ᠪᠠᠭᠰᠢ ᠶᠢ | ᠵᠣᠬᠢᠶᠠᠨ ᠪᠠᠶᠢᠭᠤᠯᠤᠨ ᠵᠢᠭᠠᠨ ᠵᠢᠯᠤᠭᠤᠳᠬᠤ ᠲᠥᠰᠥᠯ ᠳᠤ ᠳᠠᠭᠢᠨ ᠵᠠᠰᠠᠪᠤᠷᠢ ᠣᠷᠣᠭᠤᠯᠪᠠ᠃ ᠪᠠᠶᠢᠩᠭᠤ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭ᠎ᠠ | ᠠᠳᠬᠤᠵᠤ᠂ ᠬᠢᠴᠢᠶᠡᠯ ᠤᠨ ᠲᠠᠩᠬᠢᠮ ᠢ ᠪᠠᠶᠢᠩᠭᠤ ᠪᠠᠶᠢᠴᠠᠭᠠᠬᠤ ᠳᠦᠷᠢᠮ᠂ ᠬᠢᠴᠢᠶᠡᠯ ᠰᠣᠨᠣᠰᠬᠤ ᠳᠦᠷᠢᠮ ᠪᠠ ᠬᠠᠷᠢᠭᠤ ᠲᠤᠰᠬᠠᠬᠤ ᠳᠦᠷᠢᠮ ᠢ ᠪᠠᠶᠢᠭᠤᠯᠪᠠ᠃ | ᠬᠢᠴᠢᠶᠡᠯ ᠲᠥᠷᠥᠯ ᠤᠨ ᠵᠢᠭᠠᠨ ᠰᠤᠳᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂︽ᠬᠢᠴᠢᠶᠡᠯ ᠠᠴᠠ ᠡᠮᠦᠨ᠎ᠡ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠤᠨ | ᠳᠤᠮᠳᠠ ᠬᠠᠮᠲᠤ ᠪᠠᠷ ᠬᠢᠴᠢᠶᠡᠯ ᠰᠣᠨᠣᠰᠬᠤ᠂ ᠬᠢᠴᠢᠶᠡᠯ ᠤᠨ ᠳᠠᠷᠠᠭ᠎ᠠ ᠬᠠᠮᠲᠤ ᠪᠠᠷ ᠬᠢᠴᠢᠶᠡᠯ ᠦᠨᠡᠯᠡᠬᠦ︾ᠠᠷᠭ᠎ᠠ ᠶᠢ ᠲᠣᠭᠲᠠᠭᠠᠪᠠ᠃ ᠰᠤᠷᠤᠯᠴᠠᠬᠤ ᠰᠤᠷᠲᠠᠯ ᠤᠨ | ᠪᠠᠶᠢᠭᠤᠯᠤᠯᠲᠠ ᠶᠢᠨ ᠡᠷᠴᠢᠮ ᠪᠠ ᠰᠠᠭᠤᠷᠢ ᠣᠨ ᠤ ᠰᠤᠷᠤᠯᠴᠠᠯᠭ᠎ᠠ ᠶᠢᠨ ᠳᠤᠭᠤᠶᠢᠯᠠᠩ ᠤᠨ ᠠᠳᠠᠯᠢᠳᠬᠠᠨ ᠰᠢᠯᠭᠠᠷᠠᠭᠤᠯᠬᠤ ᠠᠵᠢᠯ ᠢ ᠴᠢᠩᠭᠠᠳᠬᠠᠪᠠ᠃ | ᠰᠤᠷᠭᠠᠭᠤᠯᠢ ᠶᠢᠨ ᠥᠪᠡᠷ ᠢᠶᠠᠨ ᠲᠣᠬᠢᠷᠠᠭᠤᠯᠤᠭᠰᠠᠨ ᠬᠢᠴᠢᠶᠡᠯ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠰᠤᠷᠤᠬᠴᠢᠳ ᠤᠨ ᠥᠪᠡᠷᠮᠢᠴᠡ ᠴᠢᠨᠠᠷ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠢᠴᠢᠶᠡᠯ ᠤᠨ ᠲᠥᠷᠥᠯ ᠵᠦᠢᠯ ᠳᠤ ᠰᠢᠨᠵᠢᠯᠡᠭᠡᠨ ᠤ ᠰᠠᠯᠠᠭ᠎ᠠ ᠶᠢ ᠳᠡᠭᠡᠭᠰᠢᠯᠡᠭᠦᠯᠭᠦ ᠭᠡᠯᠪᠡᠷᠢ ᠠᠴᠠ ᠳᠤᠷ᠎ᠠ | ᠰᠣᠨᠢᠷᠬᠠᠯ ᠢ ᠥᠷᠭᠡᠳᠬᠡᠬᠦ ᠭᠡᠯᠪᠡᠷᠢ ᠲᠡᠶᠢᠰᠢ ᠬᠤᠪᠢᠷᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠪᠡ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠢᠴᠢᠶᠡᠯ ᠤᠨ | ᠬᠢᠴᠢᠶᠡᠯᠯᠡᠬᠦ ᠵᠠᠭᠪᠤᠷ ᠲᠤ ᠥᠭᠡᠷᠡᠴᠢᠯᠡᠯᠲᠡ ᠬᠢᠵᠦ᠂ ᠰᠤᠷᠤᠬᠴᠢᠳ ᠳᠤᠷ᠎ᠠ ᠰᠣᠨᠢᠷᠬᠠᠯ ᠢᠶᠠᠷ ᠢᠶᠠᠨ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠣᠩᠭᠤᠨ ᠰᠤᠷᠤᠯᠴᠠᠬᠤ | ᠪᠣᠯᠭᠠᠪᠠ᠃ | ᠰᠤᠷᠤᠬᠴᠢᠳ ᠤᠨ ᠣᠯᠠᠩᠬᠢ ᠨᠢ ᠠᠳᠠᠯᠢ ᠪᠤᠰᠤ ᠬᠤᠰᠢᠭᠤ ᠬᠤᠲᠠ ᠲᠣᠭᠤᠷᠢᠭ ᠪᠠ ᠦᠨᠳᠦᠰᠦᠲᠡᠨ ᠠᠴᠠ ᠢᠷᠡᠯᠲᠡ ᠲᠠᠢ ᠪᠣᠯᠬᠤᠷ ᠳᠤᠷ᠎ᠠ ᠰᠣᠨᠢᠷᠬᠠᠯ᠂ | ᠲᠠᠨᠢᠨ ᠮᠡᠳᠡᠬᠦᠢ ᠶᠢᠨ ᠬᠢᠷᠢ ᠲᠦᠪᠰᠢᠨ᠂ ᠭᠥᠯᠢᠶᠡᠨ ᠠᠪᠬᠤ ᠴᠢᠳᠠᠪᠤᠷᠢ ᠵᠡᠷᠭᠡ ᠲᠠᠯ᠎ᠠ ᠪᠠᠷ ᠵᠥᠷᠢᠶ᠎ᠡ ᠲᠠᠢ ᠪᠠᠶᠢᠵᠤ᠂ ᠰᠤᠷᠭᠠᠨ ᠬᠥᠮᠦᠵᠢᠯ ᠤᠨ ᠰᠤᠷᠠᠭ ᠵᠠᠩᠭᠢ ᠶᠢ | ᠭᠥᠯᠢᠶᠡᠨ ᠠᠪᠬᠤ ᠪᠠᠶᠢᠳᠠᠯ ᠨᠢ ᠴᠦ ᠠᠳᠠᠯᠢ ᠦᠭᠡᠢ ᠪᠠᠶᠢᠳᠠᠭ᠃ ᠡᠶᠢᠮᠦ ᠪᠠᠶᠢᠳᠠᠯ ᠢ ᠦᠨᠳᠦᠰᠦᠯᠡᠭᠡᠳ ᠰᠤᠷᠤᠬᠴᠢᠳ ᠤᠨ ᠥᠪᠡᠷᠮᠢᠴᠡ ᠬᠥᠭᠵᠢᠯᠲᠡ ᠶᠢᠨ ᠬᠡᠷᠡᠭᠴᠡᠭᠡ | ᠶᠢ ᠬᠠᠩᠭᠠᠬᠤ ᠶᠢᠨ ᠲᠥᠯᠥᠭᠡ᠂ ᠰᠤᠷᠭᠠᠭᠤᠯᠢ ᠨᠢ ᠰᠤᠷᠤᠬᠴᠢ ᠶᠢᠨ ᠢᠷᠡᠯᠲᠡ ᠪᠠ ᠭᠠᠵᠠᠷ ᠣᠷᠣᠨ ᠤ ᠣᠨᠴᠠᠯᠢᠭ ᠲᠤ ᠰᠠᠭᠤᠷᠢᠯᠠᠵᠤ᠂ ᠳᠡᠰ ᠬᠤᠪᠢᠶᠠᠬᠤ᠂ ᠲᠥᠷᠥᠯ | ᠬᠤᠪᠢᠶᠠᠨ ᠵᠢᠭᠠᠨ ᠰᠤᠷᠭᠠᠬᠤ ᠦᠨᠳᠦᠰᠦᠨ ᠵᠠᠭᠪᠤᠷ ᠢ ᠥᠷᠨᠢᠭᠦᠯᠵᠦ᠂︽ᠬᠢᠴᠢᠶᠡᠯ ᠤᠨ ᠡᠮᠦᠨ᠎ᠡ ᠪᠢᠴᠢᠯ ᠬᠢᠴᠢᠶᠡᠯ ᠢᠶᠠᠷ ᠵᠢᠭᠠᠨ ᠵᠢᠯᠤᠭᠤᠳᠬᠤ᠂ ᠬᠢᠴᠢᠶᠡᠯ ᠤᠨ | ᠲᠠᠩᠬᠢᠮ ᠳᠤ ᠬᠠᠷᠢᠯᠴᠠᠨ ᠰᠤᠳᠤᠯᠤᠨ ᠰᠤᠷᠤᠯᠴᠠᠬᠤ᠂ ᠬᠢᠴᠢᠶᠡᠯ ᠤᠨ ᠳᠠᠷᠠᠭ᠎ᠠ ᠣᠨᠴᠠᠯᠢᠭ ᠲᠤᠨᠢ ᠲᠣᠬᠢᠷᠠᠭᠤᠯᠤᠨ ᠵᠢᠭᠠᠨ ᠵᠢᠯᠤᠭᠤᠳᠬᠤ︾ ᠵᠢᠭᠠᠨ ᠰᠤᠷᠭᠠᠯᠲᠠ ᠶᠢᠨ | ᠵᠠᠭᠪᠤᠷ ᠤᠨ ᠣᠶᠤᠨᠴᠢ ᠬᠢᠴᠢᠶᠡᠯ ᠤᠨ ᠲᠠᠩᠬᠢᠮ ᠢ ᠪᠦᠭᠦ ᠲᠠᠯ᠎ᠠ ᠪᠠᠷ ᠪᠠᠶᠢᠭᠤᠯᠵᠤ᠂ ᠡᠭᠦᠨ ᠤ ᠬᠠᠮᠲᠤ︽ᠲᠠᠰ ᠬᠤᠪᠢᠶᠠᠨ ᠠᠩᠭᠢ ᠰᠢᠯᠵᠢᠭᠦ ᠳᠦᠷᠢᠮ︾ ᠤᠨ ᠵᠢᠭᠠᠨ | ᠰᠤᠷᠭᠠᠯᠲᠠ ᠶᠢᠨ ᠵᠠᠭᠪᠤᠷ ᠢᠶᠠᠷ ᠭᠠᠷᠳᠠᠵᠤ᠂ ᠰᠢᠨ᠎ᠡ ᠶᠢ ᠡᠭᠦᠳᠬᠦ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠢ ᠪᠤᠶ ᠪᠤᠯᠭᠠᠵᠤ᠂ ᠰᠣᠶᠣᠯ ᠤᠨ | ᠬᠢᠴᠢᠶᠡᠯ ᠢ ᠴᠢᠬᠤᠯᠠᠴᠢᠯᠠᠬᠤ ᠶᠢᠨ ᠬᠠᠮᠲᠤ ᠪᠠᠰᠠ ᠰᠣᠷᠣᠬᠴᠢ ᠶᠢᠨ ᠣᠨᠴᠠᠯᠢᠭᠲᠤ ᠬᠥᠭᠵᠢᠯᠲᠡ ᠶᠢ ᠠᠩᠬᠠᠷᠴᠤ᠂ ᠠᠳᠠᠯᠢ ᠪᠤᠰᠤ ᠬᠢᠷᠢ ᠬᠡᠮᠵᠢᠶ᠎ᠡ ᠲᠠᠢ ᠰᠣᠷᠣᠬᠴᠢ ᠶᠢᠨ | ᠥᠪᠡᠷᠮᠢᠴᠡ ᠬᠡᠷᠡᠭᠴᠡᠭᠡ ᠶᠢ ᠬᠠᠩᠭᠠᠵᠤ᠂ ᠰᠠᠭᠤᠷᠢ ᠪᠠᠷᠤᠭᠲᠠᠢ ᠰᠣᠷᠣᠬᠴᠢ ᠶᠢᠨ ᠶᠡᠭᠡ ᠳᠡᠭᠡᠳᠦ ᠰᠤᠷᠭᠠᠭᠤᠯᠢ ᠳᠤ ᠣᠷᠣᠬᠤ ᠬᠦᠴᠢᠷ ᠠᠰᠠᠭᠤᠳᠠᠯ ᠢ ᠰᠢᠢᠳᠪᠦᠷᠢᠯᠡᠪᠡ᠃ | ᠤᠯᠤᠰ ᠤᠨ ᠬᠢᠴᠢᠶᠡᠯ ᠲᠥᠷᠥᠯ ᠪᠠ ᠣᠷᠣᠨ ᠨᠤᠲᠤᠭ ᠤᠨ ᠬᠢᠴᠢᠶᠡᠯ ᠢ ᠪᠦᠷᠢᠨ ᠭᠦᠢᠴᠡᠳ ᠨᠡᠭᠡᠭᠡᠭᠰᠡᠨ ᠰᠠᠭᠤᠷᠢᠨ ᠳᠤ᠂ ᠰᠤᠷᠭᠠᠭᠤᠯᠢ ᠶᠢᠨ ᠪᠣᠳᠠᠲᠤ | ᠪᠠᠶᠢᠳᠠᠯ᠂ ᠪᠠᠭᠰᠢ ᠶᠢᠨ ᠣᠨᠴᠠ ᠴᠢᠳᠠᠪᠤᠷᠢ᠂ ᠰᠤᠷᠤᠬᠴᠢ ᠶᠢᠨ ᠣᠨᠴᠠᠯᠢᠭ ᠵᠢᠴᠢ ᠬᠡᠷᠡᠭᠴᠡᠭᠡ ᠳᠤ ᠰᠠᠭᠤᠷᠢᠯᠠᠵᠤ᠂ ᠤᠯᠤᠰ ᠤᠨ ᠲᠠᠮᠢᠷ ᠤᠷᠠᠯᠢᠭ ᠤᠨ ᠰᠤᠷᠭᠠᠨ | ᠬᠥᠮᠦᠵᠢᠯ ᠤᠨ ᠬᠢᠴᠢᠶᠡᠯ ᠤᠨ ᠪᠠᠷᠢᠮᠵᠢᠶ᠎ᠠ ᠵᠢᠴᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠡᠶ᠎ᠡ ᠶᠢᠨ ᠲᠠᠮᠢᠷ᠂ ᠤᠷᠠᠯᠢᠭ ᠤᠨ ᠪᠠᠭᠰᠢ ᠶᠢ ᠪᠦᠷᠢᠨ ᠭᠦᠢᠴᠡᠳ | ᠲᠣᠬᠢᠷᠠᠭᠤᠯᠵᠤ᠂ ᠲᠠᠮᠢᠷ ᠤᠷᠠᠯᠢᠭ ᠤᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠰᠠᠭᠰᠤᠨ ᠪᠥᠮᠪᠦᠭᠡ᠂ ᠬᠥᠯ ᠪᠥᠮᠪᠦᠭᠡ᠂ ᠫᠢᠩᠫᠠᠩ ᠪᠥᠮᠪᠦᠭᠡ᠂ ᠲᠦᠷᠭᠡᠨ ᠲᠡᠰᠢᠯᠲᠡ᠂ | ᠪᠦᠭᠡ᠂ ᠰᠢᠲᠠᠷ᠎ᠠ᠂ ᠮᠣᠷᠢᠨ ᠬᠤᠭᠤᠷ᠂ ᠤᠷᠠᠨ ᠵᠢᠷᠤᠭ᠂ ᠨᠡᠪᠲᠡᠷᠡᠭᠦᠯᠭᠡ ᠵᠡᠷᠭᠡ ᠰᠤᠷᠭᠠᠭᠤᠯᠢ ᠶᠢᠨ ᠬᠢᠴᠢᠶᠡᠯ ᠲᠦᠷᠦᠯ ᠢ ᠨᠡᠭᠡᠭᠡᠪᠡ᠃ ᠬᠦᠨᠳᠦ ᠬᠥᠩᠭᠡᠨ ᠪᠡᠶ᠎ᠡ ᠶᠢᠨ | ᠲᠠᠮᠢᠷ ᠤᠨ ᠠᠩᠭᠢ᠂ ᠰᠠᠭᠰᠤᠨ ᠪᠥᠮᠪᠦᠭᠡ ᠶᠢᠨ ᠠᠩᠭᠢ᠂ ᠬᠥᠯ ᠪᠥᠮᠪᠦᠭᠡ ᠶᠢᠨ ᠠᠩᠭᠢ᠂ ᠪᠦᠭᠡ ᠶᠢᠨ ᠠᠩᠭᠢ᠂ ᠤᠳᠬ᠎ᠠ ᠤᠷᠠᠯᠢᠭ ᠤᠨ ᠠᠩᠭᠢ᠂ ᠤᠷᠠᠨ ᠵᠢᠷᠤᠭ ᠤᠨ | ᠠᠩᠭᠢ᠂ ᠪᠥᠵᠢᠭ ᠤᠨ ᠠᠩᠭᠢ᠂ ᠨᠠᠶᠢᠷᠠᠯ ᠳᠠᠭᠤᠤ ᠶᠢᠨ ᠪᠦᠯᠭᠦᠮ ᠵᠡᠷᠭᠡ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠪᠡᠶ᠎ᠡ ᠶᠢᠨ ᠲᠠᠮᠢᠷ ᠤᠨ ᠴᠤᠭᠯᠠᠭᠠᠨ᠂ ᠰᠤᠷᠭᠠᠭᠤᠯᠢ ᠶᠢᠨ | ᠬᠦᠷᠢᠶᠡᠨ ᠤ ᠰᠣᠶᠣᠯ ᠤᠷᠠᠯᠢᠭ ᠤᠨ ᠨᠠᠶᠢᠷ ᠵᠢᠴᠢ ︽ᠡᠷᠭᠦᠨ᠎ᠡ ᠬᠤᠨ ᠬᠤᠨᠳᠠᠭᠠᠲᠤ︾ᠦᠨᠳᠦᠰᠦᠲᠡᠨ ᠤ ᠳᠠᠭᠤᠤ ᠪᠥᠵᠢᠭ ᠤᠨ ᠦᠵᠡᠭᠦᠯᠭᠡ ᠶᠢᠨ ᠤᠷᠤᠯᠳᠤᠭᠠᠨ ᠵᠡᠷᠭᠡ | ᠠᠵᠢᠯᠯᠠᠭ᠎ᠠ ᠶᠢ ᠡᠷᠭᠢᠯᠡᠵᠦ᠂ ᠲᠠᠮᠢᠷ ᠤᠷᠠᠯᠢᠭ ᠤᠨ ᠬᠢᠴᠢᠶᠡᠯ ᠳᠤ ᠣᠷᠤᠯᠴᠠᠬᠤ ᠨᠣᠷᠮ᠎ᠠ ᠶᠢ 100% ᠳᠤ ᠬᠦᠷᠭᠡᠵᠦ᠂ ᠰᠤᠷᠤᠬᠴᠢᠳ ᠤᠨ ᠣᠯᠠᠨ ᠲᠠᠯ᠎ᠠ ᠶᠢᠨ ᠠᠪᠢᠶᠠᠰ | ᠴᠢᠳᠠᠪᠤᠷᠢ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠂ ᠰᠤᠷᠤᠬᠴᠢᠳ ᠤᠨ ᠥᠪᠡᠷᠮᠢᠴᠡ ᠬᠥᠭᠵᠢᠯᠲᠡ ᠳᠤ ᠪᠦᠷᠢᠨ ᠨᠥᠬᠦᠴᠡᠯ ᠬᠠᠩᠭᠠᠪᠠ᠃ | ᠶᠣᠰᠣ ᠮᠣᠷᠠᠯ ᠤᠨ ᠬᠥᠮᠦᠵᠢᠯ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠮᠢᠨ ᠰᠦᠨᠡᠰᠦ ᠮᠥᠨ᠃ ᠰᠤᠷᠭᠠᠭᠤᠯᠢ ᠨᠢ ᠬᠥᠮᠥᠨ ᠢ ᠬᠥᠮᠥᠵᠢᠭᠦᠯᠬᠦ ᠪᠠᠷ | ᠦᠨᠳᠦᠰᠦ ᠪᠤᠯᠭᠠᠬᠤ ᠶᠢ ᠢᠮᠠᠭᠲᠠ ᠪᠠᠷᠢᠮᠲᠠᠯᠠᠵᠤ᠂ ᠶᠣᠰᠣ ᠮᠣᠷᠠᠯ ᠤᠨ ᠬᠥᠮᠦᠵᠢᠯ ᠢ ᠲᠡᠷᠢᠭᠦᠨ ᠳᠤ ᠲᠠᠯᠪᠢᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠣᠨ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠪᠠᠷ ᠵᠣᠭᠰᠣᠯᠲᠠ ᠪᠣᠯᠭᠠᠨ᠂ ᠡᠷᠡᠭᠦᠯ ᠥᠭᠡᠳᠡᠷᠬᠡᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠪᠠ ᠭᠤᠣᠯ | ᠰᠡᠳᠦᠪᠲᠦ ᠬᠥᠮᠦᠵᠢᠯ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠨ᠂ ᠶᠣᠰᠣ ᠮᠣᠷᠠᠯ ᠤᠨ ᠬᠥᠮᠦᠵᠢᠯ ᠤᠨ ᠠᠷᠭ᠎ᠠ ᠵᠠᠮ ᠢ ᠨᠡᠭᠡᠭᠡᠵᠦ᠂ ᠶᠣᠰᠣ ᠮᠣᠷᠠᠯ ᠤᠨ | ᠬᠥᠮᠦᠵᠢᠯ ᠤᠨ ᠭᠡᠯᠪᠡᠷᠢ ᠶᠢ ᠰᠢᠨ᠎ᠡ ᠪᠠᠷ ᠡᠭᠦᠳᠴᠦ᠂ ᠶᠣᠰᠣ ᠮᠣᠷᠠᠯ ᠤᠨ ᠬᠥᠮᠦᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠡᠭᠦᠨ ᠢᠶᠠᠷ | ᠰᠤᠷᠤᠬᠴᠢᠳ ᠤᠨ ᠰᠠᠶᠢᠨ ᠰᠠᠶᠢᠬᠠᠨ ᠦᠵᠡᠯ ᠰᠠᠨᠠᠭ᠎ᠠ᠂ ᠶᠣᠰᠣ ᠮᠣᠷᠠᠯ ᠪᠠ ᠡᠷᠡᠭᠦᠯ ᠪᠦᠲᠦᠨ ᠵᠠᠩ ᠠᠷᠠᠨᠰᠢᠨ ᠢ ᠬᠥᠮᠥᠵᠢᠭᠦᠯᠵᠦ᠂ ᠰᠤᠷᠤᠬᠴᠢᠳ ᠤᠨ ᠰᠠᠶᠢᠨ | ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠤᠯᠬᠤ ᠶᠢ ᠤᠯᠠᠮ ᠨᠢᠭᠡ ᠠᠯᠬᠤᠮ ᠴᠢᠩᠭᠠᠳᠬᠠᠪᠠ᠃ | ︽ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ︾᠃ ᠬᠠᠶᠢᠯᠠᠷ ᠲᠠᠬᠢ ᠨᠢᠭᠡᠳᠦᠭᠡᠷ ᠳᠤᠮᠳᠠᠳᠤ | ᠰᠤᠷᠭᠠᠭᠤᠯᠢ ᠪᠣᠯ ᠮᠣᠩᠭᠤᠯ᠂ ᠡᠸᠡᠩᠬᠢ᠂ ᠣᠷᠴᠣᠨ᠂ ᠳᠠᠭᠤᠷ᠂ ᠮᠠᠨᠵᠤ᠂ ᠬᠤᠲᠣᠩ᠂ ᠰᠣᠯᠣᠩᠭᠤᠰ᠂ ᠬᠢᠲᠠᠳ ᠵᠡᠷᠭᠡ ᠤᠯᠠᠨ ᠦᠨᠳᠦᠰᠦᠲᠡᠨ ᠤ ᠰᠤᠷᠤᠬᠴᠢᠳ ᠢᠶᠠᠷ | ᠪᠦᠷᠢᠯᠳᠦᠭᠰᠡᠨ ᠰᠤᠷᠭᠠᠭᠤᠯᠢ ᠪᠣᠯᠣᠨ᠎ᠠ᠃ ᠰᠤᠷᠭᠠᠭᠤᠯᠢ ᠨᠢ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠪᠠᠷ ᠪᠠᠷᠠᠬᠤ ᠦᠭᠡᠢ᠂ | ᠨᠡᠩ ᠴᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠲᠡᠨ ᠤ | ᠰᠤᠷᠭᠠᠨ ᠬᠥᠮᠦᠵᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠠᠬᠢᠭᠤᠯᠬᠤ᠂ ᠳᠤᠮᠳᠠᠳᠤ ᠶᠢᠨ | ᠦᠨᠳᠦᠰᠦᠲᠡᠨ ᠤ ᠰᠢᠯᠢᠳᠡᠭ ᠥᠪ ᠢ ᠤᠯᠠᠮᠵᠢᠯᠠᠬᠤ ᠶᠢ ᠨᠡᠩ ᠴᠢᠬᠤᠯᠠ ᠡᠭᠦᠷᠭᠡ ᠪᠣᠯᠭᠠᠨ ᠠᠳᠬᠤᠵᠠᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠦᠨᠳᠦᠰᠦᠨ ᠴᠢᠭᠯᠡᠯ ᠪᠤᠯᠭᠠᠬᠤ ᠶᠢ ᠪᠠᠷᠢᠮᠲᠠᠯᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠪᠠ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠠᠬᠢᠭᠤᠯᠬᠤ ᠪᠠᠷ ᠰᠠᠭᠤᠷᠢ ᠢᠨᠵᠧᠨᠧᠷᠢᠩ ᠪᠤᠯᠭᠠᠵᠤ᠂ ᠦᠨᠳᠦᠰᠦᠲᠡᠨ ᠨᠦᠭᠦᠳ ᠤᠨ ᠪᠠᠭᠰᠢ | ᠰᠤᠷᠤᠬᠴᠢᠳ ᠤᠨ ᠶᠠᠪᠤᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠤᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠪᠠᠭᠰᠢ ᠰᠤᠷᠤᠬᠴᠢᠳ ᠢ ᠬᠥᠮᠥᠵᠢᠭᠦᠯᠦᠨ | ᠬᠥᠲᠥᠯᠵᠦ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠲᠠ ᠲᠠᠢ ᠪᠠᠶᠢᠬᠤ︾ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠪᠤᠶ ᠪᠣᠯᠭᠠᠪᠠ᠃ | ᠰᠤᠷᠭᠠᠭᠤᠯᠢ ᠨᠢ ᠣᠯᠠᠨ ᠤᠳᠠᠭ᠎ᠠ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠᠷ ᠦᠨᠡᠯᠡᠭᠳᠡᠪᠡ᠃ | ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠵᠠᠭᠤᠨ ᠵᠢᠯ ᠤᠨ ᠣᠶ ᠶᠢᠨ ᠪᠠᠶᠠᠷ ᠢᠶᠠᠨ ᠤᠭᠲᠤᠬᠤ ᠲᠠᠰᠢᠷᠠᠮ ᠢᠶᠠᠷ ᠬᠠᠶᠢᠯᠠᠷ ᠲᠣᠭᠤᠷᠢᠭ ᠤᠨ ᠵᠢᠶᠠᠨ | ᠺᠠᠩ ᠵᠡᠭᠡᠯᠢ ᠶᠢᠨ 264 ᠳ᠋ᠦ᠋ᠭᠡᠷ ᠨᠣᠮᠧᠷ ᠠᠴᠠ ᠬᠠᠶᠢᠯᠠᠷ ᠲᠣᠭᠤᠷᠢᠭ ᠤᠨ ᠳ᠋ᠦᠩ ᠱᠠᠨ ᠵᠡᠭᠡᠯᠢ ᠶᠢᠨ ᠰᠠᠶᠢᠬᠠᠨ ᠵᠠᠮ ᠤᠨ 1 ᠳ᠋ᠦ᠋ᠭᠡᠷ ᠨᠣᠮᠧᠷ ᠲᠤ ᠨᠡᠭᠦᠪᠡ᠃ ᠡᠨᠡ ᠪᠣᠯ | ᠰᠤᠷᠭᠠᠭᠤᠯᠢ ᠶᠢᠨ ᠵᠢᠷᠭᠤᠳᠤᠭᠠᠷ ᠤᠳᠠᠭᠠᠨ ᠤ ᠨᠡᠭᠦᠯᠲᠡ ᠶᠤᠮ᠂ ᠮᠥᠨ ᠴᠤ ᠰᠤᠷᠭᠠᠭᠤᠯᠢ ᠶᠢᠨ ᠬᠠᠮᠤᠭ ᠤᠨ ᠲᠡᠦᠬᠡᠲᠦ ᠠᠴᠢ ᠬᠤᠯᠪᠣᠭᠳᠠᠯ ᠲᠠᠢ ᠪᠡᠯᠭᠡ ᠲᠡᠮᠳᠡᠭ | ᠮᠥᠨ᠂ ᠮᠥᠨ ᠴᠦ ᠰᠤᠷᠭᠠᠭᠤᠯᠢ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ ᠬᠤᠶᠠᠳᠠᠭᠢ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ | ᠡᠬᠢᠯᠡᠭᠦᠯᠦᠭᠰᠡᠨ ᠰᠢᠨ᠎ᠡ ᠴᠡᠭ ᠮᠥᠨ᠃ | ᠵᠠᠭᠤᠨ ᠵᠢᠯ ᠢ ᠡᠷᠭᠢᠴᠡᠭᠦᠯᠬᠦᠶ᠎ᠡ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠭᠰᠡᠡ ᠥᠩᠭᠡᠷᠡᠯᠲᠡ ᠪᠣᠯ ᠦᠨᠳᠦᠰᠦᠲᠡᠨ ᠤ ᠪᠠᠨ | ᠬᠤᠪᠢ ᠵᠠᠶᠠᠭ᠎ᠠ ᠲᠠᠢ ᠬᠠᠮᠲᠤᠳᠬᠠᠭᠰᠠᠨ᠂ ᠴᠠᠭ ᠦᠶ᠎ᠡ ᠲᠠᠢ ᠠᠯᠬᠤᠮ ᠢᠶᠠᠨ ᠨᠢᠭᠡᠳᠬᠡᠭᠰᠡᠨ ᠲᠡᠦᠬᠡ ᠪᠣᠯᠣᠨ᠎ᠠ᠂ ᠨᠡᠩ ᠴᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠳᠣᠣᠷ᠎ᠠ ᠰᠢᠨᠲᠠᠷᠠᠰᠢ ᠦᠭᠡᠢ ᠤᠷᠤᠭᠰᠢᠯᠠᠨ ᠳᠠᠪᠰᠢᠵᠤ ᠬᠥᠭᠵᠢᠭᠰᠡᠨ ᠲᠡᠮᠡᠴᠡᠯ ᠤᠨ ᠲᠡᠦᠬᠡ ᠪᠣᠯᠣᠨ᠎ᠠ᠃ ᠵᠠᠭᠤᠨ ᠵᠢᠯ ᠤᠨ ᠰᠠᠯᠬᠢ | ᠪᠣᠷᠣᠭᠠᠨ ᠤ ᠳᠠᠪᠲᠠᠯᠲᠠ ᠪᠠᠷ ᠲᠠᠮᠵᠢᠨ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠨᠢᠭᠡᠨᠲᠡ ᠡᠬᠢ ᠪᠠᠶᠠᠯᠢᠭ ᠤᠨ ᠲᠣᠬᠢᠷᠠᠭᠤᠯᠤᠯᠲᠠ ᠵᠣᠬᠢᠰᠲᠠᠢ᠂ | ᠰᠤᠷᠭᠠᠭᠤᠯᠢ ᠡᠷᠭᠢᠯᠡᠭᠦ ᠨᠥᠬᠦᠴᠡᠯ ᠵᠢᠯ ᠳᠠᠷᠠᠭᠠᠯᠠᠨ ᠳᠡᠭᠡᠭᠰᠢᠯᠡᠭᠰᠡᠨ᠂ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠭᠰᠡᠨ᠂ | ᠬᠠᠮᠢᠶᠠᠷᠤᠯᠲᠠ ᠶᠢᠨ ᠲᠣᠭᠲᠠᠴᠠ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠰᠤᠷᠭᠠᠭᠤᠯᠢ ᠪᠣᠯᠣᠨ ᠬᠥᠭᠵᠢᠵᠦ᠂ ᠨᠡᠶᠢᠭᠡᠮ ᠨᠡᠶᠢᠳᠡ ᠳᠤ ᠲᠠᠪᠤᠨ ᠲᠦᠮᠡ ᠭᠠᠷᠤᠢ | ᠬᠢᠷᠢ ᠲᠡᠩᠴᠡᠭᠰᠡᠨ ᠰᠣᠷᠣᠬᠴᠢ ᠪᠠ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠢ ᠬᠥᠮᠥᠵᠢᠭᠦᠯᠵᠦ ᠬᠦᠷᠭᠡᠭᠰᠡᠨ ᠪᠠᠶᠢᠨ᠎ᠠ᠃ | ᠢᠷᠡᠭᠡᠳᠦᠢ ᠪᠠᠨ ᠪᠠᠷᠠᠯᠠᠬᠤᠶ᠎ᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠢᠮᠠᠭᠲᠠ ᠨᠠᠮ ᠤᠨ | ᠴᠢᠭᠯᠡᠯᠲᠡ ᠲᠥᠷᠥ ᠶᠢᠨ ᠪᠣᠳᠣᠯᠭ᠎ᠠ ᠶᠢ ᠴᠢᠩᠭ᠎ᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠶᠢ ᠪᠠᠲᠤ ᠰᠠᠬᠢᠵᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ | ᠬᠠᠮᠢᠶᠠᠷᠤᠯᠲᠠ ᠶᠢᠨ ᠠᠵᠢᠯ ᠤᠨ ᠳᠡᠭᠡᠭᠰᠢᠯᠡᠯᠲᠡ ᠪᠠᠨ ᠠᠬᠢᠭᠤᠯᠤᠨ᠎ᠠ᠃ ᠪᠦᠭᠦ ᠰᠤᠷᠤᠬᠴᠢᠳ ᠲᠤ ᠬᠠᠨᠳᠤᠭᠤᠯᠤᠨ᠂ ᠬᠡᠪ ᠴᠢᠨᠠᠷ ᠤᠨ ᠰᠤᠷᠭᠠᠨ ᠬᠥᠮᠦᠵᠢᠯ ᠢ | ᠨᠠᠶᠢᠳᠠᠪᠤᠷᠢᠵᠢᠭᠤᠯᠵᠤ᠂ ᠰᠤᠷᠤᠬᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠵᠤ᠂ ᠰᠤᠷᠤᠬᠴᠢᠳ ᠤᠨ ᠪᠦᠭᠦ ᠲᠠᠯ᠎ᠠ ᠶᠢᠨ ᠬᠥᠭᠵᠢᠯᠲᠡ ᠪᠠ ᠥᠪᠡᠷᠮᠢᠴᠡ | ᠬᠥᠭᠵᠢᠯᠲᠡ ᠶᠢ ᠪᠡᠶᠡᠯᠡᠭᠦᠯᠦᠨ᠎ᠡ᠃ ︽ᠬᠥᠮᠥᠨ ᠢᠶᠠᠷ ᠦᠨᠳᠦᠰᠦ ᠪᠤᠯᠭᠠᠬᠤ᠂ ᠡᠶ᠎ᠡ ᠵᠣᠬᠢᠴᠠᠯ ᠲᠠᠢ ᠬᠥᠭᠵᠢᠭᠦᠯᠬᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ᠂ | ᠴᠢᠳᠠᠪᠤᠷᠢ ᠳᠤᠨᠢ ᠲᠣᠬᠢᠷᠠᠭᠤᠯᠤᠨ ᠵᠢᠭᠠᠨ ᠰᠤᠷᠭᠠᠬᠤ︾ᠰᠤᠷᠭᠠᠭᠤᠯᠢ ᠡᠷᠭᠢᠯᠡᠭᠦ ᠣᠨᠣᠯᠵᠢᠬᠤᠨ ᠢᠶᠠᠷ ᠯᠠᠪᠳᠠᠭᠤᠨ ᠪᠠᠲᠤᠲᠠᠢ ᠤᠷᠤᠭᠰᠢᠯᠠᠵᠤ᠂ ᠣᠨᠴᠠᠯᠢᠭ ᠲᠠᠢ ᠪᠠᠷ | ᠬᠥᠭᠵᠢᠭᠦᠯᠦᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ᠂ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠵᠦ᠂︽ᠰᠣᠷᠣᠬᠴᠢ ᠰᠤᠷᠬᠤ ᠤᠷᠮ᠎ᠠ ᠲᠠᠢ᠂ ᠪᠠᠭᠰᠢ | ᠵᠢᠭᠠᠬᠤ ᠳᠤ ᠴᠢᠳᠠᠮᠠᠭᠠᠢ᠂ ᠭᠡᠷ ᠤᠨ ᠠᠬᠠᠮᠠᠳ ᠬᠠᠨᠤᠮᠵᠢᠲᠠᠶ᠂ ᠨᠡᠶᠢᠭᠡᠮ ᠨᠡᠶᠢᠲᠡ ᠳᠤ ᠮᠡᠳᠡᠷᠡᠭᠳᠡᠭᠰᠡᠨ︾ ᠥᠪᠡᠷᠲᠡᠭᠡᠨ ᠵᠠᠰᠠᠬᠤ ᠣᠷᠣᠨ ᠤ ᠲᠡᠷᠢᠭᠦᠨ ᠲᠠᠰ ᠤᠨ | ᠰᠤᠷᠭᠠᠭᠤᠯᠢ ᠪᠠ ᠠᠷᠠᠳ ᠲᠦᠮᠡᠨ ᠳᠤ ᠲᠠᠭᠠᠰᠢᠶᠠᠭᠳᠠᠭᠰᠠᠨ ᠨᠠᠷᠠᠲᠤ ᠰᠤᠷᠭᠠᠭᠤᠯᠢ ᠪᠤᠯᠭᠠᠬᠤ ᠬᠠᠷᠠᠯᠲᠠ ᠲᠡᠶᠢᠰᠢ ᠴᠤᠴᠠᠯᠲᠠ ᠦᠭᠡᠢ ᠵᠢᠯᠣᠭᠤ ᠰᠤᠩᠭᠠᠨ᠂ | ᠭᠠᠨᠵᠤᠭ᠎ᠠ ᠳᠦᠭᠦᠷᠡᠩ ᠳᠡᠭᠦᠯᠢᠨᠡᠮ︕ | | |