ᠵᠠᠭᠤᠨ ᠵᠢᠯ ᠤᠨ ᠤᠢ ᠳᠤ ᠵᠠᠭᠤᠨ ᠮᠧᠲᠷ ᠤᠷᠳᠤ ᠤᠷᠠᠨ ᠪᠢᠴᠢᠯᠭᠡ ᠶᠢᠨ ᠪᠦᠲᠦᠭᠡᠯ ᠢᠶᠠᠨ ᠪᠡᠯᠡᠭᠯᠡᠯ᠎ᠡ
ᠨᠡᠶᠢᠲᠡᠯᠡᠭᠰᠡᠨ ᠴᠠᠭ᠄
2023/8/29
       ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠪᠠᠶᠢᠭᠤᠯᠤᠭᠳᠠᠭᠰᠠᠨ 100 ᠵᠢᠯ ᠶᠢᠨ ᠤᠢ ᠶᠢ ᠪᠠᠶᠠᠷᠯᠠᠨ ᠪᠡᠯᠭᠡᠯᠡᠬᠦ ᠭᠡᠵᠦ ᠪᠠᠶᠢᠭ᠎ᠠ ᠡᠨᠡ ᠬᠦ ᠪᠠᠶᠠᠷᠲᠤ ᠴᠠᠭ ᠮᠥᠴᠡ ᠳᠤ᠂ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠶᠢᠨ ᠪᠠᠭᠰᠢ ᠸᠠᠩ ᠢᠦᠢ ᠱᠠᠨ︵ᠸᠠᠩᠨᠤᠳ ᠬᠠᠰᠠᠭᠤᠯᠠ︶ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠶᠢᠨ ᠲᠡᠦᠬᠡ ᠶᠢ ᠪᠢᠴᠢᠭᠰᠡᠨ ᠵᠠᠭᠤᠨ ᠮᠧᠲᠷ ᠤᠷᠳᠤ ᠤᠷᠠᠨ ᠪᠢᠴᠢᠯᠭᠡ ᠶᠢᠨ ᠪᠦᠲᠦᠭᠡᠯ ᠢᠶᠠᠨ ᠰᠤᠷᠭᠠᠭᠤᠯᠢ ᠳᠠᠭᠠᠨ ᠳᠤᠷᠠᠰᠬᠠᠯ ᠪᠣᠯᠭᠠᠨ ᠪᠡᠯᠡᠭᠯᠡᠭᠰᠡᠨ ᠪᠠᠶᠢᠨ᠎ᠠ᠃ 
640 (1).jpg
        ᠡᠨᠡ ᠬᠦ ᠨᠢ ᠵᠠᠭᠤᠨ ᠮᠧᠲᠷ ᠤᠷᠳᠤ ᠤᠷᠠᠨ ᠪᠢᠴᠢᠯᠭᠡ ᠶᠢᠨ ᠪᠦᠲᠦᠭᠡᠯ ᠢ ᠸᠠᠩ ᠢᠦᠢ ᠱᠠᠨ ᠪᠠᠭᠰᠢ ᠵᠢᠭᠠᠨ ᠰᠤᠷᠭᠠᠯᠲᠠ ᠶᠢᠨ ᠠᠵᠢᠯ ᠢᠶᠠᠨ ᠬᠠᠷᠰᠢᠯᠠᠬᠤ ᠦᠭᠡᠢ ᠪᠠᠶᠢᠳᠠᠯ ᠳᠣᠣᠷ᠎ᠠ 2 ᠵᠢᠯ ᠭᠠᠷᠤᠢ ᠶᠢᠨ ᠴᠠᠭ ᠢ ᠵᠠᠷᠤᠴᠠᠭᠤᠯᠤᠨ ᠪᠢᠴᠢᠭᠰᠡᠨ 5000 ᠭᠠᠷᠤᠢ ᠦᠰᠦᠭ ᠲᠠᠢ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠶᠢᠨ 100 ᠵᠢᠯ ᠤᠨ ᠬᠤᠪᠢᠷᠠᠯᠲᠠ ᠬᠥᠭᠵᠢᠯᠲᠡ ᠶᠢ ᠲᠡᠮᠳᠡᠭᠯᠡᠭᠰᠡᠨ ᠮᠣᠩᠭᠤᠯ ᠤᠷᠠᠨ ᠪᠢᠴᠢᠯᠭᠡ ᠶᠢᠨ ᠪᠦᠲᠦᠭᠡᠯ ᠪᠤᠯᠬᠤ ᠪᠢᠯᠡ᠃ ᠲᠤᠰ ᠪᠦᠲᠦᠭᠡᠯ ᠨᠢ ᠨᠠᠶᠢᠳᠡ ᠨᠠᠢᠮᠠᠨ ᠬᠡᠰᠡᠭ ᠢᠶᠠᠷ ᠪᠦᠷᠢᠯᠳᠦᠵᠦ᠂ ᠲᠠᠲᠠᠯᠭᠠᠨ ᠪᠢᠴᠢᠯᠭᠡ ᠪᠠᠷ ᠭᠤᠣᠯᠯᠠᠵᠤ᠂ ᠲᠥᠪ ᠪᠢᠴᠢᠯᠭᠡ᠂ ᠬᠢᠴᠢᠶᠡᠩᠭᠦᠢ ᠪᠢᠴᠢᠯᠭᠡ ᠵᠡᠷᠭᠡ ᠤᠷᠠᠨ ᠪᠢᠴᠢᠯᠭᠡ ᠶᠢᠨ ᠲᠢᠭ ᠢ ᠤᠶᠠᠯᠳᠤᠭᠤᠯᠤᠨ ᠪᠢᠴᠢᠭᠰᠡᠨ ᠪᠦᠲᠦᠭᠡᠯ ᠪᠤᠯᠬᠤ ᠶᠤᠮ᠃
640 (2).jpg
        ᠸᠠᠩ ᠢᠦᠢ ᠱᠠᠨ᠄︽ᠪᠢ ᠬᠡᠳᠦᠶᠢᠪᠡᠷ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠳᠤ ᠰᠤᠷᠤᠯᠴᠠᠵᠤ ᠰᠣᠶᠣᠯ ᠰᠤᠷᠭᠠᠨ ᠬᠥᠮᠦᠵᠢᠯ ᠤᠨ ᠮᠥᠷ ᠢ ᠬᠥᠭᠡᠭᠡᠭᠰᠡᠨ ᠰᠤᠷᠤᠬᠴᠢ ᠪᠢᠰᠢ ᠪᠤᠯᠪᠠᠴᠤ᠂ 2007 ᠣᠨ ᠳᠤ ᠪᠢ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ  ᠬᠠᠶᠢᠯᠠᠷ ᠲᠠᠬᠢ ᠨᠢᠭᠡᠳᠦᠭᠡᠷ ᠲᠤᠮᠳᠠᠳᠤ ᠰᠤᠷᠭᠠᠭᠤᠯᠢ ᠳᠤ ᠠᠵᠢᠯ ᠤᠨ ᠭᠠᠷᠤᠭ᠎ᠠ ᠪᠠᠨ ᠠᠪᠴᠤ ᠨᠢᠭᠡᠨ ᠮᠣᠩᠭᠤᠯ ᠬᠡᠯᠡᠨ ᠤ ᠪᠠᠭᠰᠢ ᠪᠣᠯᠵᠤ᠂ ᠤᠳᠤ ᠨᠢᠭᠡᠨᠲᠡ 17 ᠵᠢᠯ ᠤᠨ ᠨᠢᠭᠤᠷ ᠢ ᠦᠵᠡᠵᠦ ᠪᠤᠢ᠃ ᠡᠨᠡ ᠬᠦ 17 ᠵᠢᠯ ᠤᠨ ᠬᠤᠭᠤᠴᠠᠭᠠᠨ ᠳᠤ ᠰᠤᠷᠭᠠᠭᠤᠯᠢ ᠮᠢᠨᠢ ᠨᠠᠳᠠ ᠳᠤ ᠥᠭᠡᠳᠡᠯᠡᠨ ᠳᠡᠪᠰᠢᠬᠦ ᠠᠵᠢᠯ ᠦᠢᠯᠡᠰ᠂ ᠵᠣᠯ ᠵᠢᠷᠭᠠᠯᠲᠤ ᠠᠮᠢᠳᠤᠷᠠᠯ ᠢ ᠣᠯᠭᠤᠭᠰᠠᠨ ᠭᠡᠵᠦ ᠪᠢ ᠶᠡᠷᠦ ᠳᠡᠭᠡᠨ ᠪᠤᠳᠤᠳᠠᠬ᠃ ᠡᠶᠢᠨ ᠬᠦ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠪᠠᠶᠢᠭᠤᠯᠤᠭᠳᠠᠭᠰᠠᠨ 100 ᠵᠢᠯ ᠶᠢᠨ ᠤᠢ ᠳᠤ ᠵᠣᠷᠢᠭᠤᠯᠤᠨ ᠪᠢ ᠥᠪᠡᠷ  ᠢᠶᠠᠨ ᠲᠠᠯᠠᠷᠬᠠᠵᠤ ᠪᠠᠶᠢᠬᠤ ᠰᠡᠳᠬᠢᠯᠭᠡ᠂ ᠪᠠᠶᠠᠷᠯᠠᠵᠤ ᠪᠠᠶᠢᠬᠤ ᠰᠡᠳᠬᠢᠯᠭᠡ᠂ ᠣᠮᠣᠭᠰᠢᠵᠤ ᠪᠠᠶᠢᠬᠤ ᠰᠡᠳᠬᠢᠯᠭᠡ ᠪᠠᠨ ᠢᠯᠡᠳᠬᠡᠬᠦ ᠶᠢᠨ ᠲᠥᠯᠥᠭᠡ᠂ 1923 ᠣᠨ ᠠᠴᠠ 2023 ᠣᠨ ᠬᠦᠷᠲᠡᠯᠡᠬᠢ ᠰᠤᠷᠭᠠᠭᠤᠯᠢ ᠶᠢᠨ ᠲᠡᠦᠬᠡ ᠶᠢ ᠮᠣᠩᠭᠤᠯ ᠤᠷᠠᠨ ᠪᠢᠴᠢᠯᠭᠡ ᠪᠠᠷ ᠪᠢᠴᠢᠵᠦ᠂ ᠰᠤᠷᠭᠠᠭᠤᠯᠢ ᠶᠢᠨ ᠢᠶᠠᠨ 100 ᠵᠢᠯ ᠤᠨ ᠤᠢ ᠳᠤ ᠳᠤᠷᠠᠰᠬᠠᠯ ᠪᠣᠯᠭᠠᠨ ᠪᠡᠯᠡᠭᠯᠡᠵᠦ᠂ ᠬᠤᠵᠢᠮ ᠬᠤᠶᠢᠰᠢᠳᠠ ᠶᠢᠨ ᠨᠠᠩ ᠤᠯᠠᠨ ᠬᠥᠮᠥᠰ ᠲᠤ ᠦᠵᠡᠭᠦᠯᠵᠦ᠂ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠶᠢᠨ ᠲᠡᠦᠬᠡ ᠶᠢ ᠣᠶᠢᠯᠠᠭᠠᠭᠤᠯᠬᠤ ᠶᠢ ᠵᠣᠷᠢᠭᠰᠠᠨ ᠪᠠᠶᠢᠨ᠎ᠠ︾ᠭᠡᠵᠦ ᠰᠡᠳᠬᠢᠯ ᠳᠣᠭᠳᠣᠯᠤᠨ ᠶᠠᠷᠢᠨ᠎ᠠ᠃
640 (3).jpg
       ᠸᠠᠩ ᠢᠦᠢ ᠱᠠᠨ 2007 ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠳᠤ  ᠪᠠᠭᠰᠢᠯᠠᠵᠤ᠂ 2007 ᠣᠨ ᠠᠴᠠ 2016 ᠣᠨ ᠪᠤᠯᠳᠡᠯ᠎ᠠ ᠵᠠᠯᠭᠠᠪᠠᠷ 10 ᠵᠢᠯ ᠠᠩᠭᠢ ᠶᠢᠨ ᠡᠷᠭᠢᠯᠡᠭᠴᠢ᠂ ᠮᠣᠩᠭᠤᠯ ᠬᠡᠯᠡᠨ ᠤ ᠪᠠᠭᠰᠢ ᠶᠢᠨ ᠠᠵᠢᠯ ᠢ ᠬᠠᠷᠢᠭᠤᠴᠠᠵᠤ᠂ ᠤᠯᠠᠨ ᠵᠢᠯ ᠤᠨ ᠲᠤᠷᠰᠢ︽ᠰᠢᠯᠢᠳᠡᠭ ᠪᠠᠭᠰᠢ︾᠂︽ᠰᠢᠯᠢᠳᠡᠭ ᠵᠢᠭᠠᠨ ᠵᠢᠯᠣᠭᠤᠳᠤᠭᠴᠢ ᠪᠠᠭᠰᠢ︾᠂︽ᠰᠢᠯᠢᠳᠡᠭ ᠵᠢᠭᠠᠨ ᠰᠤᠷᠭᠠᠯᠲᠠᠨ︾ᠵᠡᠷᠭᠡ ᠢᠷᠠᠭᠤ ᠠᠯᠳᠠᠷ ᠢ ᠣᠯᠠᠨᠲᠠ ᠬᠦᠷᠲᠡᠵᠦ᠂ ᠰᠤᠷᠤᠬᠴᠢᠳ ᠢᠶᠠᠨ ᠳᠠᠭᠠᠭᠤᠯᠤᠨ ᠡᠯ᠎ᠡ ᠵᠦᠢᠯ ᠤᠨ ᠤᠷᠤᠯᠳᠤᠭᠠᠨ ᠳᠤ ᠣᠷᠣᠯᠴᠠᠨ ᠰᠢᠯᠢᠳᠡᠭ ᠬᠢᠷᠢ ᠪᠦᠳᠤᠮᠵᠢ ᠣᠯᠵᠤ᠂ ᠮᠥᠨ ᠤᠯᠠᠨ ᠵᠢᠯ ᠤᠨ ᠲᠤᠷᠰᠢ ᠮᠠᠰᠢ ᠤᠯᠠᠨ ᠣᠶᠤᠲᠠᠨ ᠢ ᠬᠥᠮᠥᠵᠢᠭᠦᠯᠦᠭᠰᠡᠨ ᠰᠢᠯᠢᠳᠡᠭ ᠵᠢᠭᠠᠨ ᠰᠤᠷᠭᠠᠯᠲᠠᠨ ᠪᠤᠯᠬᠤ ᠶᠤᠮ᠃ ᠲᠡᠷᠡ ᠪᠠᠰᠠ ᠤᠷᠠᠨ ᠪᠢᠴᠢᠯᠭᠡ ᠳᠡᠭᠡᠨ ᠮᠠᠰᠢ ᠠᠪᠢᠶᠠᠰ ᠲᠠᠢ᠂ ᠬᠥᠯᠥᠨ ᠪᠤᠶᠢᠷ ᠬᠤᠳᠡ ᠶᠢᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠬᠥᠯᠥᠨ ᠪᠦᠢᠷ ᠤᠨ ᠮᠣᠩᠭᠤᠯ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠭᠢᠯᠡᠭᠴᠢ ᠪᠠᠶᠢᠵᠤ᠂ ᠲᠡᠭᠦᠨ ᠤ ᠪᠦᠲᠦᠭᠡᠯ ᠨᠢ ᠤᠯᠤᠰ᠂ ᠣᠷᠣᠨ᠂ ᠬᠤᠳᠡ ᠶᠢᠨ ᠲᠡᠰ ᠶᠢᠨ ᠱᠠᠩᠨᠠᠯ ᠢ ᠣᠯᠠᠨᠲᠠ ᠭᠥᠷᠳᠡᠭᠰᠡᠨ ᠪᠠᠶᠢᠨ᠎ᠠ᠃
640.jpg
       ᠵᠠᠭᠤᠨ ᠮᠧᠲᠷ ᠤᠷᠳᠤ ᠤᠷᠠᠨ ᠪᠢᠴᠢᠯᠭᠡ ᠶᠢᠨ ᠪᠦᠲᠦᠭᠡᠯ ᠳᠤ ᠸᠠᠩ ᠢᠦᠢ ᠱᠠᠨ ᠪᠠᠭᠰᠢ ᠶᠢᠨ ᠬᠥᠯᠥᠰᠦ ᠭᠦᠳᠡᠯᠮᠤᠷᠢ ᠪᠠ ᠬᠠᠶᠢᠯᠠᠷ ᠲᠠᠬᠢ ᠨᠢᠭᠡᠳᠦᠭᠡᠷ ᠲᠤᠮᠳᠡᠳᠤ ᠰᠤᠷᠭᠠᠭᠤᠯᠢ ᠶᠢᠨ ᠢᠷᠡᠭᠡᠳᠦᠢ ᠨᠠᠩ ᠭᠡᠭᠡᠨ ᠰᠠᠷᠠᠭᠤᠯ ᠪᠠᠶᠢᠬᠤ ᠶᠢ ᠵᠥᠩᠨᠡᠭᠰᠡᠨ ᠰᠠᠶᠢᠨ ᠰᠠᠶᠢᠬᠠᠨ ᠵᠥᠩᠨᠡᠯ ᠰᠢᠩᠭᠡᠭᠰᠡᠨ ᠪᠠᠶᠢᠨ᠎ᠠ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ