— ᠭᠤᠴᠢᠨ ᠨᠢᠭᠡᠳᠦᠭᠡᠷ ᠬᠤᠭᠤᠴᠠᠭᠠᠨ ᠤ ᠳᠡᠯᠡᠬᠡᠶ ᠶᠢᠨ ᠤᠶᠤᠲᠠᠳ ᠤᠨ ᠵᠣᠨ ᠤ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠭᠰᠡᠨ ᠳᠤ ᠬᠠᠯᠠᠭᠤᠨ | ᠪᠠᠶᠠᠷ ᠬᠦᠷᠭᠡᠶ᠎ᠡ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | | | ᠳᠡᠯᠭᠡᠷ ᠵᠤᠨ ᠤ ᠴᠠᠴᠤᠬᠳᠤ ᠴᠡᠴᠡᠭ ᠤᠨ ᠬᠤᠳᠠ ᠦᠪᠴᠢ ᠨᠤᠭᠤᠭᠠᠷᠠᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 7 ᠰᠠᠷ᠎ᠠ ᠶᠢᠨ 28 ᠤ ᠣᠷᠣᠶ᠂ | ᠭᠤᠴᠢᠨ ᠨᠢᠭᠡᠳᠦᠭᠡᠷ ᠬᠤᠭᠤᠴᠠᠭᠠᠨ ᠤ ᠳᠡᠯᠡᠬᠡᠶ ᠶᠢᠨ ᠤᠶᠤᠲᠠᠳ ᠤᠨ ᠵᠣᠨ ᠤ ᠤᠯᠠᠷᠢᠯ ᠤᠨ ᠲᠠᠮᠢᠷ ᠤᠨ ᠴᠤᠭᠯᠠᠭᠠᠨ ᠰᠧᠴᠤᠧᠠᠨ ᠮᠤᠵᠢ ᠶᠢᠨ ᠴᠧᠩᠳᠦ᠋ ᠬᠤᠲᠠ ᠳᠤ | ᠦᠪᠡᠳᠡᠭᠰᠢ ᠶᠡᠭᠡ ᠪᠠᠷ ᠡᠬᠢᠯᠡᠨ᠎ᠡ᠃ ᠡᠨᠡ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠷᠠᠭ᠎ᠠ ᠮᠠᠨ ᠤ ᠤᠯᠤᠰ ᠤᠨ ᠡᠷᠬᠢᠯᠡᠭᠰᠡᠨ ᠠᠩᠬᠠᠳᠠᠭᠴᠢ ᠴᠢᠬᠤᠯᠠ ᠶᠡᠭᠡ | ᠤᠯᠠᠨ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠤᠨ᠎ᠠ᠃ ᠳᠡᠯᠡᠬᠡᠶ ᠶᠢᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠣᠶᠤᠲᠠᠨ ᠲᠠᠮᠢᠷᠴᠢᠳ ᠠᠳᠡ | ᠴᠤᠭᠯᠠᠷᠠᠵᠤ᠂ ᠬᠠᠮᠲᠤ ᠪᠠᠷ ᠵᠠᠯᠠᠭᠤ ᠨᠠᠰᠤᠨ ᠤ ᠪᠣᠯᠵᠤᠭ᠎ᠠ ᠳᠠᠭᠠᠨ ᠬᠦᠷᠴᠦ᠂ ᠵᠠᠯᠠᠭᠤ ᠨᠠᠰᠤᠨ ᠤ ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠭᠦ ᠪᠤᠯᠤᠨ᠎ᠠ᠃ | ᠪᠡᠶ᠎ᠡ ᠶᠢᠨ ᠲᠠᠮᠢᠷ ᠨᠢ ᠤᠯᠤᠰ ᠦᠨᠳᠦᠰᠦᠲᠡᠨ ᠤ ᠬᠦᠴᠦᠷᠬᠡᠭᠵᠢᠨ ᠮᠠᠨᠳᠤᠬᠤ ᠬᠦᠰᠡᠯ ᠵᠡᠭᠦᠳᠦ ᠶᠢ ᠠᠴᠢᠶᠠᠯᠠᠵᠤ᠂ ᠵᠠᠯᠠᠭᠤᠴᠤᠳ ᠢᠷᠡᠭᠡᠳᠦᠢ ᠪᠠ ᠬᠦᠰᠡᠯ | ᠡᠷᠡᠮᠡᠯᠵᠡᠯ ᠢ ᠲᠦᠯᠦᠭᠡᠯᠡᠵᠦ ᠪᠠᠶᠢᠳᠠᠭ᠃ ᠤᠶᠤᠲᠠᠳ ᠤᠨ ᠲᠠᠮᠢᠷ ᠤᠨ ᠴᠤᠭᠯᠠᠭᠠᠨ ᠪᠣᠯ ᠣᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭ᠎ᠠ ᠣᠷᠣᠬᠤ ᠶᠡᠷᠦᠩᠭᠡᠶᠢᠯᠡᠭᠰᠡᠨ | ᠴᠢᠨᠠᠷᠲᠠᠶ ᠳᠡᠯᠡᠬᠡᠶ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠮᠥᠨ᠂ ᠲᠡᠷᠡ ᠨᠢ ᠳᠡᠯᠡᠬᠡᠶ ᠶᠢᠨ ᠤᠶᠤᠲᠠᠳ ᠤᠨ ᠬᠠᠮᠤᠭ ᠤᠨ ᠦᠨᠳᠦᠷ ᠤᠷᠤᠯᠳᠤᠭᠠᠨ ᠤ ᠬᠢᠷᠢ | ᠲᠦᠪᠰᠢᠨ ᠢ ᠲᠦᠯᠦᠭᠡᠯᠡᠵᠦ᠂ ᠡᠷᠬᠢᠯᠡᠭᠰᠡᠨ 60 ᠭᠠᠷᠤᠶ ᠵᠢᠯ ᠤᠨ ᠲᠤᠷᠰᠢ᠂ ᠰᠢᠷᠭᠠᠭᠤ ᠬᠠᠳᠠᠭᠤᠵᠢᠯᠳᠠᠢ ᠪᠠᠷ ᠴᠢᠷᠮᠠᠶᠢᠨ ᠲᠡᠮᠡᠴᠡᠵᠦ᠂ ᠲᠡᠷᠢᠭᠦᠨ ᠳᠤ ᠣᠷᠣᠬᠤ ᠪᠠᠷ | ᠡᠷᠡᠯᠬᠡᠭᠯᠡᠨ ᠲᠡᠮᠡᠴᠡᠭᠰᠡᠨ ᠭᠤᠶᠢᠳᠠ ᠰᠠᠶᠢᠬᠠᠨ ᠴᠠᠭ ᠮᠥᠴᠡ ᠶᠢ ᠵᠠᠯᠭᠠᠭ᠎ᠠ ᠪᠠᠷ ᠭᠡᠷᠡᠴᠢᠯᠡᠵᠦ᠂ ᠥᠪᠡᠷ ᠢ ᠪᠠᠨ ᠢᠯᠡᠨ ᠳᠠᠪᠠᠵᠤ᠂ ᠬᠦᠰᠡᠯ ᠵᠡᠭᠦᠳᠦ ᠪᠠᠨ ᠪᠡᠶᠡᠯᠡᠭᠦᠯᠦᠭᠰᠡᠨ | ᠵᠠᠯᠠᠭᠤ ᠨᠠᠰᠤᠨ ᠤ ᠥᠯᠢᠭᠡᠷ ᠤᠳ ᠢ ᠤᠳᠠᠭ᠎ᠠ ᠳᠠᠷᠠᠭᠠᠯᠠᠨ ᠲᠡᠮᠳᠡᠭᠯᠡᠵᠡᠢ᠃ ᠴᠧᠩᠳᠦ᠋ ᠶᠢᠨ ᠤᠶᠤᠲᠠᠳ ᠤᠨ ᠲᠠᠮᠢᠷ ᠤᠨ ᠴᠤᠭᠯᠠᠭᠠᠨ ᠨᠢ ᠡᠷᠬᠡ ᠲᠡᠭᠰᠢ ᠪᠠᠷ | ᠦᠷᠢᠰᠦᠯᠳᠦᠬᠦ᠂ ᠤᠯᠤᠯᠴᠠᠨ ᠰᠣᠯᠢᠯᠴᠠᠬᠤ᠂ ᠤᠶᠢᠯᠠᠭᠠᠯᠴᠠᠭ᠎ᠠ ᠪᠠᠨ ᠨᠡᠮᠡᠭᠳᠡᠭᠦᠯᠬᠦ᠂ ᠨᠥᠬᠦᠷᠯᠡᠯ ᠢᠶᠠᠨ ᠬᠥᠭᠵᠢᠭᠦᠯᠬᠦ ᠲᠠᠪᠴᠠᠩ ᠢ ᠪᠠᠶᠢᠭᠤᠯᠬᠤ ᠪᠠᠷ ᠴᠢᠷᠮᠠᠶᠢᠵᠤ᠂ ᠯᠠᠪᠲᠠᠢ | ᠳᠡᠯᠡᠬᠡᠢ ᠳ᠋ᠠᠬᠢᠨ ᠳᠤ ᠨᠢᠭᠡ ᠤᠳᠠᠭᠠᠨ ᠤ ᠥᠪᠡᠷᠮᠢᠴᠡ ᠲᠠᠲᠠᠬᠤ ᠬᠦᠴᠦᠨ ᠲᠠᠢ᠂ ᠭᠤᠶᠢᠳᠠ ᠰᠠᠶᠢᠬᠠᠨ ᠵᠠᠯᠠᠭᠤ ᠨᠠᠰᠤᠨ ᠤ ᠦᠪᠡᠳᠡᠭᠰᠢ ᠴᠤᠭᠯᠠᠭᠠᠨ ᠢ ᠡᠷᠭᠦᠬᠦ ᠪᠣᠯᠤᠨ᠎ᠠ᠃ | ᠡᠨᠡ ᠪᠣᠯ ᠬᠢᠯᠪᠠᠷ ᠪᠤᠰᠤ ᠪᠠᠷ ᠢᠷᠡᠭᠰᠡᠨ ᠤᠶᠤᠳᠠᠳ ᠤᠨ ᠲᠠᠮᠢᠷ ᠤᠨ ᠦᠪᠡᠳᠡᠭᠰᠢ ᠴᠤᠭᠯᠠᠭᠠᠨ ᠮᠦᠨ᠃ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠰᠧᠴᠤᠧᠠᠨ ᠮᠤᠵᠢ ᠪᠣᠯᠤᠨ ᠴᠧᠩᠳᠦ᠋ ᠬᠤᠳᠠ ᠶᠢᠨ ᠬᠢᠨ ᠬᠢᠵᠢᠭ ᠤᠨ ᠪᠠᠶᠢᠳᠠᠯ ᠵᠡᠷᠭᠡ ᠠᠰᠢᠭ ᠦᠭᠡᠢ ᠬᠦᠴᠦᠨ | ᠵᠦᠢᠯ ᠤᠨ ᠨᠦᠯᠦᠭᠡ ᠶᠢ ᠴᠢᠷᠮᠠᠶᠢᠨ ᠢᠯᠠᠨ ᠳᠠᠪᠠᠵᠤ᠂ ᠪᠠᠶᠢᠳᠠᠯ ᠳᠤᠨᠢ ᠲᠤᠬᠢᠷᠠᠭᠤᠯᠤᠨ ᠬᠦᠳᠡᠯᠦᠯᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ | ᠪᠡᠯᠡᠳᠬᠡᠯ ᠠᠵᠢᠯ ᠢ ᠬᠦᠴᠦᠲᠡᠢ ᠪᠦᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠴᠢᠨᠠᠷ ᠰᠠᠶᠢᠳᠠᠢ ᠲᠠᠯᠠᠪᠤᠷ ᠣᠷᠳᠣᠨ ᠤ ᠲᠥᠬᠦᠭᠡᠷᠦᠮᠵᠢ ᠠᠴᠠ ᠠᠪᠤᠭᠠᠳ ᠳᠤᠯᠠᠭᠠᠨ | ᠲᠠᠭᠠᠯᠠᠮᠵᠢᠲᠠᠶ ᠤᠶᠤᠳᠠᠳ ᠤᠨ ᠲᠠᠮᠢᠷ ᠤᠨ ᠴᠤᠬᠯᠠᠭᠠᠨ ᠤ ᠲᠣᠰᠬᠤᠨ ᠬᠦᠷᠲᠡᠯ᠎ᠡ︔ ᠰᠢᠷᠭᠠᠭᠤ ᠬᠢᠴᠢᠶᠡᠩᠭᠦᠶ ᠤᠷᠤᠯᠳᠤᠭᠠᠨ ᠤ ᠰᠠᠶᠢᠨ ᠳᠤᠷᠠᠴᠤᠳ ᠠᠴᠠ ᠠᠪᠤᠭᠠᠳ | ᠪᠠᠶᠠᠯᠢᠭ ᠰᠠᠶᠢᠬᠠᠨ ᠰᠣᠶᠣᠯ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠬᠦᠷᠲᠡᠯ᠎ᠡ᠁ ᠦᠵᠡᠰᠭᠦᠯᠡᠩᠲᠦ ᠰᠠᠶᠢᠬᠠᠨ ᠴᠧᠡᠭᠳᠦ᠋ ᠬᠤᠳᠠ ᠲᠡᠯᠡᠭᠡᠢ ᠳ᠋ᠠᠬᠢᠨ ᠢ ᠦᠷᠦᠴᠡ | ᠪᠠᠨ ᠲᠡᠯᠭᠡᠨ ᠲᠤᠰᠪᠠ᠃ ︽ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ︾ ᠪᠠᠶᠢᠬᠤ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠣᠰᠣᠭᠠᠷ᠂ ᠴᠧᠩᠳᠦ᠋ ᠶᠢᠨ | ᠤᠶᠤᠲᠠᠳ ᠤᠨ ᠲᠠᠮᠢᠷ ᠤᠨ ᠴᠤᠭᠯᠠᠭᠠᠨ ᠨᠢ ᠨᠢᠭᠡ ᠬᠤᠭᠤᠴᠠᠭᠠᠨ ᠤ ᠳᠤᠮᠳᠠᠳᠤ ᠤᠯᠤᠰ ᠤᠨ ᠣᠨᠴᠠᠯᠢᠭ ᠲᠠᠢ᠂ ᠴᠠᠭ ᠦᠶ᠎ᠡ ᠶᠢᠨ ᠴᠤᠭ ᠵᠢᠪᠬᠤᠭ᠎ᠠ ᠶᠢ ᠲᠡᠯᠭᠡᠭᠰᠡᠨ᠂ | ᠰᠧᠴᠤᠧᠠᠨ ᠤ ᠦᠨᠦᠷ ᠠᠮᠲᠠ ᠶᠢ ᠢᠯᠡᠷᠡᠭᠦᠯᠦᠭᠰᠡᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠭᠦ ᠪᠠᠷ ᠪᠠᠷᠠᠬᠤ ᠦᠭᠡᠢ᠂ ᠳᠡᠯᠡᠬᠡᠢ ᠳ᠋ᠠᠬᠢᠨ ᠳᠤ | ᠦᠭᠡᠳᠡᠷᠭᠡᠭ᠂ ᠪᠠᠶᠠᠨ ᠬᠦᠴᠦᠷᠬᠡᠭ᠂ ᠨᠡᠭᠡᠭᠡᠯᠲᠡᠲᠡᠢ᠂ ᠬᠦᠰᠡᠯ ᠡᠷᠡᠮᠡᠯᠵᠡᠯ ᠢᠶᠠᠷ ᠪᠢᠯᠬᠠᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠢ ᠳᠠᠬᠢᠨᠲᠠ ᠬᠠᠷᠠᠭᠤᠯᠬᠤ | ᠪᠣᠯᠤᠨ᠎ᠠ᠃ | ︽ᠴᠧᠩᠳᠦ᠋ ᠬᠦᠰᠡᠯ ᠵᠡᠭᠦᠳᠦ ᠪᠠᠨ ᠲᠡᠷᠭᠡᠯᠰᠢᠭᠦᠯᠵᠦ︾᠂ ᠲᠡᠮᠡᠴᠡᠯ ᠨᠢ ᠰᠢᠯᠢᠳᠡᠭ ᠠᠮᠵᠢᠯᠲᠠ ᠶᠢ ᠡᠭᠦᠳᠦᠨ᠎ᠡ᠃ ᠶᠡᠷᠦᠩᠬᠡᠢ ᠱᠦᠵᠢ ᠰᠢ ᠶᠢᠨ ᠫᠢᠩ | ᠥᠩᠭᠡᠷᠡᠭᠰᠡᠨ ᠳᠤ ᠲᠠᠮᠢᠷᠴᠢᠳ ᠲᠤ᠄ ︽ᠬᠥᠮᠦᠨ ᠤ ᠠᠮᠢᠳᠤᠷᠠᠯ ᠳᠤ ᠬᠡᠳᠦ ᠤᠳᠠᠭ᠎ᠠ ᠴᠢᠷᠮᠠᠶᠢᠨ ᠲᠡᠮᠡᠴᠡᠬᠦ ᠲᠤᠬᠢᠶᠠᠯ ᠪᠠᠶᠢᠬᠤ ᠠᠵᠢ᠂ ᠴᠢᠷᠮᠠᠶᠢᠨ ᠲᠡᠮᠡᠴᠡᠬᠦ ᠪᠣᠯ | ᠪᠡᠨ᠎ᠡ ᠲᠠᠢ ᠶᠤᠮ᠃ ᠶᠠᠰᠤ ᠶᠠᠩᠭᠢᠨᠠᠮ᠎ᠠ ᠬᠦᠢᠲᠡᠨ ᠢ ᠥᠩᠭᠡᠷᠡᠭᠡᠬᠦ ᠦᠭᠡᠢ ᠪᠣᠯ ᠲᠡᠷᠢᠭᠦᠯᠡᠭᠴᠢ ᠴᠡᠴᠡᠭ ᠤᠨ ᠬᠠᠨᠭ᠍ᠬᠤᠯᠤᠮᠠ ᠦᠨᠦᠷ ᠢ ᠬᠡᠷᠬᠢᠨ ᠦᠨᠦᠷᠲᠦᠭᠦ ᠪᠤᠢ︖︾ | ᠭᠡᠵᠦ ᠭᠦᠨ ᠰᠡᠳᠬᠢᠯᠭᠡ ᠲᠠᠢ ᠪᠠᠷ ᠬᠡᠯᠡᠵᠡᠢ᠃ ᠤᠶᠤᠲᠠᠳ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠪᠣᠯ ᠪᠡᠶ᠎ᠡ ᠶᠢᠨ ᠲᠠᠮᠢᠷ ᠤᠨ ᠤᠷᠤᠯᠳᠤᠭᠠᠨ ᠤ | ᠲᠠᠯᠠᠪᠤᠷ ᠮᠥᠨ᠂ ᠪᠠᠰᠠ ᠴᠤ ᠲᠠᠮᠢᠷᠴᠢᠳ ᠤᠨ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠪᠠᠨ ᠢᠯᠡᠷᠡᠭᠦᠯᠵᠦ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠢᠯᠡᠷᠡᠭᠦᠯᠬᠦ | ᠲᠠᠪᠴᠠᠩ ᠮᠥᠨ᠃ ᠴᠧᠩᠳᠦ᠋ ᠶᠢᠨ ᠤᠶᠤᠲᠠᠳ ᠤᠨ ᠲᠠᠮᠢᠷ ᠤᠨ ᠴᠤᠭᠯᠠᠭᠠᠨ ᠳᠤ ᠨᠡᠶᠢᠲᠡ 18 ᠲᠣᠮᠣ ᠲᠥᠷᠥᠯ 269 ᠵᠢᠵᠢᠭ ᠲᠥᠷᠥᠯ ᠭᠠᠷᠭᠠᠵᠤ᠂ ᠳᠡᠯᠡᠬᠡᠶ ᠶᠢᠨ | ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠣᠶᠤᠲᠠᠨ ᠲᠠᠮᠢᠷᠴᠢᠳ ᠱᠠᠩᠨᠠᠯ ᠤᠨ ᠮᠧᠳᠠᠯ ᠵᠦᠭ ᠳᠠᠭᠠᠷᠢᠯᠲᠠ ᠶᠠᠪᠤᠭᠤᠯᠬᠤ ᠪᠣᠯᠤᠨ᠎ᠠ᠃ ᠰᠢᠯᠢᠳᠡᠭ ᠪᠦᠲᠦᠮᠵᠢ ᠳᠤ | ᠦᠷᠢᠰᠦᠯᠳᠦᠭᠡᠨ ᠵᠠᠷᠯᠠᠵᠤ ᠥᠪᠡᠷ ᠢ ᠪᠠᠨ ᠢᠯᠠᠨ ᠳᠠᠪᠠᠭ᠋ᠤ ᠪᠣᠯ ᠤᠷᠤᠯᠳᠤᠭᠠᠨ ᠤ ᠲᠠᠯᠠᠪᠤᠷ ᠲᠠᠬᠢ ᠰᠢᠯᠢᠳᠡᠭ ᠲᠠᠮᠢᠷᠴᠢᠳ ᠤᠨ ᠴᠥᠬᠦᠷᠡᠰᠢ ᠥᠬᠡᠶ ᠬᠥᠭᠡᠭᠡᠴᠡᠯᠳᠦᠯ | ᠮᠥᠨ︔ ᠬᠦᠯᠦᠰᠦ ᠪᠠᠨ ᠤᠷᠤᠰᠬᠠᠨ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠬᠤ ᠨᠢ ᠯᠠᠪᠲᠠᠢ ᠤᠶᠤᠲᠠᠳ ᠤᠨ ᠲᠠᠮᠢᠷ ᠤᠨ ᠴᠤᠭᠯᠠᠭᠠᠨ ᠤ | ᠤᠷᠤᠯᠳᠤᠭᠠᠨ ᠤ ᠲᠠᠯᠠᠪᠠᠢ ᠶᠢᠨ ᠳᠣᠲᠣᠨ᠎ᠠ ᠭᠠᠳᠠᠨᠠᠬᠢ ᠬᠥᠮᠦᠰ ᠤᠨ ᠰᠡᠳᠬᠢᠯ ᠢ ᠬᠥᠳᠡᠯᠭᠡᠮ᠎ᠡ ᠦᠵᠡᠮᠵᠢ ᠪᠣᠯᠬᠤ ᠶᠤᠮ᠃ ᠲᠣᠰ ᠤᠳᠠᠭᠠᠨ ᠤ ᠴᠧᠩᠳᠦ᠋ ᠶᠢᠨ | ᠤᠶᠤᠲᠠᠳ ᠤᠨ ᠲᠠᠮᠢᠷ ᠤᠨ ᠴᠤᠭᠯᠠᠭᠠᠨ ᠳᠤ᠂ ᠳᠤᠮᠳᠠᠳᠤ ᠤᠯᠤᠰ 700 ᠭᠠᠷᠤᠶ ᠬᠥᠮᠦᠨ ᠢᠶᠠᠷ ᠪᠦᠷᠢᠯᠳᠦᠭᠰᠡᠨ ᠲᠦᠯᠦᠭᠡᠯᠡᠭᠴᠢᠳ ᠤᠨ ᠪᠦᠯᠬᠦᠮ ᠲᠣᠮᠢᠯᠠᠵᠤ᠂ 18 | ᠶᠡᠭᠡ ᠲᠥᠷᠥᠯ ᠤᠨ ᠪᠥᠬᠦ ᠤᠷᠤᠯᠳᠤᠭᠠᠨ ᠳᠤ ᠣᠷᠣᠯᠴᠠᠭᠤᠯᠵᠤ᠂ ︽ᠪᠥᠬᠦ ᠲᠥᠷᠥᠯ ᠳᠤ ᠨᠡᠷ᠎ᠡ ᠮᠡᠳᠡᠭᠦᠯᠬᠦ︾ ᠬᠠᠷᠠᠯᠲᠠ ᠶᠢ ᠪᠡᠶᠡᠯᠡᠭᠦᠯᠪᠡ᠃ ᠳᠤᠮᠳᠠᠳᠤ ᠶᠢᠨ ᠪᠡᠶ᠎ᠡ ᠶᠢᠨ | ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭ ᠡᠲᠡᠭᠡᠳ ᠠᠴᠠ ᠠᠶᠤᠬᠤ ᠦᠭᠡᠢ᠂ ᠡᠷᠡᠯᠬᠡᠭᠯᠡᠨ ᠲᠡᠮᠡᠴᠡᠵᠦ᠂ ᠬᠦᠰᠡᠯ ᠵᠡᠭᠦᠳᠦ ᠪᠠᠨ ᠵᠣᠷᠢᠭᠲᠠᠢ | ᠡᠷᠢᠯᠬᠢᠯᠡᠵᠦ᠂ ᠮᠠᠨ ᠤ ᠤᠯᠤᠰ ᠤᠨ ᠲᠠᠮᠢᠷᠴᠢᠳ ᠯᠠᠪᠲᠠᠢ ᠰᠢᠯᠢᠳᠡᠭ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠤᠶᠤᠨ ᠤ ᠪᠣᠯᠪᠠᠰᠤᠨ ᠢᠶᠠᠷ ᠡᠬᠡ | ᠤᠯᠤᠰ ᠲᠠᠭᠠᠨ ᠢᠷᠠᠭᠤ ᠠᠯᠳᠠᠷ ᠣᠯᠭᠤᠵᠤ᠂ ᠨᠢᠭᠡᠨ ᠨᠠᠰᠤᠨ ᠤ ᠠᠮᠢᠳᠤᠷᠠᠯ ᠳᠠᠭᠠᠨ ᠭᠡᠷᠡᠯ ᠭᠢᠯᠪᠠᠭ᠎ᠠ ᠨᠡᠮᠡᠷᠢᠯᠡᠬᠦ ᠪᠣᠯᠤᠨ᠎ᠠ᠃ | ᠤᠶᠤᠲᠠᠳ ᠤᠨ ᠲᠠᠮᠢᠷ ᠤᠨ ᠴᠤᠭᠯᠠᠭᠠᠨ ᠪᠣᠯ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠮᠥᠨ᠂ ᠪᠠᠰᠠ ᠴᠤ ᠪᠠᠶᠠᠷ ᠬᠥᠷ ᠲᠠᠢ | ᠥᠯᠵᠡᠶ ᠪᠡᠯᠭᠡ ᠲᠠᠢ ᠰᠤᠶᠤᠯ ᠢᠷᠭᠡᠨᠰᠢᠯ ᠤᠨ ᠦᠪᠡᠳᠡᠭᠰᠢ ᠴᠤᠭᠯᠠᠭᠠᠨ ᠮᠥᠨ᠃ ᠴᠧᠩᠳᠦ᠋ ᠶᠢᠨ ᠤᠶᠤᠲᠠᠳ ᠤᠨ ᠲᠠᠮᠢᠷ ᠤᠨ ᠴᠤᠭᠯᠠᠭᠠᠨ ᠳᠤ ᠤᠷᠤᠯᠳᠤᠭᠠᠨ ᠢᠶᠠᠷ | ᠵᠠᠭᠤᠴᠢ ᠪᠣᠯᠭᠠᠵᠤ᠂ ᠤᠷᠤᠯᠳᠤᠭᠠᠨ ᠤ ᠬᠤᠭᠤᠴᠠᠭᠠᠨ ᠳᠤ ᠪᠠᠶᠠᠯᠢᠭ ᠰᠣᠶᠣᠯ ᠤᠨ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠤᠨ ᠨᠡᠪᠲᠡᠷᠡᠯᠴᠡᠭᠡ ᠰᠣᠯᠢᠯᠴᠠᠭ᠎ᠠ ᠶᠢ | ᠠᠬᠢᠭᠤᠯᠬᠤ ᠪᠤᠯᠤᠨ᠎ᠠ᠃ ︽ᠵᠠᠯᠠᠭᠤ ᠨᠠᠰᠤᠨ ᠤ ᠬᠦᠰᠡᠯ ᠵᠡᠭᠦᠳᠦ︾ ᠪᠠᠷ ᠭᠤᠣᠯ ᠬᠦᠭ ᠠᠶᠠᠰ ᠪᠣᠯᠭᠠᠭᠰᠠᠨ ᠡᠬᠢᠯᠡᠯᠲᠡ ᠶᠢᠨ ᠶᠣᠰᠣᠯᠠᠯ ᠠᠴᠠ ᠠᠪᠤᠭᠠᠳ ᠥᠭᠦᠯᠡᠯ ᠤᠨ | ᠲᠤᠭ᠎ᠠ ᠬᠡᠮᠵᠢᠶ᠎ᠡ ᠨᠢ ᠬᠤᠭᠤᠴᠠᠭ᠎ᠠ ᠪᠦᠷᠢ ᠶᠢᠨ ᠤᠶᠤᠲᠠᠳ ᠤᠨ ᠲᠠᠮᠢᠷ ᠤᠨ ᠴᠤᠭᠯᠠᠭᠠᠨ ᠤ ᠰᠢᠨ᠎ᠡ ᠲᠡᠮᠳᠡᠭᠯᠡᠯ ᠢ ᠡᠭᠦᠳᠦᠭᠰᠡᠨ ᠤᠯᠠᠨ ᠤᠯᠤᠰ ᠤᠨ ᠤᠶᠤᠲᠠᠳ ᠤᠨ | ᠲᠠᠮᠢᠷ ᠤᠨ ᠬᠤᠯᠪᠣᠭ᠎ᠠ ᠶᠢᠨ ᠳᠡᠯᠡᠬᠡᠢ ᠶᠢᠨ ᠡᠷᠳᠡᠮ ᠰᠢᠨᠵᠢᠯᠡᠭᠡᠨ ᠤ ᠶᠡᠭᠡ ᠬᠤᠷᠠᠯ ᠬᠦᠷᠲᠡᠯ᠎ᠡ︔ ︽ᠬᠢᠲᠠᠳ ᠬᠡᠯᠡᠨ ᠤ ᠬᠥᠭᠦᠷᠭᠡ︾᠂ ᠪᠦᠬᠦ ᠪᠥᠮᠪᠥᠷᠴᠡᠭ ᠤᠨ Z ᠦᠶ᠎ᠡ | ᠶᠢᠨ ᠪᠡᠶ᠎ᠡ ᠶᠢᠨ ᠲᠠᠮᠢᠷ ᠤᠨ ᠶᠠᠷᠢᠶᠠᠨ ᠤ ᠲᠠᠪᠴᠠᠩ ᠵᠡᠷᠭᠡ ᠰᠢᠷᠢᠰ ᠪᠡᠶ᠎ᠡ ᠶᠢᠨ ᠲᠠᠮᠢᠷ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠠᠴᠠ ᠠᠪᠤᠭᠠᠳ | ᠤᠷᠤᠯᠳᠤᠭᠠᠨ ᠤ ᠬᠤᠭᠤᠴᠠᠭᠠᠨ ᠳᠤ ᠶᠠᠪᠤᠬᠳᠠᠬᠤ ᠤᠷᠠᠯᠢᠭ ᠤᠨ ᠭᠤᠣᠯ ᠰᠡᠳᠦᠪᠲᠦ ᠦᠳᠡᠰᠢᠯᠡᠭᠡ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠪᠡᠶᠡᠴᠢ ᠤᠶᠢᠯᠠᠭᠠᠯᠳᠠ᠂ ᠴᠡᠴᠡᠷᠯᠢᠭ ᠤᠨ ᠬᠤᠳᠠ ᠶᠢᠨ ᠭᠤᠣᠯ ᠰᠡᠳᠦᠪᠲᠦ ᠤᠷᠠᠯᠢᠭ ᠤᠨ ᠦᠵᠡᠭᠦᠯᠭᠡ ᠵᠡᠷᠭᠡ ᠠᠵᠢᠯᠯᠠᠭ᠎ᠠ ᠳᠤ ᠬᠦᠷᠲᠡᠯ᠎ᠡ᠁ ᠪᠡᠶ᠎ᠡ ᠶᠢᠨ | ᠲᠠᠮᠢᠷ ᠢᠶᠠᠷ ᠨᠥᠬᠦᠷᠯᠡᠯ ᠢ ᠳᠠᠮᠵᠢᠭᠤᠯᠵᠤ᠂ ᠰᠣᠶᠣᠯ ᠢᠶᠠᠷ ᠬᠦᠴᠦᠨ ᠢ ᠨᠢᠭᠲᠠᠷᠠᠭᠤᠯᠵᠤ᠂ ᠰᠣᠯᠢᠯᠴᠠᠭ᠎ᠠ ᠪᠠᠷ ᠡᠩᠬᠡ ᠲᠠᠶᠢᠪᠤᠡᠭ ᠢ ᠬᠠᠮᠲᠤ ᠪᠠᠷ ᠴᠣᠭᠴᠠᠯᠠᠵᠤ᠂ ᠴᠧᠩᠳᠦ᠋ | ᠶᠢᠨ ᠤᠶᠤᠲᠠᠳ ᠤᠨ ᠲᠠᠮᠢᠷ ᠤᠨ ᠴᠤᠭᠯᠠᠭᠠᠨ ᠨᠢ ᠳᠡᠯᠡᠬᠡᠢ ᠶᠢᠨ ᠵᠠᠯᠠᠭᠤᠴᠤᠳ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ᠂ ᠬᠦᠰᠡᠯ ᠵᠡᠭᠦᠳᠦ ᠪᠠᠨ ᠡᠷᠢᠯᠬᠢᠯᠡᠭᠦ᠂ | ᠬᠠᠮᠲᠤ ᠪᠠᠷ ᠦᠰᠦᠨ ᠪᠤᠶᠢᠵᠢᠬᠤ ᠳᠤ ᠠᠵᠠ ᠲᠣᠬᠢᠶᠠᠯ ᠪᠠ ᠲᠠᠪᠴᠠᠩ ᠬᠠᠩᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠳᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ︽ᠦᠨᠳᠦᠷ ᠲᠡᠭᠷᠢ ᠦᠵᠡᠬᠦᠯᠡᠩᠳᠦ ᠰᠠᠶᠢᠬᠠᠨ ᠴᠧᠩᠳᠦ᠋ ᠨᠤᠳᠤᠭ | ᠢ ᠢᠪᠡᠭᠡᠬᠦᠶᠡ᠂ ᠦᠢ ᠲᠦᠮᠡᠨ ᠠᠶᠢᠯ ᠡᠷᠦᠬᠡ ᠬᠡᠮᠡᠷᠯᠢᠭ ᠵᠢᠷᠤᠭ ᠮᠡᠳᠦ ᠬᠠᠷᠠᠬᠳᠠᠮᠤᠢ︾᠃ ᠵᠠᠯᠠᠭᠤ ᠨᠠᠰᠤ ᠪᠣᠯᠤᠨ ᠬᠦᠰᠡᠯ ᠵᠡᠭᠦᠳᠦ ᠵᠢᠬᠦᠷ ᠢᠶᠠᠨ ᠲᠡᠯᠭᠡᠬᠦ ᠳᠤ᠂ | ᠪᠡᠶ᠎ᠡ ᠶᠢᠨ ᠲᠠᠮᠢᠷ ᠪᠣᠯᠤᠨ ᠡᠷᠲᠡᠨ ᠤ ᠬᠤᠲᠠ ᠠᠭᠤᠰᠤᠯᠴᠠᠬᠤ ᠳᠤ᠂ ᠨᠢᠭᠡᠨ ᠬᠤᠭᠤᠴᠠᠭᠠᠨ ᠤ ︽ᠠᠳᠠᠯᠢ ᠪᠤᠰᠤ᠂ ᠭᠤᠶᠢᠳᠠ ᠰᠠᠶᠢᠬᠠᠨ︾ ᠵᠠᠯᠠᠭᠤ ᠨᠠᠰᠤᠨ ᠤ ᠦᠪᠡᠳᠡᠭᠰᠢ | ᠴᠤᠭᠯᠠᠭᠠᠨ ᠤᠶᠤᠲᠠᠳ ᠤᠨ ᠲᠠᠮᠢᠷ ᠤᠨ ᠴᠤᠭᠯᠠᠭᠠᠨ ᠤ ᠲᠡᠦᠬᠡᠨ ᠳᠡᠭᠡᠷ᠎ᠡ ᠥᠩᠭᠡ ᠪᠤᠳᠤᠭ ᠢᠯᠭᠠᠷᠠᠭᠰᠠᠨ ᠨᠢᠭᠡ ᠬᠠᠭᠤᠳᠠᠰᠤ ᠶᠢ ᠦᠯᠡᠳᠡᠭᠡᠬᠦ ᠨᠢ ᠯᠠᠪᠲᠠᠶ ᠶᠤᠮ᠃ | ᠭᠤᠴᠢᠨ ᠨᠢᠭᠡᠳᠦᠭᠡᠷ ᠬᠤᠭᠤᠴᠠᠭᠠᠨ ᠤ ᠳᠡᠯᠡᠬᠡᠢ ᠶᠢᠨ ᠤᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠤᠯᠬᠤ ᠶᠢ | ᠵᠥᠩᠨᠡᠶ᠎ᠡ︕ | | |