ᠱᠠᠯᠠᠪᠳᠠᠭᠤᠯᠤᠨ ᠪᠠᠶᠢᠴᠠᠭᠠᠬᠤ ᠮᠠᠶ᠋ᠢᠭ ᠤᠨ ᠪᠠᠶᠢᠴᠠᠭᠠᠨ ᠰᠤᠳᠤᠯᠤᠯᠲᠠ ᠬᠢᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ ᠦᠷ᠎ᠡ ᠪᠦᠲᠦᠮᠵᠢ ᠭᠠᠷᠭᠠᠨᠠᠮ
ᠨᠡᠶᠢᠲᠡᠯᠡᠭᠰᠡᠨ ᠴᠠᠭ᠄
2023/8/4
       ︵ᠦᠵᠡᠯ ᠰᠠᠨᠠᠭ᠎ᠠ ᠶᠢ ᠰᠤᠷᠤᠯᠴᠠᠨ ᠨᠠᠮᠴᠢ ᠴᠢᠨᠠᠷ ᠢᠶᠠᠨ ᠴᠢᠩᠭᠠᠳᠬᠠᠵᠤ  ᠦᠢᠯᠡᠳᠦᠯᠭᠡ ᠶᠢ ᠴᠢᠬᠤᠯᠠᠴᠢᠯᠠᠨ ᠰᠢᠨ᠎ᠡ ᠭᠠᠪᠢᠶ᠎ᠠ ᠪᠠᠶᠢᠭᠤᠯᠤᠶ᠎ᠠ︶ ᠰᠤᠷᠪᠤᠯᠵᠢᠯᠠᠭᠴᠢ  ᠶᠢᠨ ᠰᠢᠨ            ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠭᠤᠤᠯ ᠰᠡᠳᠦᠪᠲᠦ ᠬᠥᠮᠦᠵᠢᠯ ᠢ  ᠭᠦᠨᠵᠡᠭᠡᠶ ᠥᠷᠨᠢᠭᠦᠯᠪᠡ —       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ  ᠰᠡᠳᠦᠪᠲᠦ  ᠬᠥᠮᠦᠵᠢᠯ ᠢ  ᠥᠷᠨᠢᠭᠦᠯᠦᠭᠰᠡᠨ ᠠᠴᠠ  ᠨᠠᠭᠠᠰᠢ᠂  ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ  ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ ᠪᠠᠷ ᠠᠵᠢᠯ ᠢᠶᠠᠨ  ᠠᠬᠢᠭᠤᠯᠬᠤ ᠶᠢ  ᠪᠠᠷᠢᠮᠲᠠᠯᠠᠵᠤ᠂ ᠱᠠᠯᠠᠪᠳᠠᠭᠤᠯᠤᠨ ᠪᠠᠶᠢᠴᠠᠭᠠᠬᠤ ᠮᠠᠶ᠋ᠢᠭ ᠢᠶᠠᠷ ᠪᠠᠶᠢᠴᠠᠭᠠᠨ ᠰᠤᠳᠤᠯᠤᠯᠲᠠ ᠬᠢᠬᠦ ᠶᠢ ᠵᠠᠬᠢᠳᠠᠯ ᠰᠤᠷᠪᠤᠯᠵᠢᠯᠠᠯ ᠤᠨ  ᠠᠵᠢᠯ ᠤᠨ  ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ  ᠭᠠᠷᠳᠠᠴᠠ  ᠪᠣᠯᠭᠠᠪᠠ᠃  ᠵᠠᠬᠢᠳᠠᠯ  ᠰᠤᠷᠪᠤᠯᠵᠢᠯᠠᠯ ᠤᠨ  ᠰᠢᠰᠲ᠋ᠧᠮ ᠤᠨ ᠬᠢᠨ ᠱᠠᠯᠠᠪᠳᠠᠭᠤᠯᠤᠨ ᠪᠠᠶᠢᠴᠠᠭᠠᠬᠤ ᠮᠠᠶ᠋ᠢᠭ ᠢᠶᠠᠷ ᠪᠠᠶᠢᠴᠠᠭᠠᠨ ᠰᠤᠳᠤᠯᠤᠯᠲᠠ ᠬᠢᠵᠦ᠂ ᠶᠡᠭᠡ ᠬᠡᠮᠵᠢᠶᠡᠨ ᠤ  ᠵᠠᠬᠢᠳᠠᠯ  ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠢ ᠱᠠᠯᠠᠪᠳᠠᠭᠤᠯᠤᠨ  ᠰᠢᠢᠳᠪᠦᠷᠢᠯᠡᠵᠦ᠂  ᠨᠠᠮ ᠤᠨ  ᠲᠥᠪ  ᠬᠤᠷᠢᠶᠠᠨ ᠤ  ᠵᠠᠬᠢᠳᠠᠯ  ᠰᠤᠷᠪᠤᠯᠵᠢᠯᠠᠯ ᠤᠨ ᠠᠵᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠬᠰᠠᠨ ᠪᠠᠶᠢᠨ᠎ᠠ᠃                ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ  ᠰᠢᠢᠳᠪᠦᠷᠢᠲᠦ  ᠪᠤᠳᠤᠯᠭ᠎ᠠ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠤ ᠪᠠᠶᠢᠴᠠᠭᠠᠨ ᠰᠤᠳᠤᠯᠤᠯᠲᠠ ᠬᠢᠬᠦ ᠶᠢ ᠠᠳᠬᠤᠪᠠ —                ᠭᠤᠣᠯ ᠰᠡᠳᠦᠪᠲᠦ ᠬᠥᠮᠦᠵᠢᠯ ᠤᠨ ᠳᠤᠮᠳᠠ᠂ ᠤᠯᠤᠰ ᠤᠨ ᠵᠠᠬᠢᠳᠠᠯ ᠰᠤᠷᠪᠤᠯᠵᠢᠯᠠᠯ  ᠤᠨ  ᠲᠣᠪᠴᠢᠶ᠎ᠠ  ᠪᠣᠯᠤᠨ  ᠡᠯ᠎ᠡ ᠭᠠᠵᠠᠷ ᠤᠨ ᠵᠠᠬᠢᠳᠠᠯ ᠰᠤᠷᠪᠤᠯᠵᠢᠯᠠᠯ  ᠤᠨ ᠰᠠᠯᠠᠭ᠎ᠠ ᠮᠥᠴᠢᠷ ᠨᠢ ᠨᠠᠮ ᠤᠨ  ᠲᠥᠪ  ᠬᠤᠷᠢᠶᠠᠨ ᠤ  ᠵᠠᠬᠢᠳᠠᠯ  ᠰᠤᠷᠪᠤᠯᠵᠢᠯᠠᠯ  ᠤᠨ ᠠᠵᠢᠯ ᠤᠨ ᠰᠢᠢᠳᠪᠦᠷᠢᠲᠦ  ᠪᠤᠳᠤᠯᠭ᠎ᠠ  ᠪᠠᠶᠢᠷᠢᠯᠠᠭᠤᠯᠤᠯᠲᠠ  ᠬᠠᠮᠢᠭ᠎ᠠ  ᠬᠦᠷᠪᠡᠯ  ᠱᠠᠯᠠᠪᠳᠠᠭᠤᠯᠤᠨ  ᠪᠠᠶᠢᠴᠠᠭᠠᠵᠤ  ᠪᠠᠶᠢᠴᠠᠭᠠᠨ ᠰᠤᠳᠤᠯᠬᠤ ᠠᠵᠢᠯ ᠲᠡᠨᠳᠡ ᠬᠦᠷᠴᠦ᠂ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ  ᠪᠣᠳᠠᠲᠠᠢ ᠳᠤ  ᠨᠠᠶᠢᠳᠠᠪᠤᠷᠢᠵᠢᠭᠤᠯᠬᠤ ᠶᠢ ᠠᠬᠢᠭᠤᠯᠵᠠᠢ᠃                ︽ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠪᠠ  ᠳᠣᠷᠣᠭᠰᠢ  ᠪᠠᠭᠤᠵᠤ  ᠰᠤᠷᠪᠤᠯᠵᠢᠯᠠᠬᠤ ᠶᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠤᠨ ᠡᠬᠢ ᠡᠭᠦᠰᠦᠯ ᠠᠴᠠ ᠨᠢ  ᠵᠠᠰᠠᠬᠤ ᠶᠢ  ᠭᠦᠨᠵᠡᠭᠡᠶᠢᠷᠡᠭᠦᠯᠬᠦ  ᠬᠦᠴᠦᠲᠡᠶ  ᠭᠠᠷᠳᠠᠴᠠ ᠪᠣᠯᠭᠠᠵᠤ᠂  ᠨᠡᠯᠢᠶᠡᠳ  ᠲᠣᠪᠤᠶᠢᠮ᠎ᠠ  ᠭᠤᠤᠯᠳᠠᠯᠭ᠎ᠠ ᠲᠠᠢ  ᠬᠦᠷᠢᠶᠡᠨ ᠳᠠᠬᠢ  ᠵᠠᠬᠢᠳᠠᠯ   ᠰᠤᠷᠪᠤᠯᠵᠢᠯᠠᠯ ᠤᠨ   ᠠᠰᠠᠭᠤᠳᠠᠯ ᠳᠤ ᠴᠢᠭᠯᠡᠭᠦᠯᠦᠨ᠂ ᠤᠳᠤᠷᠢᠳᠬᠤ ᠺᠠᠳ᠋ᠷ ᠪᠦᠬᠦᠨ ᠢ ᠳᠠᠭᠠᠭᠠᠨ ᠠᠪᠴᠤ᠂ ᠲᠥᠷᠥ ᠶᠢᠨ  ᠪᠣᠳᠣᠯᠭ᠎ᠠ ᠶᠢᠨ  ᠲᠠᠯ᠎ᠠ ᠠᠴᠠ  ᠠᠰᠠᠭᠤᠳᠠᠯ ᠢ ᠪᠦᠯᠦᠭ  ᠪᠦᠯᠦᠭ ᠢᠶᠠᠷ  ᠰᠢᠢᠳᠪᠦᠷᠢᠯᠡᠬᠦ  ᠶᠢ   ᠠᠬᠢᠭᠤᠯᠬᠤ   ᠬᠡᠷᠡᠭᠲᠡᠶ᠁︾᠃   ᠲᠦᠷᠦᠭᠦᠬᠡᠨ   ᠤᠯᠤᠰ ᠤᠨ   ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ  ᠳᠤᠭᠤᠶᠢᠯᠠᠩ  ᠵᠧᠵᠢᠶᠠᠩ  ᠮᠤᠵᠢ ᠶᠢᠨ  ᠵᠢᠨᠬᠤᠸᠠ  ᠬᠤᠲᠠ ᠶᠢᠨ ᠫᠦᠵᠢᠶᠠᠩ  ᠰᠢᠶᠠᠨ ᠳᠤ  ᠬᠦᠷᠴᠦ᠂  ︽ᠫᠦᠵᠢᠶᠠᠩ ᠤᠨ  ᠲᠤᠷᠰᠢᠯᠭ᠎ᠠ︾ ᠶᠢ  ᠤᠯᠠᠮᠵᠢᠯᠠᠨ  ᠪᠠᠳᠠᠷᠠᠭᠤᠯᠤᠭᠰᠠᠨ   ᠪᠠᠶᠢᠳᠠᠯ ᠤᠨ ᠲᠣᠭᠤᠷᠢᠨ ᠳᠤ ᠱᠠᠯᠠᠪᠳᠠᠭᠤᠯᠤᠨ ᠪᠠᠶᠢᠴᠠᠭᠠᠬᠤ ᠮᠠᠶ᠋ᠢᠭ ᠤᠨ ᠪᠠᠶᠢᠴᠠᠭᠠᠨ ᠰᠤᠳᠤᠯᠤᠯᠲᠠ ᠬᠢᠪᠡ᠃                ᠭᠤᠣᠯ ᠰᠡᠳᠦᠪᠲᠦ ᠬᠥᠮᠦᠵᠢᠯ ᠤᠨ ᠳᠤᠮᠳᠠ᠂ ᠤᠯᠤᠰ ᠤᠨ ᠵᠠᠬᠢᠳᠠᠯ  ᠰᠤᠷᠪᠤᠯᠵᠢᠯᠠᠯ ᠤᠨ  ᠲᠤᠪᠴᠢᠶ᠎ᠠ  ᠨᠢ  ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠴᠢᠬᠤᠯᠠ  ᠵᠢᠭᠠᠪᠤᠷᠢ  ᠴᠣᠬᠤᠯᠠᠪᠤᠷᠢ ᠶᠢᠨ  ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ  ᠡᠭᠦᠷᠭᠡ  ᠪᠣᠯᠭᠠᠪᠠ᠄  ᠰᠢᠨ᠎ᠡ ᠴᠠᠭ  ᠦᠶ᠎ᠡ ᠶᠢᠨ  ︽ᠹᠸᠡᠭᠴᠢᠶᠦᠦ  ᠶᠢᠨ  ᠲᠤᠷᠰᠢᠯᠭ᠎ᠠ︾ ᠶᠢ  ᠪᠠᠷᠢᠮᠲᠠᠯᠠᠨ  ᠪᠠᠳᠠᠷᠠᠭᠤᠯᠵᠤ᠂   ᠵᠠᠬᠢᠳᠠᠯ   ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠵᠠᠢ︔ ︽ᠫᠦᠵᠢᠶᠠᠩ ᠤᠨ ᠲᠤᠷᠰᠢᠯᠭ᠎ᠠ︾ ᠶᠢ ᠭᠦᠨᠵᠡᠭᠡᠢ ᠪᠠᠶᠢᠴᠠᠭᠠᠨ ᠰᠤᠳᠤᠯᠵᠤ ᠳ᠋ᠦᠩᠨᠡᠨ᠂ ︽ᠫᠦᠵᠢᠶᠠᠩ ᠤᠨ ᠲᠤᠷᠰᠢᠯᠭ᠎ᠠ︾ ᠶᠢ ᠰᠤᠷᠤᠯᠴᠠᠨ ᠬᠡᠷᠡᠭᠯᠡᠵᠦ ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠳᠣᠷᠣᠭᠰᠢ ᠪᠠᠭᠤᠵᠤ ᠰᠤᠷᠪᠤᠯᠵᠢᠯᠠᠬᠤ ᠶᠢ ᠠᠬᠢᠭᠤᠯᠬᠤ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠵᠧᠵᠢᠶᠠᠩ ᠲᠠᠢ ᠬᠠᠮᠲᠤᠷᠠᠨ ︽ᠫᠦᠵᠢᠶᠠᠩ ᠤᠨ ᠲᠤᠷᠰᠢᠯᠭ᠎ᠠ︾ ᠶᠢᠨ ᠰᠣᠯᠢᠯᠴᠠᠭᠠᠨ ᠤ ᠬᠤᠷᠠᠯ ᠬᠤᠷᠠᠯᠳᠤᠭᠤᠯᠵᠠᠢ︔ ︽ᠵᠠᠬᠢᠳᠠᠯ  ᠰᠤᠷᠪᠤᠯᠵᠢᠯᠠᠯ ᠤᠨ ᠠᠵᠢᠯ ᠤᠨ  ᠳᠦᠷᠢᠮ︾ ᠢ  ᠨᠠᠶᠢᠳᠠᠪᠤᠷᠢᠵᠢᠭᠤᠯᠤᠭᠰᠠᠨ  ᠪᠠᠶᠢᠳᠠᠯ ᠢ  ᠱᠠᠯᠠᠪᠳᠠᠭᠤᠯᠤᠨ  ᠪᠠᠶᠢᠴᠠᠭᠠᠵᠤ  ᠪᠠᠶᠢᠴᠠᠭᠠᠨ  ᠰᠤᠳᠤᠯᠵᠤ᠂ ᠬᠤᠯᠪᠣᠭᠳᠠᠯ  ᠪᠦᠬᠦᠢ  ᠶᠠᠮᠤᠨ  ᠵᠥᠪᠯᠡᠯ ᠳᠤ  ᠨᠡᠶᠢᠲᠡᠯᠢᠭ  ᠵᠠᠬᠢᠳᠠᠯ  ᠰᠤᠷᠪᠤᠯᠵᠢᠯᠠᠯ ᠤᠨ  ᠳᠠᠷᠤᠭᠳᠠᠮᠠᠯ  ᠬᠡᠷᠡᠭ ᠢ  ᠲᠤᠰᠢᠶᠠᠨ ᠰᠢᠢᠳᠪᠦᠷᠢᠯᠡᠬᠦᠯᠬᠦ ᠶᠢ ᠠᠬᠢᠭᠤᠯᠵᠠᠢ᠁                ᠠᠷᠭ᠎ᠠ ᠬᠡᠯᠪᠡᠷᠢ ᠠᠷᠭ᠎ᠠ  ᠪᠠᠷᠢᠯ ᠤᠨ  ᠰᠢᠨ᠎ᠡ ᠶᠢ  ᠡᠭᠦᠳᠴᠦ᠂  ᠬᠦᠴᠦᠲᠡᠶ  ᠠᠷᠭ᠎ᠠ  ᠬᠡᠮᠵᠢᠶ᠎ᠡ  ᠠᠪᠴᠤ  ᠪᠠᠶᠢᠭᠠᠳ ᠨᠠᠶᠢᠳᠠᠪᠤᠷᠢᠵᠢᠭᠤᠯᠤᠯᠲᠠ ᠶᠢ ᠠᠬᠢᠭᠤᠯᠪᠠ —               ︽ᠭᠦᠨ᠂ ᠪᠣᠳᠠᠲᠠᠶ᠂ ᠨᠠᠷᠢᠯᠢᠭ᠂ ᠣᠨᠣᠪᠴᠢᠲᠠᠶ᠂ ᠪᠦᠲᠦᠮᠵᠢᠲᠡᠶ︾ ᠪᠠᠶᠢᠬᠤ ᠶᠢ ᠳᠣᠪᠤᠶᠢᠯᠭᠠᠪᠡ᠃ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠣᠯᠤᠨ ᠡᠯ᠎ᠡ ᠭᠠᠵᠠᠷ ᠤᠨ ᠵᠠᠬᠢᠳᠠᠯ ᠰᠤᠷᠪᠤᠯᠵᠢᠯᠠᠯ ᠤᠨ ᠰᠠᠯᠠᠭ᠎ᠠ  ᠮᠥᠴᠢᠷ  ᠨᠢ  ᠱᠠᠯᠠᠪᠳᠠᠭᠤᠯᠤᠨ ᠪᠠᠶᠢᠴᠠᠭᠠᠬᠤ ᠮᠠᠶ᠋ᠢᠭ ᠢᠶᠠᠷ ᠪᠠᠶᠢᠴᠠᠭᠠᠨ ᠰᠤᠳᠤᠯᠤᠯᠲᠠ ᠬᠢᠬᠦ ᠳᠤᠮᠳᠠ ᠠᠵᠢᠯ ᠤᠨ ᠪᠣᠳᠠᠲᠤ  ᠪᠠᠶᠢᠳᠠᠯ ᠲᠠᠢ ᠪᠠᠨ  ᠤᠶᠠᠯᠳᠤᠭᠤᠯᠤᠨ ᠬᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠠᠯ᠎ᠠ ᠶᠢᠨ  ᠬᠠᠷᠢᠭᠤᠴᠠᠯᠭ᠎ᠠ ᠶᠢ  ᠪᠣᠳᠠᠲᠠᠶᠢᠵᠢᠭᠤᠯᠵᠤ᠂  ᠰᠢᠢᠳᠪᠦᠷᠢᠲᠦ  ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃               ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠨ ᠬᠤᠲᠠ ᠶᠢᠨ ᠠᠷᠠᠳ ᠰᠢᠨ ᠠᠪᠤᠭᠠᠶ ᠰᠦᠯᠵᠢᠶᠡᠨ ᠳᠡᠭᠡᠷᠡᠬᠢ  ᠤᠳᠤᠷᠢᠳᠤᠯᠭ᠎ᠠ ᠶᠢᠨ  ᠵᠠᠬᠢᠳᠠᠯ ᠤᠨ  ᠬᠠᠶᠢᠷᠴᠠᠭ ᠢᠶᠠᠷ  ᠲᠠᠮᠵᠢᠭᠤᠯᠤᠨ  ᠵᠠᠬᠢᠳᠠᠯ  ᠰᠤᠷᠪᠤᠯᠵᠢᠯᠠᠯ  ᠤᠨ ᠵᠠᠭᠠᠯᠳᠤᠯᠭ᠎ᠠ ᠬᠢᠵᠦ᠂ ᠶᠠᠮᠠᠷ ᠨᠢᠭᠡᠨ ᠭᠠᠵᠠᠷ ᠤᠨ ᠵᠠᠮ ᠤᠨ ᠳ᠋ᠧᠩ ᠤᠨ ᠲᠤᠭ᠎ᠠ ᠨᠢ ᠴᠥᠭᠡᠨ᠂ ᠰᠥᠨᠢ  ᠳᠦᠯᠢ  ᠪᠤᠯᠪᠠᠯ  ᠪᠦᠳᠡᠭᠢ ᠬᠠᠷᠠᠩᠭᠤᠶ ᠪᠠᠶᠢᠵᠤ᠂ ᠣᠶᠢᠷ᠎ᠠ ᠬᠠᠪᠢ ᠶᠢᠨ ᠲᠡᠷᠭᠡ ᠬᠥᠰᠬᠡ ᠶᠠᠪᠠᠭᠠᠨ ᠬᠥᠮᠦᠨ ᠠᠮᠤᠷ  ᠲᠦᠪᠰᠢᠨ ᠢᠶᠠᠷ  ᠭᠠᠳᠠᠭᠰᠢ  ᠭᠠᠷᠬᠤ ᠳᠤ ᠠᠰᠢᠭ ᠥᠬᠡᠶ ᠪᠠᠶᠢᠬᠤ ᠶᠢ ᠲᠤᠰᠬᠠᠵᠠᠶ᠃                ᠲᠤᠰ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠶᠢ ᠬᠤᠷᠢᠶᠠᠨ ᠣᠯᠤᠭᠰᠠᠨ ᠤ ᠳᠠᠷᠠᠭ᠎ᠠ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ  ᠬᠦᠯᠢᠶᠡᠨ  ᠠᠪᠤᠬᠰᠠᠨ  ᠤ ᠬᠠᠮᠲᠤ ᠬᠠᠷᠢᠶ᠎ᠠ ᠭᠠᠵᠠᠷ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠰᠢᠢᠳᠪᠦᠷᠢᠯᠡᠬᠦᠯᠬᠦ ᠪᠠᠷ ᠲᠤᠰᠢᠶᠠᠨ ᠥᠭᠴᠦ᠂  ᠣᠯᠠᠨ ᠤᠳᠠᠭ᠎ᠠ ᠰᠢᠪᠠᠳᠠᠨ ᠵᠢᠯᠣᠭᠤᠳᠤᠭᠰᠠᠨ  ᠪᠥᠭᠡᠳ  ᠬᠤᠯᠪᠣᠭᠳᠠᠯ  ᠪᠦᠬᠦᠢ  ᠰᠠᠯᠠᠭ᠎ᠠ  ᠮᠥᠴᠢᠷ ᠢ  ᠵᠣᠬᠢᠴᠠᠭᠤᠯᠤᠨ  ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠲᠥᠰᠦᠯ ᠢ ᠰᠤᠳᠤᠯᠪᠠ᠃ ᠤᠳᠠᠯ ᠥᠬᠡᠶ᠂  ᠲᠣᠰ  ᠵᠠᠮ ᠤᠨ  ᠳ᠋ᠧᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠲᠦᠮᠡᠨ ᠤ  ᠠᠮᠤᠷ  ᠲᠦᠪᠰᠢᠨ ᠢᠶᠠᠷ ᠭᠠᠳᠠᠭᠰᠢ ᠭᠠᠷᠬᠤ ᠳᠤ ᠬᠤᠯᠪᠣᠭᠳᠠᠬᠤ ᠠᠰᠠᠭᠤᠳᠠᠯ ᠢ ᠦᠨᠡᠨ ᠬᠦ ᠰᠢᠢᠳᠪᠦᠷᠢᠯᠡᠨ ᠦᠭᠪᠡ᠃               ᠪᠠᠶᠢᠴᠠᠭᠠᠨ ᠰᠤᠳᠤᠯᠤᠯᠲᠠ ᠬᠢᠬᠦ ᠠᠴᠠ ᠡᠮᠦᠨ᠎ᠡ᠂ ᠰᠦᠯᠵᠢᠶᠡᠨ ᠳᠡᠭᠡᠷᠡᠬᠢ ᠤᠯᠠᠨ ᠲᠦᠮᠡᠨᠴᠢ  ᠱᠤᠭᠤᠮ  ᠢ  ᠰᠠᠶᠢᠲᠤᠷ ᠪᠠᠷᠢᠮᠳᠠᠯᠠᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ  ᠵᠡᠷᠭᠡ  ᠠᠷᠭ᠎ᠠ  ᠵᠠᠮ ᠢᠶᠠᠷ  ᠤᠯᠠᠨ  ᠲᠦᠮᠡᠨ ᠤ  ᠰᠡᠳᠬᠢᠯ ᠤᠨ ᠦᠭᠡ ᠶᠢ ᠪᠦᠬᠦ ᠲᠠᠯ᠎ᠠ ᠪᠠᠷ ᠤᠯᠠᠨ ᠠᠷᠭ᠎ᠠ ᠵᠠᠮ ᠢᠶᠠᠷ ᠣᠶᠢᠯᠠᠭᠠᠬᠤ ᠶᠢ ᠠᠩᠬᠠᠷᠴᠡᠢ︔  ᠪᠠᠶᠢᠴᠠᠭᠠᠨ  ᠰᠤᠳᠤᠯᠤᠯᠲᠠ  ᠬᠢᠬᠦ ᠶᠢᠨ ᠳᠤᠮᠳᠠ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ  ᠨᠠᠶᠢᠳᠠᠪᠤᠷᠢᠵᠢᠭᠤᠯᠤᠭᠰᠠᠨ  ᠪᠠᠶᠢᠳᠠᠯ ᠢ  ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠤᠭᠰᠠᠨ ᠪᠠ ᠳᠣᠷᠣᠭᠰᠢ  ᠪᠠᠭᠤᠵᠤ ᠰᠤᠷᠪᠤᠯᠵᠢᠯᠠᠭᠰᠠᠨ ᠪᠠᠶᠢᠳᠠᠯ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂  ᠰᠤᠷᠪᠤᠯᠵᠢᠯᠠᠬᠤ ᠪᠠᠷ  ᠢᠷᠡᠭᠰᠡᠳ  ᠢ  ᠬᠦᠯᠢᠶᠡᠨ ᠠᠪᠬᠤ ᠭᠠᠵᠠᠷ ᠲᠠᠯᠠᠪᠤᠷ ᠢ ᠲᠣᠬᠢᠶᠠᠯᠳᠤᠯ ᠢᠶᠠᠷ ᠲᠠᠯᠳᠠᠭᠤᠷ ᠪᠠᠶᠢᠴᠠᠭᠠᠬᠤ᠂ ᠰᠤᠷᠪᠤᠯᠵᠢᠯᠠᠬᠤ ᠪᠠᠷ  ᠢᠷᠡᠭᠰᠡᠨ  ᠣᠯᠠᠨ  ᠲᠦᠮᠡᠨ ᠢ ᠲᠣᠬᠢᠶᠠᠯᠳᠤᠯ ᠢᠶᠠᠷ ᠬᠦᠯᠢᠶᠡᠨ ᠠᠪᠬᠤ᠂ ᠳᠠᠩᠰᠠ ᠡᠪᠬᠡᠮᠡᠯ ᠤᠨ ᠮᠠᠲ᠋ᠧᠷᠢᠶᠠᠯ ᠢ  ᠲᠣᠬᠢᠶᠠᠯᠳᠤᠯ ᠢᠶᠠᠷ  ᠭᠠᠷᠭᠠᠨ  ᠠᠪᠴᠤ  ᠦᠵᠡᠬᠦ ︽ᠲᠠᠪᠤᠨ ᠲᠣᠬᠢᠶᠠᠯᠳᠤᠯ ᠢᠶᠠᠷ ᠪᠠᠶᠢᠴᠠᠭᠠᠨ ᠦᠵᠡᠬᠦ︾  ᠠᠵᠢᠯ ᠢ  ᠦᠷᠨᠢᠬᠦᠯᠵᠦ᠂  ᠠᠩᠬᠠᠨ ᠤ  ᠪᠠᠶᠢᠳᠠᠯ ᠢ  ᠪᠦᠬᠦ  ᠲᠠᠯ᠎ᠠ ᠪᠠᠷ ᠪᠤᠰᠤᠳᠴᠢ ᠪᠠᠷ ᠡᠵᠡᠮᠰᠢᠵᠠᠢ︔ ᠪᠠᠶᠢᠴᠠᠭᠠᠨ  ᠰᠤᠳᠤᠯᠤᠯᠲᠠ  ᠬᠢᠭᠰᠡᠨ ᠤ  ᠲᠠᠷᠠᠭ᠎ᠠ᠂  ᠲᠤᠪᠤᠶᠢᠮ᠎ᠠ  ᠠᠰᠠᠭᠤᠳᠠᠯ ᠢ  ᠮᠤᠵᠢ ᠶᠢᠨ ᠲᠡᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠳᠤ ᠰᠢᠭᠤᠳ ᠲᠤᠰᠬᠠᠵᠤ᠂  ᠵᠠᠬᠢᠳᠠᠯ  ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠠᠵᠢᠯ ᠢᠶᠠᠨ ᠰᠠᠶᠢᠵᠢᠷᠠᠭᠤᠯᠬᠤ᠂ ᠲᠦᠷᠦ ᠶᠢᠨ ᠪᠤᠳᠤᠯᠭ᠎ᠠ  ᠶᠢ  ᠲᠡᠭᠦᠯᠳᠡᠷᠵᠢᠭᠦᠯᠬᠦ᠂  ᠬᠠᠷᠢᠭᠤᠴᠠᠯᠭ᠎ᠠ ᠨᠡᠬᠡᠮᠵᠢᠯᠡᠬᠦ ︽ᠭᠤᠷᠪᠠᠨ ᠵᠦᠢᠯ ᠤᠨ ᠰᠠᠨᠠᠭᠤᠯᠭ᠎ᠠ ᠶᠢᠨ ᠡᠷᠬᠡ︾ ᠶᠢ ᠰᠠᠶᠢᠲᠤᠷ ᠠᠰᠢᠭᠯᠠᠬᠤ᠁ ᠭᠡᠬᠦ ᠮᠡᠳᠦ ᠶᠢᠨ  ᠠᠯᠢ  ᠤᠯᠠᠨ ᠬᠦᠴᠦᠲᠡᠢ ᠠᠷᠭ᠎ᠠ ᠬᠡᠮᠵᠢᠶ᠎ᠡ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠵᠠᠢ᠃       ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠢ  ᠰᠢᠢᠳᠪᠦᠷᠢᠯᠡᠬᠦ ᠳᠤ  ᠠᠩᠬᠠᠷᠤᠯ ᠢᠶᠠᠨ ᠲᠥᠪᠯᠡᠷᠡᠭᠦᠯᠪᠡ —                ᠠᠰᠠᠭᠤᠳᠠᠯ ᠳᠤ ᠴᠢᠭᠯᠡᠨ ᠣᠴᠢᠵᠤ᠂ ᠠᠰᠠᠭᠤᠳᠠᠯ ᠢ ᠠᠩᠬᠠᠷᠴᠤ ᠱᠠᠯᠠᠪᠳᠠᠭᠤᠯᠤᠨ ᠪᠠᠶᠢᠴᠠᠭᠠᠪᠠ᠃ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠣᠯᠤᠨ ᠡᠯ᠎ᠡ ᠭᠠᠵᠠᠷ ᠤᠨ ᠵᠠᠬᠢᠳᠠᠯ ᠰᠤᠷᠪᠤᠯᠵᠢᠯᠠᠯ ᠤᠨ ᠰᠠᠯᠠᠭ᠎ᠠ  ᠮᠥᠴᠢᠷ  ᠨᠢ  ᠱᠠᠯᠠᠪᠳᠠᠭᠤᠯᠤᠨ ᠪᠠᠶᠢᠴᠠᠭᠠᠬᠤ ᠮᠠᠶ᠋ᠢᠭ ᠢᠶᠠᠷ ᠪᠠᠶᠢᠴᠠᠭᠠᠨ ᠰᠤᠳᠤᠯᠤᠯᠲᠠ ᠬᠢᠬᠦ ᠶᠢ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠦ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠴᠢᠬᠤᠯᠠ ᠲᠠᠪᠴᠠᠩ ᠪᠣᠯᠭᠠᠵᠤ᠂ ᠵᠥᠷᠢᠴᠡᠯ ᠢ ᠰᠢᠢᠳᠪᠦᠷᠢᠯᠡᠬᠦ᠂  ᠬᠦᠴᠢᠷ  ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠳᠤᠮᠳᠠ ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠬᠦ᠂ ᠨᠠᠮ ᠤᠨ  ᠲᠥᠯᠥᠭᠡ ᠰᠠᠨᠠᠭᠠᠰᠢᠷᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠪᠡ᠃               ︽ᠬᠤᠳᠠᠯᠳᠤᠨ ᠠᠪᠤᠭᠰᠠᠨ ᠣᠷᠣᠨ ᠰᠠᠭᠤᠴᠠ ᠶᠢ ᠭᠡᠷ᠎ᠡ ᠶᠣᠰᠣᠭᠠᠷ 2021 ᠣᠨ ᠤ  6  ᠰᠠᠷ᠎ᠠ ᠳᠤ  ᠲᠤᠰᠢᠶᠠᠬᠤ ᠶᠤᠰᠤᠳᠠᠢ᠃ ᠬᠡᠳᠡᠯ᠎ᠡ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠥᠷᠥᠯ ᠵᠦᠢᠯ ᠤᠨ ᠠᠵᠢᠯ  ᠵᠣᠭᠰᠣᠬᠰᠠᠨ  ᠠᠴᠠ  ᠪᠤᠯᠵᠤ ᠣᠲᠣ ᠪᠣᠯᠲᠠᠯ᠎ᠠ ᠬᠡᠷ ᠢ ᠲᠤᠰᠢᠶᠠᠭᠠᠳᠤᠢ ᠪᠠᠶᠢᠬᠰᠠᠭᠠᠷ᠁︾       ᠲᠦᠷᠦᠭᠦᠬᠡᠨ᠂ ᠤᠯᠤᠰ ᠤᠨ ᠵᠠᠬᠢᠳᠠᠯ ᠰᠤᠷᠪᠤᠯᠵᠢᠯᠠᠯ  ᠤᠨ  ᠲᠣᠪᠴᠢᠶ᠎ᠠ  ᠶᠢᠨ  ᠬᠢᠨ  ᠨᠢᠭᠡᠨ  ᠭᠠᠵᠠᠷ  ᠤᠨ  ᠨᠢᠭᠡᠨ ᠰᠠᠭᠤᠭᠠᠯᠢ ᠲᠣᠭᠤᠷᠢᠭ ᠤᠨ ᠣᠯᠠᠨ ᠲᠦᠮᠡᠨ ᠤ ᠬᠠᠮᠲᠤ ᠪᠠᠷ ᠲᠤᠰᠬᠠᠭᠰᠠᠨ  ᠭᠡᠷ  ᠪᠠᠶᠢᠰᠢᠩ  ᠢ  ᠨᠢ  ᠲᠤᠰᠢᠶᠠᠭᠠᠳᠤᠢ  ᠪᠠᠶᠢᠬᠤ ᠠᠰᠠᠭᠤᠳᠠᠯ ᠤᠨ ᠲᠤᠬᠠᠢ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠤᠪᠠ᠃ ᠡᠨᠡ ᠵᠢᠯ ᠤᠨ 6 ᠰᠠᠷ᠎ᠠ ᠳᠤ᠂ ᠤᠯᠤᠰ ᠤᠨ  ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠢ ᠡᠨᠡᠬᠦ ᠤᠴᠢᠷ ᠤᠨ ᠲᠤᠬᠠᠢ ᠲᠤᠰ ᠭᠠᠵᠠᠷ ᠲᠤᠨᠢ  ᠬᠦᠷᠴᠦ  ᠱᠠᠯᠠᠪᠳᠠᠭᠤᠯᠤᠨ  ᠪᠠᠶᠢᠴᠠᠭᠠᠵᠤ᠂ ᠲᠤᠬᠠᠶ ᠶᠢᠨ  ᠭᠠᠵᠠᠷ  ᠲᠠᠯᠠᠪᠤᠷ ᠢ  ᠪᠠᠶᠢᠴᠠᠭᠠᠨ  ᠦᠵᠡᠬᠦ᠂  ᠮᠠᠲ᠋ᠧᠷᠢᠶᠠᠯ ᠢ  ᠪᠠᠶᠢᠴᠠᠭᠠᠨ  ᠦᠵᠡᠬᠦ᠂  ᠵᠠᠬᠢᠳᠠᠯ  ᠰᠤᠷᠪᠤᠯᠵᠢᠯᠠᠯ ᠬᠢᠭᠰᠡᠳ ᠤᠨ  ᠲᠥᠯᠥᠭᠡᠯᠡᠭᠴᠢ ᠶᠢ  ᠬᠠᠷᠢᠭᠤ  ᠰᠤᠷᠪᠤᠯᠵᠢᠯᠠᠬᠤ᠂   ᠬᠠᠷᠢᠭᠤᠴᠠᠯᠭᠠᠳᠦ   ᠨᠢᠭᠡᠴᠡ ᠶᠢᠨ   ᠬᠠᠷᠢᠭᠤᠴᠠᠯᠭᠠᠲᠠᠨ ᠢ ᠰᠤᠷᠪᠤᠯᠵᠢᠯᠠᠬᠤ ᠵᠡᠷᠭᠡ ᠠᠯᠢ ᠣᠯᠠᠨ ᠨᠠᠷᠢᠨ ᠨᠢᠮᠪᠠᠢ ᠪᠠᠶᠢᠴᠠᠭᠠᠨ ᠰᠤᠳᠤᠯᠤᠯᠲᠠ ᠬᠢᠭᠰᠡᠨ ᠤ  ᠳᠠᠷᠠᠭ᠎ᠠ᠂  ᠵᠠᠬᠢᠳᠠᠯ  ᠰᠤᠷᠪᠤᠯᠵᠢᠯᠠᠯ ᠬᠢᠭᠰᠡᠳ ᠤᠨ ᠲᠤᠰᠬᠠᠭᠰᠠᠨ ᠠᠰᠠᠭᠤᠳᠠᠯ ᠦᠨᠳᠦᠰᠦᠨ ᠳᠡᠭᠡᠨ ᠦᠨᠡᠨ ᠪᠣᠳᠠᠲᠠᠶ ᠪᠠᠶᠢᠨ᠎ᠠ᠃ ᠨᠡᠭᠡᠭᠡᠨ ᠬᠥᠭᠵᠢᠭᠦᠯᠬᠦ ᠺᠣᠮᠫᠠᠨᠢ ᠶᠢᠨ ᠡᠵᠡᠩᠨᠡᠯᠲᠡ ᠮᠠᠭᠤ᠂ ᠪᠡᠯᠡ ᠮᠥᠩᠭᠦ ᠳᠤᠲᠠᠭᠳᠠᠭᠰᠠᠨ ᠠᠴᠠ ᠪᠣᠯᠵᠤ ᠲᠥᠷᠥᠯ ᠵᠦᠢᠯ ᠤᠨ ᠠᠵᠢᠯ ᠵᠣᠭᠰᠣᠪᠠ  ᠭᠡᠰᠡᠨ  ᠳ᠋ᠦᠩᠨᠡᠯᠲᠡ ᠭᠠᠷᠭᠠᠵᠠᠶ᠃                ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠲᠤᠰ  ᠵᠠᠬᠢᠳᠠᠯ  ᠰᠤᠷᠪᠤᠯᠵᠢᠯᠠᠯ  ᠤᠨ  ᠤᠴᠢᠷ  ᠡᠭᠦᠰᠦᠭᠰᠡᠨ ᠰᠢᠯᠲᠠᠭᠠᠨ ᠢ ᠨᠠᠷᠢᠨ  ᠬᠢᠨᠠᠮᠠᠭᠠᠢ  ᠵᠠᠳᠠᠯᠤᠭᠰᠠᠨ  ᠪᠥᠭᠡᠳ  ᠲᠤᠬᠠᠢ ᠶᠢᠨ  ᠭᠠᠵᠠᠷ  ᠲᠤ  ᠴᠡᠭᠴᠡᠯᠡᠨ  ᠰᠠᠶᠢᠵᠢᠷᠠᠭᠤᠯᠬᠤ  ᠰᠠᠨᠠᠯ ᠳᠤᠷᠠᠳᠴᠠᠢ᠃  ᠳᠠᠷᠠᠭ᠎ᠠ ᠨᠢ᠂  ᠲᠣᠰ  ᠬᠤᠲᠠ ᠶᠢᠨ ᠬᠢᠨ᠄  ᠬᠠᠮᠢᠶ᠎ᠠ   ᠪᠥᠬᠦᠶ   ᠬᠠᠷᠢᠭᠤᠴᠠᠯᠭᠠᠲᠠᠨ   ᠨᠥᠬᠦᠳ   ᠬᠡᠷᠡᠭ ᠢ ᠳᠠᠭᠠᠭᠠᠴᠢᠯᠠᠵᠤ᠂ ᠬᠤᠯᠪᠣᠭᠳᠠᠯ ᠪᠥᠬᠦᠶ ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ  ᠪᠥᠬᠦ  ᠲᠠᠯ᠎ᠠ ᠪᠠᠷ  ᠪᠣᠳᠠᠲᠠᠶᠢᠵᠢᠭᠤᠯᠵᠤ᠂ ᠪᠠᠯᠠ ᠮᠥᠩᠭᠦ ᠶᠢ ᠳᠠᠷᠤᠶ ᠲᠦᠷᠭᠡᠨ  ᠵᠣᠬᠢᠴᠠᠭᠤᠯᠬᠤ ᠶᠢᠨ  ᠬᠠᠮᠲᠤ  ᠱᠠᠯᠠᠪᠳᠠᠭᠤᠯᠤᠨ  ᠱᠠᠭᠠᠷᠳᠠᠵᠤ᠂  ᠪᠥᠲᠥᠭᠡᠨ  ᠪᠠᠶᠢᠭᠤᠯᠬᠤ ᠠᠬᠢᠴᠠ ᠶᠢ ᠲᠦᠷᠭᠡᠳᠬᠡᠵᠦ᠂ ᠣᠷᠣᠨ ᠰᠠᠭᠤᠴᠠ ᠶᠢ ᠲᠤᠰᠢᠶᠠᠬᠤ ᠶᠢ  ᠳᠠᠷᠤᠶ  ᠲᠦᠷᠭᠡᠨ  ᠪᠡᠶᠡᠯᠡᠭᠦᠯᠦᠨ᠎ᠡ  ᠭᠡᠰᠡᠨ  ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠪᠠ᠃ ᠣᠳᠣᠬᠠᠨ ᠳᠤ᠂ ᠲᠣᠰ  ᠲᠥᠷᠥᠯ  ᠵᠦᠢᠯ  ᠨᠢ  ᠠᠮᠵᠢᠯᠲᠠ ᠲᠠᠢ ᠪᠠᠷ  ᠠᠵᠢᠯ ᠢᠶᠠᠨ ᠰᠡᠷᠭᠦᠭᠡᠵᠦ᠂ ᠤᠳᠠᠯ ᠥᠬᠡᠶ ᠠᠰᠠᠷ ᠢ ᠲᠤᠰᠢᠶᠠᠬᠤ ᠪᠠᠷ ᠪᠠᠶᠢᠨ᠎ᠠ᠃                ᠵᠤᠨ ᠤ ᠠᠭᠠᠭᠢᠮ᠎ᠠ  ᠬᠠᠯᠠᠭᠤᠨ ᠳᠤ᠂  ᠮᠠᠰᠢᠨ  ᠲᠡᠷᠭᠡ  ᠠᠭᠤᠯᠠᠨ  ᠵᠠᠮ  ᠢ  ᠤᠷᠢᠶᠠᠨ  ᠲᠠᠪᠬᠢᠨ᠎ᠠ᠃  ᠴᠦᠩᠴᠢᠩ ᠬᠤᠲᠠ ᠶᠢᠨ ᠵᠠᠬᠢᠳᠠᠯ ᠰᠤᠷᠪᠤᠯᠵᠢᠯᠠᠯ  ᠤᠨ ᠠᠯᠪᠠᠨ ᠬᠡᠷ ᠤᠨ ᠪᠠᠶᠢᠴᠠᠭᠠᠨ ᠰᠤᠳᠤᠯᠬᠤ ᠳᠤᠭᠤᠶᠢᠯᠠᠩ ᠨᠢ ᠴᠦᠩᠴᠢᠩ  ᠬᠤᠲᠠ ᠶᠢᠨ ᠵᠥᠩ ᠰᠢᠶᠠᠨ ᠤ ᠮᠦᠸᠧ ᠽᠢ ᠲᠦᠵᠢᠶᠠ ᠦᠨᠳᠦᠰᠦᠲᠡᠨ ᠤ ᠰᠢᠶᠠᠩ ᠳᠤ ᠬᠦᠷᠴᠦ ᠱᠠᠯᠠᠪᠳᠠᠭᠤᠯᠤᠨ  ᠪᠠᠶᠢᠴᠠᠭᠠᠬᠤ  ᠮᠠᠶ᠋ᠢᠭ ᠢᠶᠠᠷ ᠪᠠᠶᠢᠴᠠᠭᠠᠨ ᠰᠤᠳᠤᠯᠤᠯᠲᠠ ᠬᠢᠪᠡ᠃ ᠨᠢᠭᠡᠨ ᠭᠠᠴᠠᠭ᠎ᠠ ᠶᠢᠨ ᠭᠤᠣᠯ ᠵᠠᠰᠠᠮᠠᠯ ᠵᠠᠮ ᠬᠦᠷᠲᠡᠯᠡᠬᠢ ᠶᠠᠪᠠᠭᠠᠨ ᠬᠥᠮᠦᠨ ᠤ ᠵᠠᠮ ᠢ ᠣᠯᠠᠨ ᠵᠢᠯ ᠤᠨ ᠲᠤᠷᠰᠢ ᠬᠠᠲᠠᠭᠤᠷᠠᠭᠤᠯᠤᠭᠰᠠᠨ ᠦᠭᠡᠶ ᠪᠤᠯᠬᠤᠷ ᠭᠠᠴᠠᠭᠠᠨ ᠤ ᠠᠷᠠᠳ ᠤᠨ ᠶᠠᠪᠤᠵᠤ ᠰᠠᠭᠤᠬᠤ ᠶᠢ ᠨᠥᠯᠥᠭᠡᠯᠡᠵᠦ ᠪᠠᠶᠢᠨ᠎ᠠ ᠭᠡᠵᠦ ᠣᠯᠠᠨ ᠲᠦᠮᠡᠨ ᠲᠤᠰᠬᠠᠪᠠ᠃               ᠴᠦᠩᠴᠢᠩ ᠬᠤᠲᠠ ᠶᠢᠨ ᠵᠠᠬᠢᠳᠠᠯ ᠰᠤᠷᠪᠤᠯᠵᠢᠯᠠᠯ ᠤᠨ ᠠᠯᠪᠠᠨ ᠭᠡᠷ ᠳᠠᠷᠤᠶ ᠲᠦᠷᠭᠡᠨ ᠬᠤᠯᠪᠣᠭᠳᠠᠯ ᠪᠦᠬᠦᠢ  ᠰᠠᠯᠠᠭ᠎ᠠ ᠮᠥᠴᠢᠷ ᠲᠠᠢ ᠬᠠᠮᠲᠤᠷᠠᠨ ᠠᠰᠠᠭᠤᠳᠠᠯ ᠢ ᠰᠤᠳᠤᠯᠤᠭᠠᠳ ᠰᠢᠢᠳᠪᠦᠷᠢᠯᠡᠬᠦ ᠲᠥᠰᠦᠯ  ᠲᠣᠭᠲᠠᠭᠠᠪᠠ᠃  ᠨᠢᠭᠡ  ᠰᠠᠷ᠎ᠠ  ᠪᠣᠯᠤᠭᠰᠠᠨ ᠦᠭᠡᠢ ᠪᠠᠷ ᠲᠣᠰ ᠲᠦᠷᠦᠯ ᠵᠦᠢᠯ ᠤᠨ ᠠᠵᠢᠯ ᠢ ᠬᠢᠵᠦ ᠳᠠᠭᠤᠰᠬᠠᠵᠠᠢ᠃                ᠭᠤᠣᠯ ᠰᠡᠳᠦᠪᠲᠦ ᠬᠥᠮᠦᠵᠢᠯ ᠤᠨ ᠳᠤᠮᠳᠠ᠂ ᠤᠯᠠᠨ ᠲᠦᠮᠡᠨ ᠲᠠᠢ ᠨᠢᠭᠤᠷᠳᠠᠨ ᠬᠠᠷᠢᠯᠴᠠᠬᠤ᠂ ᠠᠰᠠᠭᠤᠳᠠᠯ ᠢ  ᠦᠨᠡᠨ ᠪᠣᠳᠠᠲᠠᠢ ᠪᠠᠷ ᠰᠢᠢᠳᠪᠦᠷᠢᠯᠡᠬᠦ ᠪᠠᠷ ᠳᠠᠮᠵᠢᠭᠤᠯᠤᠨ᠂ ᠨᠢᠭᠡ ᠪᠦᠯᠦᠭ ᠵᠠᠬᠢᠳᠠᠯ ᠰᠤᠷᠪᠤᠯᠵᠢᠯᠠᠯ  ᠤᠨ  ᠲᠤᠪᠤᠶᠢᠮ᠎ᠠ  ᠤᠴᠢᠷ  ᠤᠳ ᠢ ᠲᠣᠬᠢᠲᠠᠢ ᠰᠢᠢᠳᠪᠦᠷᠢᠯᠡᠵᠦ᠂ ᠳᠠᠪᠬᠤᠷᠳᠠᠭᠤᠯᠤᠨ ᠵᠠᠬᠢᠳᠠᠯ ᠰᠤᠷᠪᠤᠯᠵᠢᠯᠠᠯ ᠬᠢᠬᠦ ᠶᠠᠪᠤᠳᠠᠯ ᠢ ᠪᠦᠲᠦᠮᠵᠢᠲᠡᠢ  ᠪᠠᠭᠠᠰᠬᠠᠵᠤ᠂  ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠤᠴᠢᠷ ᠢ ᠰᠢᠢᠳᠪᠦᠷᠢᠯᠡᠬᠦ  ᠴᠠᠭ ᠢ  ᠮᠡᠳᠡᠭᠳᠡᠮ᠎ᠡ  ᠪᠣᠭᠤᠨᠢᠰᠬᠠᠵᠤ᠂  ᠠᠷᠠᠳ  ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠰᠠᠨ ᠪᠠᠶᠢᠨ᠎ᠠ᠃  
ᠢᠷᠡᠯᠲᠡ᠄ ᠠᠷᠠᠳ ᠤᠨ ᠮᠤᠩᠭᠤᠯ ᠰᠦᠯᠵᠢᠶ᠎ᠡ