ᠬᠡᠬᠦᠳᠡᠭ ᠴᠡᠭᠡᠵᠢᠨ ᠳᠡᠭᠡᠨ ᠬᠦᠰᠡᠯ ᠵᠡᠭᠦᠳᠦ ᠲᠠᠢ ᠬᠤᠯᠠ ᠶᠢᠨ ᠠᠶᠠᠨ ᠳᠤ᠂ ᠬᠡᠵᠢᠶᠡᠳᠡ ᠰᠠᠯᠬᠢ ᠪᠣᠷᠣᠭᠠᠨ ᠠᠴᠠ ᠠᠶᠤᠬᠤ ᠦᠭᠡᠢ︔ ᠲᠤᠬᠰᠢᠨ ᠰᠠᠯᠬᠢ | ᠰᠢᠷᠦᠭᠦᠨ ᠳᠠᠪᠠᠯᠭᠠᠨ ᠢ ᠲᠤᠭᠤᠯᠤᠭᠰᠠᠨ ᠬᠥᠯᠭᠡ ᠣᠩᠭᠤᠴᠠ ᠨᠢ ᠨᠡᠩ ᠴᠤ ᠲᠣᠭᠲᠠᠯ ᠬᠦᠴᠦᠨ ᠲᠠᠢ ᠪᠤᠯᠪᠠ᠃ ᠡᠨᠡ ᠵᠢᠯ ᠤᠨ ᠲᠡᠭᠡᠳᠦ ᠬᠠᠭᠠᠰ ᠵᠢᠯ ᠳᠤ᠂ ᠮᠠᠨ ᠤ | ᠤᠯᠤᠰ ᠤᠨ ᠤᠯᠤᠰ ᠠᠷᠠᠳ ᠤᠨ ᠠᠵᠤ ᠠᠬᠤᠢ ᠦᠷᠭᠦᠯᠵᠢᠯᠡᠨ ᠰᠡᠷᠭᠦᠵᠦ᠂ ᠶᠡᠷᠦᠩᠬᠡᠢ ᠳᠡᠭᠡᠨ ᠰᠠᠶᠢᠵᠢᠷᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ | ᠰᠠᠶᠢᠨ ᠰᠠᠶᠢᠬᠠᠨ ᠰᠠᠭᠤᠷᠢ ᠲᠠᠯᠪᠢᠭᠰᠠᠨ ᠢᠶᠠᠷ ᠪᠠᠷᠠᠬᠤ ᠦᠭᠡᠢ᠂ ᠪᠠᠰᠠ ᠡᠬᠢᠯᠡᠯᠲᠡ ᠶᠢᠨ ᠵᠢᠯ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠲᠤᠰᠬᠠᠵᠠᠢ᠃ | ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠠᠪᠴᠤ ᠦᠵᠡᠪᠡᠯ᠂ ᠠᠳᠠᠯᠢ ᠬᠤᠭᠤᠴᠠᠭᠠᠨ ᠤ ᠬᠢ ᠠᠴᠠ ᠪᠠᠨ 5.5% ᠪᠠᠷ ᠨᠡᠮᠡᠭᠳᠡᠵᠦ᠂ ᠨᠢᠳᠤᠨᠤᠨ ᠤ ᠪᠥᠬᠦ | ᠵᠢᠯ ᠤᠨ 3% ᠶᠢᠨ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠣᠯᠤᠭᠰᠠᠨ ᠪᠥᠭᠡᠳ ᠪᠠᠰᠠ ᠬᠢᠵᠢᠭ ᠲᠡᠯᠭᠡᠷᠡᠭᠰᠡᠨ ᠭᠤᠷᠪᠠᠨ ᠵᠢᠯ ᠤᠨ ᠵᠢᠯ ᠳᠤᠮᠳᠠᠴᠢ | ᠶᠢᠨ 4.5% ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠣ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠬᠦᠴᠦᠷᠬᠡᠭ ᠶᠡᠭᠡ ᠤᠶᠠᠨ | ᠬᠠᠲᠠᠨ ᠴᠢᠨᠠᠷ ᠢ ᠢᠯᠡᠷᠡᠭᠦᠯᠪᠡ᠃ ᠬᠥᠭᠵᠢᠯᠲᠡ ᠶᠢᠨ ᠶᠠᠰᠤ ᠴᠢᠨᠠᠷ ᠠᠴᠠ ᠠᠪᠴᠤ ᠦᠵᠡᠪᠡᠯ᠂ ᠴᠠᠬᠢᠯᠭᠠᠨ ᠬᠥᠳᠡᠯᠭᠡᠭᠦᠷᠲᠦ ᠬᠥᠮᠦᠨ ᠰᠠᠭᠤᠯᠭᠠᠭᠰᠠᠨ ᠮᠠᠰᠢᠨ ᠲᠡᠷᠭᠡ᠂ | ᠯᠢᠲ᠋ᠢ ᠳ᠋ᠢᠶᠠᠨ ᡂᠢ᠂ ᠨᠡᠷᠡᠨ ᠤ ᠡᠨᠧᠷᠭᠢ ᠶᠢᠨ ᠳ᠋ᠢᠶᠠᠨ ᡂᠢ ᠪᠠᠷ ᠲᠥᠯᠥᠭᠡᠯᠡᠭᠦᠯᠦᠭᠰᠡᠨ ︽ᠰᠢᠨ᠎ᠡ ᠭᠤᠷᠪᠠᠨ ᠵᠠᠭᠪᠤᠷ︾ ᠤᠨ ᠦᠢᠯᠡᠳᠬᠦᠨ ᠤ ᠭᠠᠳᠠᠭᠠᠳᠤ | ᠭᠠᠷᠭᠠᠯᠲᠠ ᠶᠢᠨ ᠬᠤᠷᠳᠤᠴᠠ ᠲᠦᠷᠭᠡᠰᠴᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠦᠷᠳᠡᠭ 12.9% ᠪᠠᠷ ᠨᠡᠮᠡᠭᠳᠡᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠰᠦᠷ ᠳᠠᠯᠠᠶᠢᠴᠠᠲᠠᠢ ᠬᠥᠳᠡᠯᠭᠡᠬᠦ ᠡᠨᠧᠷᠭᠢ ᠶᠢ ᠭᠡᠷᠡᠴᠢᠯᠡᠪᠡ᠃ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠠᠴᠠ ᠠᠪᠴᠤ ᠦᠵᠡᠪᠡᠯ᠂ ᠪᠥᠬᠦ ᠤᠯᠤᠰ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠰᠢᠨ᠎ᠡ ᠪᠠᠷ | 1136.5 ᠲᠦᠮᠡᠨ ᠡᠷᠦᠬᠡ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠪᠥᠬᠦ ᠬᠥᠮᠦᠨ ᠤᠳᠠᠭ᠎ᠠ ᠠᠳᠠᠯᠢ ᠬᠤᠭᠤᠴᠠᠭᠠᠨ ᠤ ᠬᠢ ᠠᠴᠠ ᠪᠠᠨ 63. | 9 % ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 227588 ᠳ᠋ᠦᠩᠰᠢᠭᠤᠷ ᠲᠥᠭᠦᠷᠢᠭ ᠲᠤ ᠬᠦᠷᠴᠦ᠂ | ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠢᠯᠡᠷᠡᠭᠦᠯᠪᠡ᠃ ᠶᠠᠰᠤ ᠴᠢᠨᠠᠷ ᠪᠦᠲᠦᠮᠵᠢᠲᠡᠢ ᠳᠡᠭᠡᠭᠰᠢᠯᠡᠭᠰᠡᠨ | ᠪᠥᠭᠡᠳ ᠲᠤᠭ᠎ᠠ ᠬᠡᠮᠵᠢᠶ᠎ᠡ ᠵᠣᠬᠢᠰᠲᠠᠢ ᠨᠡᠮᠡᠭᠳᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ︽ᠲᠣᠭᠲᠠᠭᠤᠨ︾ ᠤ ᠰᠠᠭᠤᠷᠢ ᠨᠡᠩ ᠪᠠᠲᠤ ᠪᠠᠬᠢ᠂ ︽ᠤᠷᠤᠭᠰᠢᠯᠠᠨ | ᠲᠠᠪᠰᠢᠬᠤ︾ ᠬᠥᠳᠡᠯᠭᠡᠬᠦ ᠡᠨᠧᠷᠭᠢ ᠨᠡᠩ ᠴᠢᠩᠭ᠎ᠠ ᠡᠷᠴᠢᠮ ᠲᠠᠢ ᠪᠤᠯᠵᠦ᠂ ᠶᠡᠷᠦᠩᠬᠡᠢ ᠱᠦᠵᠢ ᠰᠢ ᠶᠢᠨ ᠫᠢᠩ ᠤᠨ᠄ ︽ᠮᠠᠨ ᠤ ᠤᠯᠤᠰ ᠤᠨ ᠠᠵᠤ ᠠᠬᠤᠢ ᠶᠢᠨ | ᠰᠡᠷᠭᠦᠯᠲᠡ ᠶᠢᠨ ᠬᠤᠷᠳᠤᠴᠠ ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ ᠴᠣᠭᠴᠠ ᠳᠤ ᠲᠦᠷᠦᠭᠦᠯᠡᠬᠦ ᠪᠠᠶᠢᠷᠢᠨ ᠳᠤ ᠣᠷᠣᠰᠢᠵᠤ᠂ ᠤᠷᠳᠤ | ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ ᠪᠠᠶᠢᠨ᠎ᠠ︾ ᠬᠡᠰᠡᠨ ᠮᠠᠭᠠᠳᠯᠠᠯᠲᠠ ᠶᠢ | ᠭᠦᠢᠴᠡᠳ ᠭᠡᠷᠡᠴᠢᠯᠡᠭᠰᠡᠨ ᠶᠤᠮ᠃ | ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠭᠠᠳᠠᠭᠠᠳᠤ ᠣᠷᠴᠢᠨ ᠳᠤ ᠬᠠᠨᠳᠤᠵᠤ᠂ ᠪᠦᠲᠦᠴᠡ ᠶᠢᠨ ᠴᠢᠨᠠᠷᠲᠠᠢ ᠠᠰᠠᠭᠤᠳᠠᠯ᠂ ᠦᠶᠡᠯᠡᠯ ᠤᠨ ᠴᠢᠨᠠᠷᠲᠠᠢ | ᠵᠥᠷᠢᠴᠡᠯ ᠰᠣᠯᠪᠢᠴᠠᠨ ᠳᠠᠪᠬᠤᠴᠠᠭᠰᠠᠨ ᠪᠠᠶᠢᠳᠠᠯ ᠳᠤ ᠬᠠᠨᠳᠤᠵᠤ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠲᠦᠭ ᠲᠦᠮᠡᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠬᠢᠵᠢᠭ ᠢ ᠰᠡᠷᠭᠡᠶᠢᠯᠡᠨ ᠬᠤᠷᠢᠬᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠲᠤᠮᠤ ᠣᠩᠭᠤᠴᠠ ᠶᠢ | ᠳᠠᠭᠠᠭᠤᠯᠤᠨ ᠰᠠᠯᠬᠢ ᠳᠠᠪᠠᠯᠭᠠᠨ ᠲᠤᠮᠳᠠᠭᠤᠷ ᠪᠠᠭᠠᠳᠤᠷᠯᠢᠭ ᠢᠶᠠᠷ ᠤᠷᠤᠭᠰᠢᠯᠠᠪᠠ — | ᠡᠨᠡ ᠪᠣᠯ ︽ᠴᠠᠭ︾ ᠪᠣᠯᠤᠨ ︽ᠬᠠᠨᠳᠤᠰᠢ︾ ᠶᠢᠨ ᠲᠤᠬᠠᠢ ᠭᠦᠨᠵᠡᠭᠡᠢ ᠠᠵᠢᠭᠯᠠᠯᠲᠠ ᠪᠣᠯᠤᠨ᠎ᠠ᠃ ︽ᠬᠦᠴᠢᠷ ᠪᠡᠷᠭᠡᠰᠢᠶᠡᠯ ᠦᠭᠡᠢ ᠴᠠᠭ ᠭᠡᠵᠦ ᠪᠠᠶᠢᠨ᠎ᠠ ᠤᠤ︖ | ᠬᠦᠴᠢᠷ ᠪᠡᠷᠭᠡᠰᠢᠶᠡᠯ ᠢ ᠨᠢᠭᠡᠳ ᠨᠢᠭᠡ ᠪᠠᠷ ᠲᠤᠭᠤᠯᠵᠤ᠂ ᠵᠢᠯ ᠵᠢᠯ ᠢᠶᠠᠷ ᠲᠤᠭᠤᠯᠤᠬᠰᠠᠨ ᠢᠶᠠᠷ ᠵᠢᠯ ᠲᠤᠳᠤᠮ ᠰᠠᠶᠢᠨ ᠪᠤᠯᠤᠬᠰᠠᠨ ᠶᠤᠮ᠂ ᠳᠤᠮᠳᠠᠳᠤ ᠶᠢᠨ | ᠦᠨᠳᠦᠰᠦᠲᠡᠨ 5000 ᠭᠠᠷᠤᠢ ᠵᠢᠯ ᠤᠨ ᠲᠤᠷᠰᠢ ᠴᠥᠮ ᠬᠦᠴᠢᠷ ᠪᠡᠷᠭᠡᠰᠢᠶᠡᠯ ᠢ ᠲᠤᠭᠤᠯᠤᠬᠰᠠᠭᠠᠷ ᠢᠷᠡᠵᠡᠢ᠃ ᠳᠠᠪᠠᠭ᠎ᠠ ᠲᠠᠪᠠᠵᠤ ᠬᠦᠴᠢᠷ ᠢ ᠲᠤᠭᠤᠯᠬᠤ ᠳᠤ | ᠢᠲᠡᠭᠡᠯ ᠵᠣᠷᠢᠭ ᠢᠶᠠᠨ ᠬᠥᠪᠴᠢᠯᠡᠬᠦ ᠨᠢ ᠵᠠᠩᠭᠢᠯᠠᠭ᠎ᠠ ᠪᠣᠯᠤᠨ᠎ᠠ︾᠃ ᠨᠢᠳᠤᠨᠤᠨ ᠵᠢᠯ ᠤᠨ ᠰᠡᠭᠦᠯᠴᠢ ᠪᠠᠷ ᠬᠤᠷᠠᠯᠳᠤᠬᠰᠠᠨ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠥᠨᠳᠥᠷ ᠲᠤ ᠵᠣᠭᠰᠣᠨ ᠠᠯᠤᠰ ᠢ ᠪᠠᠷᠠᠯᠠᠵᠤ᠄ ︽ᠢᠷᠡᠬᠦ ᠵᠢᠯ ᠤᠨ ᠠᠵᠤ ᠠᠬᠤᠢ ᠶᠢᠨ ᠠᠵᠢᠯ ᠮᠠᠰᠢ ᠤᠯᠠᠨ | ᠪᠠᠶᠢᠨ᠎ᠠ᠂ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠠᠴᠠ ᠡᠭᠦᠰᠴᠦ᠂ ᠭᠤᠣᠯ ᠵᠥᠷᠢᠴᠡᠯ ᠢ ᠠᠳᠬᠤᠵᠤ᠂ ᠨᠡᠶᠢᠭᠡᠮ ᠤᠨ ᠰᠡᠳᠬᠢᠴᠡ ᠶᠢᠨ ᠵᠢᠱᠢᠯᠲᠡ ᠶᠢ | ᠰᠠᠶᠢᠵᠢᠷᠠᠭᠤᠯᠬᠤ᠂ ᠬᠥᠭᠵᠢᠯᠲᠡ ᠶᠢᠨ ᠢᠲᠡᠭᠡᠯ ᠢ ᠬᠥᠭᠵᠢᠭᠡᠬᠦ ᠠᠴᠠ ᠭᠠᠷᠳᠠᠵᠤ᠂ ᠴᠢᠬᠤᠯᠠ ᠶᠡᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠥᠲᠥᠯᠪᠦᠷᠢ ᠶᠢ | ᠠᠳᠬᠤᠪᠠᠯ ᠠᠯᠢᠪᠠ ᠪᠦᠬᠦᠨ ᠰᠢᠢᠳᠪᠦᠷᠢᠯᠡᠭᠳᠡᠬᠦ ᠪᠣᠯᠤᠨ᠎ᠠ︾ ᠭᠡᠵᠦ ᠬᠡᠯᠡᠪᠡ᠃ ᠬᠢᠵᠢᠭ ᠢ ᠰᠡᠷᠭᠡᠶᠢᠯᠡᠨ ᠬᠤᠷᠢᠬᠯᠠᠬᠤ ᠴᠢᠬᠤᠯᠠ ᠶᠡᠭᠡ ᠰᠢᠢᠳᠪᠦᠷᠢᠲᠦ ᠴᠢᠨᠠᠷᠲᠠᠢ | ᠢᠯᠠᠯᠲᠠ ᠶᠢ ᠣᠯᠤᠭᠰᠠᠨ ᠠᠴᠠ ᠠᠪᠤᠭᠠᠳ ᠬᠡᠷᠡᠭᠴᠡᠭᠡ ᠪᠠᠭᠠᠰᠴᠤ ᠬᠠᠩᠭᠠᠯᠭ᠎ᠠ ᠲᠠᠭᠠᠷᠢᠯᠳᠠ ᠳᠤ ᠤᠴᠠᠷᠠᠨ ᠵᠢᠱᠢᠯᠲᠡ ᠪᠠᠭᠤᠷᠠᠢ ᠪᠣᠯᠤᠭᠰᠠᠨ ᠭᠤᠷᠪᠠᠨ ᠳᠠᠪᠬᠤᠷ | ᠳᠠᠷᠤᠯᠲᠠ ᠶᠢ ᠨᠠᠮᠳᠠᠭᠤᠯᠬᠤ ᠶᠢ ᠠᠬᠢᠭᠤᠯᠬᠤ ᠬᠦᠷᠲᠡᠯ᠎ᠡ᠂ ᠲᠠᠬᠢᠭᠠᠳ ᠡᠵᠡᠩᠨᠡᠯᠲᠡ ᠶᠢᠨ ᠪᠡᠶᠡᠴᠢ ᠴᠣᠭᠴᠠ ᠶᠢᠨ ᠢᠲᠡᠭᠡᠯ ᠵᠣᠷᠢᠭ ᠢ ᠦᠷᠭᠦᠯᠵᠢᠯᠡᠨ ᠬᠦᠪᠴᠢᠯᠡᠭᠦ | ᠬᠦᠷᠲᠡᠯ᠎ᠡ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠲᠤᠯᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠳᠤᠳᠬᠠᠨ᠂ ︽ᠵᠢᠯ ᠤᠨ ᠡᠬᠢ | ᠠᠴᠠ ᠡᠷᠴᠢᠮᠲᠡᠢ ᠠᠳᠬᠤᠵᠤ᠂ ᠡᠬᠢᠨ ᠤ ᠠᠯᠬᠤᠮ ᠠᠴᠠ ᠰᠢᠪᠳᠤᠯᠤᠯᠳᠠ ᠬᠢᠭᠦ︾ ᠳᠦᠷᠰᠦ ᠪᠠᠶᠢᠳᠠᠯ ᠢᠶᠠᠷ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠶᠢᠨ | ᠲᠣᠭᠲᠠᠭᠤᠨ ᠢᠶᠠᠷ ᠳᠡᠭᠡᠭᠰᠢᠯᠡᠬᠦ ᠢᠳᠡᠪᠬᠢ ᠬᠦᠴᠦᠨ ᠵᠦᠢᠯ ᠢ ᠲᠠᠰᠤᠷᠠᠯᠳᠠ ᠦᠭᠡᠢ ᠲᠥᠪᠯᠡᠷᠡᠭᠦᠯᠦᠭᠰᠡᠨ ᠳᠤ ᠪᠠᠶᠢᠭ᠎ᠠ ᠶᠤᠮ᠃ | ᠡᠨᠡ ᠪᠣᠯ ︽ᠬᠢᠮᠤᠷᠠᠯ︾ ᠪᠣᠯᠤᠨ ︽ᠲᠣᠬᠢᠶᠠᠯ︾ ᠢ ᠰᠢᠨᠵᠢᠯᠡᠬᠦ ᠤᠬᠠᠭᠠᠨᠴᠢ ᠪᠠᠷ ᠡᠵᠡᠮᠳᠡᠭᠰᠡᠨ ᠶᠠᠪᠤᠳᠠᠯ ᠮᠥᠨ᠃ ︽ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ | ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ︾᠃ ᠡᠨᠡ ᠵᠢᠯ ᠤᠨ ᠪᠦᠬᠦ ᠤᠯᠤᠰ ᠤᠨ | ᠬᠤᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ | ︽ᠲᠦᠷᠪᠡᠨ ᠡᠷᠬᠡᠪᠰᠢ︾ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ︽ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠨᠢ ᠪᠤᠳᠠᠳᠤ ᠴᠤᠬᠴᠠ ᠶᠢᠨ ᠠᠵᠤ ᠠᠬᠤᠢ ᠠᠴᠠ ᠰᠠᠯᠤᠩᠭᠢᠷᠠᠵᠤ ᠬᠡᠶᠢᠰᠪᠦᠷᠢ ᠠᠵᠤ ᠠᠬᠤᠢ ᠶᠢᠨ ᠵᠠᠮ ᠢᠶᠠᠷ ᠵᠠᠮᠨᠠᠵᠤ ᠪᠣᠯᠬᠤ ᠦᠭᠡᠢ᠂ | ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ | ᠬᠡᠷᠡᠭᠲᠡᠢ︾ ᠭᠡᠵᠦ ᠵᠢᠭᠠᠨ ᠭᠠᠷᠭᠠᠵᠤ᠂ ᠡᠾᠧᠪᠧᠢ ᠳᠤ ᠰᠢᠨᠵᠢᠯᠡᠨ ᠪᠠᠶᠢᠴᠠᠭᠠᠬᠤ ᠳᠠᠭᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ | ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠮᠦᠨ︾ ᠭᠡᠵᠦ ᠲᠤᠷᠠᠳᠴᠤ᠂ ᠰᠧᠴᠤᠧᠠᠨ ᠳᠤ ᠰᠢᠨᠵᠢᠯᠡᠨ | ᠪᠠᠶᠢᠴᠠᠭᠠᠬᠤ ᠳᠠᠭᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠪᠤᠯ ᠴᠠᠭ ᠤᠨ ᠪᠠᠶᠢᠳᠠᠯ ᠤᠨ ᠬᠠᠨᠳᠤᠰᠢ ᠪᠤᠯᠬᠤ ᠪᠦᠭᠡᠳ ᠪᠠᠰᠠ ᠴᠤ ᠴᠢᠨᠠᠷ | ᠰᠠᠶᠢᠲᠠᠶ ᠬᠥᠭᠵᠢᠯᠲᠡ ᠶᠢᠨ ᠲᠤᠯᠭᠠᠮ ᠱᠠᠭᠠᠷᠳᠠᠯᠭ᠎ᠠ ᠮᠥᠨ᠂ ᠡᠷᠬᠡᠪᠰᠢ ᠰᠢᠨ᠎ᠡ ᠶᠢ ᠡᠭᠦᠳᠬᠦ ᠣᠨᠴᠠᠭᠠᠶᠢᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠳᠤ ᠲᠦᠰᠢᠭᠯᠡᠨ ᠬᠥᠳᠡᠯᠭᠡᠬᠦ ᠬᠦᠴᠦᠨ ᠤ ᠬᠤᠪᠢᠰᠤᠯᠲᠠ ᠪᠣᠯᠤᠨ ᠬᠥᠳᠡᠯᠭᠡᠬᠦ ᠬᠦᠴᠦᠨ ᠤ ᠰᠣᠯᠢᠭᠳᠠᠯ ᠢ ᠪᠡᠶᠡᠯᠡᠭᠦᠯᠬᠦ ᠬᠡᠷᠡᠭᠲᠡᠢ︾ ᠭᠡᠵᠦ ᠲᠤᠷᠠᠳᠪᠠ᠁ | ᠤᠳᠠᠭ᠎ᠠ ᠳᠠᠷᠠᠭᠠᠯᠠᠨ ᠰᠤᠳᠠᠯ ᠪᠠᠷᠢᠵᠤ ᠴᠢᠭᠯᠡᠯ ᠢ ᠲᠤᠬᠳᠠᠭᠠᠬᠰᠠᠨ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ᠂ ᠭᠦᠨ ᠭᠦᠨᠵᠡᠭᠡᠶ ᠨᠠᠷᠢᠨ ᠲᠣᠳᠣᠷᠬᠠᠶ ᠴᠢᠬᠤᠯᠠ | ᠶᠡᠭᠡ ᠨᠤᠲᠠᠯᠠᠯᠲᠠ ᠨᠤᠭᠤᠳ ᠨᠢ ᠪᠢᠳᠡᠨ ᠢ ᠬᠦᠲᠦᠯᠦᠨ ᠵᠢᠯᠤᠭᠤᠳᠴᠤ ᠬᠥᠭᠵᠢᠯᠲᠡ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠶᠢ ᠲᠠᠰᠤᠷᠠᠯᠲᠠ ᠦᠭᠡᠢ | ᠬᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠪᠠ᠃ | ᠡᠨᠡ ᠪᠣᠯ ︽ᠲᠣᠭᠲᠠᠭᠤᠨ ᠪᠠᠶᠢᠯᠭᠠᠬᠤ︾ ᠪᠠ ︽ᠤᠷᠤᠭᠰᠢᠯᠠᠬᠤ︾ ᠶᠢᠨ ᠲᠤᠬᠠᠢ ᠣᠨᠣᠪᠴᠢᠲᠠᠢ ᠵᠢᠯᠤᠭᠤᠳᠤᠯᠭ᠎ᠠ ᠮᠥᠨ᠃ ︽ᠠᠮᠤ ᠪᠤᠳᠠᠭᠠᠨ ᠤ ᠠᠮᠤᠷ ᠲᠦᠪᠰᠢᠨ ᠪᠣᠯ ︿ | ᠤᠯᠤᠰ ᠤᠨ ᠲᠤᠮᠤ ᠶᠠᠪᠤᠳᠠᠯ﹀᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ︾᠂ ᠲᠦᠷᠦᠭᠦᠬᠡᠨ ᠲᠥᠪ ᠤᠨ ᠡᠳ᠋ ᠤᠨ | ᠵᠠᠰᠠᠭ ᠠᠵᠤ ᠠᠬᠤᠢ ᠶᠢᠨ ᠵᠥᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠮᠤ ᠪᠤᠳᠠᠭᠠᠨ ᠤ | ᠠᠮᠤᠷ ᠲᠦᠪᠰᠢᠨ ᠤ ᠠᠰᠠᠭᠤᠳᠠᠯ ᠢ ᠳᠠᠬᠢᠨᠲᠠ ᠴᠢᠬᠤᠯᠠᠴᠢᠯᠠᠪᠠ᠃ ᠪᠡᠯᠡᠳᠬᠡᠯ ᠲᠠᠢ ᠪᠣᠯ ᠪᠠᠯᠢᠳᠠᠬᠤ ᠦᠭᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠬᠤ ᠲᠤᠬᠠᠢ ᠶᠡᠷᠦᠩᠬᠡᠢ ᠱᠦᠵᠢ | ᠴᠠᠭ ᠢᠮᠠᠭᠲᠠ ᠰᠠᠨᠠᠭᠠᠰᠢᠷᠠᠵᠤ ᠪᠠᠶᠢᠯ᠎ᠠ᠃ ︽ᠡᠯ᠎ᠡ ᠬᠦᠷᠢᠶ᠎ᠡ ᠡᠯ᠎ᠡ ᠲᠠᠯ᠎ᠠ ᠶᠢᠨ ᠠᠶᠤᠯ ᠲᠦᠭᠰᠢᠭᠦᠷᠢ ᠬᠡᠮ ᠰᠣᠭᠤᠭ ᠤᠨ ᠲᠤᠬᠠᠢ ᠪᠢᠳᠡ ᠤᠶᠤᠨ ᠲᠠᠷᠢᠬᠢᠨ ᠳᠠᠭᠠᠨ | ᠪᠦᠬᠦ ᠲᠠᠯ᠎ᠠ ᠶᠢᠨ ᠵᠢᠷᠤᠭ ᠲᠥᠰᠦᠪ ᠲᠠᠢ ᠪᠠᠶᠢᠵᠤ᠂ ᠦᠷᠭᠦᠯᠵᠢ ᠵᠠᠳᠠᠯᠵᠤ ᠰᠤᠳᠤᠯᠤᠨ ᠮᠠᠭᠠᠳᠯᠠᠵᠤ᠂ ᠳᠠᠯᠳᠠ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ | ᠤᠷᠢᠳᠴᠢᠯᠠᠨ ᠮᠠᠭᠠᠳᠯᠠᠬᠤ ᠬᠡᠷᠡᠭᠲᠡᠶ︾᠂ ᠡᠨᠡ ᠪᠣᠯ ︽ᠵᠢᠯ ᠤᠨ ᠡᠬᠢᠨ ᠤ ᠠᠩᠬᠠᠨ ᠤ ᠬᠢᠴᠢᠶᠡᠯ︾ ᠳᠡᠭᠡᠷᠡᠬᠢ ᠴᠢᠩ ᠰᠡᠳᠬᠢᠯ ᠤᠨ ᠰᠡᠷᠡᠮᠵᠢᠯᠡᠭᠦᠯᠦᠯ ᠪᠣᠯᠤᠨ᠎ᠠ︔ | ︽ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠲᠣᠭᠤᠷᠢᠨ ᠳᠤ ᠭᠠᠷᠤᠭᠰᠠᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ᠂ ᠡᠷᠬᠡᠪᠰᠢ | ᠯᠠᠪᠳᠠᠭᠤᠨ ᠪᠣᠯᠭᠤᠮᠵᠢᠲᠠᠢ᠂ ᠲᠣᠭᠲᠠᠯ ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠦ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ | ᠪᠦᠯᠬᠦᠮᠳᠡᠨ ᠨᠢᠭᠡᠳᠴᠦ᠂ ᠵᠣᠷᠢᠭᠲᠠᠢ ᠲᠡᠮᠡᠴᠡᠬᠦ ᠬᠡᠷᠡᠭᠲᠡᠢ︾᠂ ᠡᠨᠡ ᠪᠣᠯ ᠬᠤᠪᠢᠷᠠᠯᠲᠠ ᠶᠢ ᠠᠷᠭᠠᠴᠠᠵᠤ᠂ ᠰᠢᠨ᠎ᠡ ᠪᠠᠶᠢᠳᠠᠯ ᠢ ᠡᠭᠦᠳᠬᠦ ᠪᠠᠶᠢᠯᠳᠤᠬᠤ ᠪᠤᠳᠤᠯᠭ᠎ᠠ ᠶᠢᠨ | ᠰᠡᠷᠭᠡᠭ ᠰᠡᠷᠡᠮᠵᠢ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠳᠠᠭᠠᠭᠤᠯᠭ᠎ᠠ ᠳᠤᠤᠷ᠎ᠠ᠂ ᠪᠢᠳᠡ ᠰᠠᠭᠤᠷᠢ ᠶᠢ ᠪᠠᠲᠤ ᠰᠠᠬᠢᠬᠤ᠂ ᠪᠠᠶᠢᠳᠠᠯ ᠢ ᠲᠣᠭᠲᠠᠪᠤᠷᠢᠵᠢᠭᠤᠯᠬᠤ | ᠰᠠᠭᠤᠷᠢᠨ ᠳᠡᠭᠡᠷ᠎ᠡ ᠢᠳᠡᠪᠬᠢᠲᠡᠶ ᠤᠷᠤᠭᠰᠢᠯᠠᠨ ᠳᠡᠪᠰᠢᠵᠦ᠂ ᠪᠡᠯᠡᠳᠬᠡᠯ ᠠᠵᠢᠯ ᠢ ᠰᠠᠶᠢᠲᠤᠷ ᠬᠢᠵᠦ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨ᠎ᠡ | ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ | ᠲᠤᠬᠰᠢᠠ ᠰᠢᠷᠦᠭᠦᠨ ᠰᠠᠯᠭᠢ ᠳᠠᠪᠠᠯᠭᠠᠨ ᠢ ᠠᠵᠢᠭ ᠤᠢᠭᠡᠢ ᠲᠤᠭᠤᠯᠵᠦ᠂ ᠰᠠᠯᠬᠢ ᠪᠣᠷᠣᠭᠠᠨ ᠳᠤ ᠰᠠᠭᠠᠲᠠᠯ ᠤᠢᠭᠡᠢ ᠤᠷᠤᠭᠰᠢᠯᠠᠨ᠎ᠠ᠃ ᠰᠢᠨ᠎ᠡ ᠴᠠᠭ | ᠦᠶ᠎ᠡ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠢ ᠶᠡᠷᠦ ᠨᠢ ᠥᠷᠢᠰᠥᠯᠳᠦᠭᠡᠨ ᠢ ᠢᠯᠠᠨ ᠳᠠᠪᠠᠭ᠋ᠤ ᠳᠤᠮᠳᠠ ᠬᠥᠭᠵᠢᠵᠦ᠂ ᠬᠦᠴᠢᠷ ᠪᠡᠷᠬᠡᠰᠢᠶᠡᠯ ᠢ ᠢᠯᠠᠨ | ᠳᠠᠪᠠᠭ᠋ᠤ ᠳᠤᠮᠳᠠ ᠦᠰᠦᠨ ᠪᠤᠶᠢᠵᠢᠵᠤ᠂ ᠰᠢᠯᠭᠠᠯᠲᠠ ᠶᠢ ᠲᠤᠭᠤᠯᠬᠤ ᠳᠤᠮᠳᠠ ᠪᠤᠵᠠᠭᠠᠶᠢᠷᠠᠵᠤ ᠴᠢᠳᠠᠭᠰᠠᠨ ᠤ ᠬᠠᠮᠤᠭ ᠤᠨ ᠦᠨᠳᠦᠰᠦᠨ ᠵᠦᠢᠯ ᠨᠢ ᠶᠡᠷᠦᠩᠬᠡᠢ ᠱᠦᠵᠢ | ᠰᠢ ᠶᠢᠨ ᠫᠢᠩ ᠤᠨ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠲᠠᠢ ᠪᠠᠶᠢᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠢᠴᠡᠳ ᠢᠯᠡᠷᠡᠭᠦᠯᠦᠭᠰᠡᠨ ᠳᠤ ᠪᠠᠶᠢᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠡ ᠨᠠᠮ ᠤᠨ ᠲᠤᠭ ᠤᠨ ᠳᠣᠣᠷ᠎ᠠ ︽ᠪᠠᠲᠤ ᠪᠠᠬᠢ ᠪᠤᠯᠤᠳ ᠲᠡᠮᠦᠷ︾ ᠪᠣᠯᠤᠨ | ᠪᠦᠯᠬᠦᠮᠳᠡᠵᠦ᠂ ᠳᠤᠤᠭᠠᠷᠪᠠᠯ ᠳᠠᠭᠤᠨ ᠨᠢᠭᠡᠲᠡᠢ᠂ ᠳᠤᠭᠲᠤᠷᠪᠠᠯ ᠬᠦᠴᠦᠨ ᠨᠢᠭᠡᠲᠡᠢ ᠪᠠᠶᠢᠳᠠᠭ ᠯᠠ ᠶᠤᠮ ᠪᠣᠯ᠂ ᠳᠤᠮᠳᠠᠳᠤ ᠤᠯᠤᠰ ᠤᠨ ᠠᠵᠤ ᠠᠬᠤᠢ ᠯᠠᠪᠲᠠᠢ ︽ᠡᠩᠬᠦᠯ | ᠳᠤᠩᠬᠤᠯ ᠵᠠᠮ ᠢ ᠰᠠᠷᠠᠭᠤᠯ ᠲᠡᠷᠳᠠᠩ ᠵᠠᠮ ᠪᠤᠯᠭᠠᠵᠤ︾᠂ ︽ᠬᠦᠴᠦᠨ ᠢᠶᠠᠨ ᠬᠤᠷᠠᠮᠳᠤᠭᠤᠯᠤᠨ ᠵᠣᠷᠢᠭᠲᠠᠢ ᠤᠷᠤᠭᠰᠢᠯᠠᠵᠤ ᠴᠢᠳᠠᠨ᠎ᠠ︾᠃ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠵᠠᠩᠭᠢᠯᠠᠭ᠎ᠠ ᠶᠢᠨ ᠵᠢᠯ ᠮᠥᠨ᠃ | ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ | ᠰᠠᠶᠢᠵᠢᠷᠠᠯᠲᠠ ᠶᠢ ᠠᠬᠢᠭᠤᠯᠬᠤ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠰᠠᠶᠢᠳᠤᠷ ᠡᠬᠢᠯᠡᠭᠦᠯᠭᠦ ᠳᠤ | ᠲᠦᠢᠯ ᠤᠨ ᠴᠢᠬᠤᠯᠠ ᠶᠤᠮ᠃ ᠮᠠᠨ ᠤ ᠤᠯᠤᠰ ᠤᠨ ᠠᠵᠤ ᠠᠬᠤᠢ ᠯᠤᠲᠤ ᠶᠡᠭᠡ ᠬᠥᠭᠵᠢᠯᠲᠡ ᠶᠢᠨ ᠤᠶᠠᠨ ᠬᠠᠳᠠᠨ ᠴᠢᠨᠠᠷ ᠪᠠ ᠳᠠᠯᠳᠠ ᠬᠦᠴᠦᠨ ᠲᠠᠢ᠂ ᠤᠷᠳᠤ | ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠡᠨᠡ ᠪᠣᠯ ᠮᠠᠨ ᠤ ᠢᠲᠡᠭᠡᠯ ᠵᠣᠷᠢᠭ ᠪᠠ ᠢᠳᠡ ᠬᠦᠴᠦᠨ ᠪᠣᠯᠤᠨ᠎ᠠ᠃ ᠬᠢᠵᠢᠭ ᠢ | ᠰᠡᠷᠭᠡᠶᠢᠯᠡᠨ ᠬᠤᠷᠢᠬᠯᠠᠬᠤ ᠠᠵᠢᠯ ᠲᠣᠭᠲᠠᠭᠤᠨ ᠢᠶᠠᠷ ᠱᠠᠳᠤ ᠰᠢᠯᠵᠢᠭᠰᠡᠨ ᠤ ᠳᠠᠷᠠᠭ᠎ᠠ᠂ ᠠᠵᠤ ᠠᠬᠤᠢ ᠶᠢᠨ ᠰᠡᠷᠭᠦᠯᠲᠡ ᠪᠣᠯ ᠳᠠᠪᠠᠯᠭᠠᠨ ᠮᠠᠶ᠋ᠢᠭ ᠢᠶᠠᠷ ᠬᠦᠭᠵᠢᠭᠦ᠂ | ᠮᠤᠷᠤᠢ ᠰᠠᠷᠤᠢ ᠤᠷᠤᠭᠰᠢᠯᠠᠬᠤ ᠶᠠᠪᠤᠴᠠ ᠪᠣᠯᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠣᠳᠣᠬᠠᠨ ᠳᠤ ᠤᠯᠤᠰ ᠤᠨ ᠳᠣᠲᠣᠭᠠᠳᠤ ᠶᠢᠨ ᠬᠡᠷᠡᠭᠴᠡᠭᠡ | ᠬᠦᠷᠦᠯᠴᠡᠬᠦ ᠦᠭᠡᠢ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯᠲᠡᠢ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠨᠡᠯᠢᠶᠡᠳ | ᠤᠯᠠᠨ᠂ ᠭᠠᠳᠠᠭᠠᠳᠤ ᠣᠷᠴᠢᠨ ᠲᠣᠭᠤᠷᠢᠨ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠵᠤ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠰᠢᠨ᠎ᠡ ᠬᠦᠴᠢᠷᠳᠡᠯ | ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠡᠭᠦᠷᠭᠡ ᠬᠡᠳᠦᠢ ᠬᠠᠲᠠᠭᠤ ᠪᠡᠷᠬᠡ᠂ ᠥᠷᠢᠰᠥᠯᠳᠦᠭᠡᠨ ᠬᠡᠳᠦᠢ ᠬᠦᠨᠳᠦ ᠬᠡᠴᠡᠭᠦᠦ ᠪᠣᠯᠬᠤ ᠲᠤᠳᠤᠮ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠤᠯᠠᠮ ᠪᠠᠷᠢᠮᠲᠠᠯᠠᠵᠤ᠂ | ᠪᠠᠶᠢᠯᠳᠤᠬᠤ ᠪᠤᠳᠤᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠯᠠᠵᠤ᠂ ᠲᠦᠷᠦᠭᠦᠦ ᠬᠠᠭᠠᠰ ᠵᠢᠯ ᠤᠨ ᠰᠠᠶᠢᠵᠢᠷᠠᠯᠲᠠ ᠲᠠᠢ | ᠪᠣᠯᠤᠭᠰᠠᠨ ᠰᠠᠶᠢᠨ ᠰᠠᠶᠢᠬᠠᠨ ᠬᠠᠨᠳᠤᠰᠢ ᠶᠢ ᠪᠠᠳᠤᠳᠬᠠᠵᠤ᠂ ᠠᠵᠤ ᠠᠬᠤᠢ ᠶᠢᠨ ᠡᠷᠭᠢᠯᠲᠡ ᠦᠷᠭᠦᠯᠵᠢᠯᠡᠨ ᠰᠠᠶᠢᠵᠢᠷᠠᠬᠤ᠂ ᠳᠣᠲᠣᠭᠠᠳᠤ ᠬᠥᠳᠡᠯᠭᠡᠬᠦ ᠬᠦᠴᠦᠨ | ᠦᠷᠭᠦᠯᠵᠢᠯᠡᠨ ᠴᠢᠩᠭᠠᠷᠠᠬᠤ᠂ ᠨᠡᠶᠢᠭᠡᠮ ᠤᠨ ᠵᠢᠱᠢᠯᠲᠡ ᠦᠷᠭᠦᠯᠵᠢᠯᠡᠨ ᠰᠠᠶᠢᠵᠢᠷᠠᠬᠤ᠂ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ ᠠᠷᠢᠯᠭᠠᠬᠤ ᠶᠢ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠶᠡᠭᠡ ᠶᠣᠰᠣ ᠲᠤᠪᠴᠢᠬᠠᠨ ᠪᠠᠶᠢᠵᠤ ᠪᠣᠳᠠᠲᠠᠢ ᠠᠵᠢᠯᠯᠠᠬᠤ ᠨᠢ ᠲᠦᠢᠯ ᠤᠨ ᠴᠢᠬᠤᠯᠠ ᠶᠤᠮ᠃ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ | ᠵᠠᠩᠭᠢᠯᠠᠭ᠎ᠠ ᠨᠢ ᠠᠵᠢᠯᠯᠠᠬᠤ ᠳᠤ ᠪᠤᠢ᠂ ᠵᠠᠩᠭᠢᠯᠠᠭ᠎ᠠ ᠨᠢ ᠪᠣᠳᠠᠲᠠᠢ ᠠᠵᠢᠯᠯᠠᠬᠤ ᠳᠤ ᠪᠤᠢ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ | ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ | ᠪᠤᠳᠤᠯᠭ᠎ᠠ ᠶᠢᠨ ᠡᠭᠦᠷᠭᠡ ᠶᠢᠨ ᠲᠣᠭᠤᠷᠢᠨ ᠳᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ ᠡᠯ᠎ᠡ ᠵᠦᠢᠯ ᠤᠨ ᠠᠵᠢᠯ ᠢ ᠰᠠᠶᠢᠲᠤᠷ | ᠠᠳᠬᠤᠵᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠭ᠋ᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠤᠭᠤᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠲᠡᠮᠡᠴᠡᠪᠡᠯ᠂ ᠪᠢᠳᠡ ᠯᠠᠪᠲᠠᠢ ᠰᠢᠨ᠎ᠡ ᠠᠶᠠᠨ ᠢᠶᠠᠨ | ᠰᠠᠶᠢᠳᠤᠷ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠴᠢᠳᠠᠨ᠎ᠠ᠃ | | |