ᠰᠣᠯᠢᠯᠴᠠᠭ᠎ᠠ ᠮᠥᠷᠲᠡᠭᠡᠨ ᠨᠡᠩ ᠴᠤ ᠬᠠᠮᠲᠤ ᠶᠢᠨ ᠳᠠᠪᠰᠢᠯᠲᠠ | ᠣᠶᠢᠯᠠᠭᠠᠭᠰᠠᠨ ᠢᠶᠠᠷ᠂ ᠡᠨᠡ ᠤᠳᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠤᠷᠠᠯᠢᠭ ᠤᠨ ᠶᠡᠷᠦᠩᠬᠡᠢ ᠬᠢᠨᠠᠭᠴᠢ᠂ ᠲᠥᠪ ᠤᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠠᠬᠢᠷᠤᠯ᠂ | ᠸᠢᠤᠯᠤᠨ᠋ᠴᠧᠯ ᠤᠨ ᠠᠯᠳᠠᠷᠲᠤ ᠰᠤᠷᠭᠠᠨ ᠬᠥᠮᠥᠵᠢᠭᠦᠯᠦᠭᠴᠢ᠂ ᠬᠥᠭᠵᠢᠮᠴᠢᠨ ᠨᠠᠮᠤᠯᠠ ᠠᠴᠠ ᠤᠷᠠᠯᠢᠭ ᠤᠨ ᠶᠡᠷᠦᠩᠬᠡᠢ ᠬᠢᠨᠠᠭᠴᠢ ᠪᠠᠷ ᠠᠵᠢᠯᠯᠠᠭᠰᠠᠨ ᠪᠥᠭᠡᠳ ᠲᠡᠷᠡ | ᠪᠡᠭᠡᠵᠢᠩ᠂ ᠰᠢᠶᠠᠩᠭᠠᠩ᠂ ᠣᠣᠮᠧᠨ ᠭᠤᠷᠪᠠᠨ ᠭᠠᠵᠠᠷ ᠤᠨ ᠳᠠᠭᠤᠤ ᠬᠥᠭᠵᠢᠮ ᠳᠤ ᠪᠠᠭ᠋ᠠᠲᠠᠢ 40 ᠭᠠᠷᠤᠢ ᠵᠠᠯᠠᠭᠤᠴᠤᠳ ᠪᠠᠭᠠᠴᠤᠳ ᠢ ᠳᠠᠭᠠᠭᠤᠯᠤᠨ ᠬᠥᠯᠥᠨ | ᠪᠤᠶᠢᠷ ᠲᠤ ᠠᠶᠢᠯᠴᠢᠯᠠᠨ ᠢᠷᠡᠵᠦ᠂ 5 ᠡᠳᠦᠷ ᠤᠨ ᠴᠠᠭ ᠢ ᠠᠰᠢᠭᠯᠠᠨ ᠰᠤᠷᠤᠯᠴᠠᠯᠭ᠎ᠠ᠂ ᠣᠶᠢᠯᠠᠭᠠᠯᠲᠠ ᠪᠠ ᠰᠣᠯᠢᠯᠴᠠᠭ᠎ᠠ ᠥᠷᠨᠢᠭᠦᠯᠦᠭᠰᠡᠨ ᠪᠠᠶᠢᠨ᠎ᠠ᠃ | ᠡᠨᠡ ᠤᠳᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ ︽ᠬᠠᠮᠤᠭ ᠤᠨ ᠰᠠᠶᠢᠬᠠᠨ ᠲᠠᠯ᠎ᠠ ᠨᠤᠲᠤᠭ ᠤᠨ ᠭᠤᠶᠤ ᠳᠠᠭᠤᠤ ᠶᠢᠨ ᠴᠤᠤᠷᠢᠶ᠎ᠠ︾ ᠭᠡᠬᠦ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠯᠠᠭᠤᠴᠤᠳ ᠪᠠᠭᠠᠴᠤᠳ ᠤᠨ ᠳᠠᠭᠤᠤ ᠶᠢᠨ ᠤᠷᠤᠯᠳᠤᠭᠠᠨ ᠵᠢᠴᠢ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠪᠠᠶᠠᠨᠴᠠᠭᠠᠨ ᠰᠤᠮᠤᠨ ᠤ ᠲᠠᠪᠤᠳᠤᠭᠠᠷ ᠬᠤᠭᠤᠴᠠᠭᠠᠨ ᠤ ᠤᠤᠭᠠᠯ ᠡᠭᠦᠳᠦᠯᠲᠡ ᠶᠢᠨ ᠳᠠᠭᠤᠤ ᠬᠥᠭᠵᠢᠮ ᠤᠨ ᠦᠳᠡᠰᠢᠯᠡᠭᠡ | ᠲᠠᠢ ᠤᠶᠠᠯᠳᠤᠭᠤᠯᠤᠨ ᠶᠠᠪᠤᠭᠳᠠᠭᠰᠠᠨ ᠶᠤᠮ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ︽ᠬᠠᠮᠤᠭ ᠤᠨ ᠰᠠᠶᠢᠬᠠᠨ ᠲᠠᠯ᠎ᠠ ᠨᠤᠲᠤᠭ ᠤᠨ | ᠭᠤᠶᠤ ᠳᠠᠭᠤᠤ ᠶᠢᠨ ᠴᠤᠤᠷᠢᠶ᠎ᠠ︾ ᠭᠡᠬᠦ ᠵᠠᠯᠠᠭᠤᠴᠤᠳ ᠪᠠᠭᠠᠴᠤᠳ ᠤᠨ ᠳᠠᠭᠤᠤ ᠶᠢᠨ ᠤᠷᠤᠯᠳᠤᠭᠠᠨ ᠨᠢᠭᠡᠨᠲᠡ ᠬᠡᠳᠦᠨ ᠬᠤᠭᠤᠴᠠᠭ᠎ᠠ ᠶᠠᠪᠤᠭᠳᠠᠵᠤ ᠤᠯᠤᠰ ᠤᠨ | ᠳᠣᠲᠣᠭᠠᠳᠤ ᠭᠠᠳᠠᠭᠠᠳᠤ ᠳᠤ ᠨᠠᠷᠠᠲᠠᠢ ᠳᠠᠭᠤᠤ ᠶᠢᠨ ᠤᠷᠤᠯᠳᠤᠭᠠᠨ ᠪᠣᠯᠵᠠᠢ᠃ ᠡᠨᠡ ᠤᠳᠠᠭ᠎ᠠ ᠲᠠᠪᠤᠳᠤᠭᠠᠷ ᠬᠤᠭᠤᠴᠠᠭᠠᠨ ᠤ ᠤᠤᠭᠠᠯ ᠡᠭᠦᠳᠦᠯᠲᠡ ᠶᠢᠨ ᠳᠠᠭᠤᠤ | ᠬᠥᠭᠵᠢᠮ ᠤᠨ ᠦᠳᠡᠰᠢᠯᠡᠭᠡ ᠳᠤ ᠪᠡᠭᠡᠵᠢᠩ᠂ ᠰᠢᠶᠠᠩᠭᠠᠩ᠂ ᠣᠣᠮᠧᠨ ᠤ ᠵᠠᠯᠠᠭᠤᠴᠤᠳ ᠪᠠᠭᠠᠴᠤᠳ ᠪᠣᠯᠣᠨ ᠬᠥᠯᠥᠨ ᠪᠤᠶᠢᠷ ᠠᠴᠠ ᠰᠣᠩᠭᠤᠨ ᠭᠠᠷᠭᠠᠭᠰᠠᠨ ᠳᠠᠭᠤᠤ | ᠬᠥᠭᠵᠢᠮ ᠳᠤ ᠳᠤᠷ᠎ᠠ ᠪᠠᠭ᠋ᠠᠲᠠᠢ 50 ᠵᠠᠯᠠᠭᠤᠴᠤᠳ ᠪᠠᠭᠠᠴᠤᠳ ᠬᠠᠮᠲᠤᠷᠠᠨ ᠨᠠᠶᠢᠷᠠᠯ ᠳᠠᠭᠤᠤ ᠶᠢᠨ ᠪᠦᠯᠭᠦᠮ ᠪᠠ ᠨᠠᠶᠢᠷᠠᠯ ᠬᠥᠭᠵᠢᠮ ᠤᠨ ᠪᠦᠯᠭᠦᠮ ᠢ ᠵᠣᠬᠢᠶᠠᠨ | ᠪᠠᠶᠢᠭᠤᠯᠵᠤ᠂ ᠬᠠᠮᠲᠤ ᠪᠠᠷ ᠦᠪᠡᠳᠡᠭᠰᠢ ᠨᠠᠶᠢᠷ ᠤᠨ ᠠᠵᠢᠯᠯᠠᠭ᠎ᠠ ᠥᠷᠨᠢᠭᠦᠯᠵᠡᠢ᠃ | 7 ᠰᠠᠷ᠎ᠠ ᠶᠢᠨ 10 ᠤ ᠣᠷᠣᠢ᠂ ᠪᠡᠭᠡᠵᠢᠩ ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠤᠨ ᠨᠠᠶᠢᠷᠠᠯ ᠬᠥᠭᠵᠢᠮ ᠤᠨ ᠪᠦᠯᠭᠦᠮ ᠨᠢ ᠨᠡᠷᠡᠲᠦ | ᠬᠥᠭᠵᠢᠮ ᠤᠨ ᠤᠳᠤᠷᠢᠳᠤᠭᠠᠴᠢ ᠵᠢᠶᠠᠩ ᠶᠢᠨ ᠢ ᠶᠢᠨ ᠤᠳᠤᠷᠢᠳᠤᠯᠭ᠎ᠠ ᠳᠣᠣᠷ᠎ᠠ᠂ ᠬᠥᠯᠥᠨ ᠪᠤᠶᠢᠷ ᠬᠤᠳᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠺᠢᠨᠣ᠋ ᠵᠦᠴᠦᠭᠡ ᠶᠢᠨ ᠲᠢᠶᠠᠲᠷ ᠲᠤ ᠬᠤᠶᠠᠳᠤᠭᠠᠷ ᠬᠤᠭᠤᠴᠠᠭᠠᠨ ᠤ ᠪᠡᠭᠡᠵᠢᠩ ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠤᠨ ᠳᠠᠭᠤᠤ | ᠤᠷᠠᠯᠢᠭ ᠤᠨ ᠴᠤᠭᠯᠠᠭᠠᠨ ᠤ ᠥᠪᠥᠷ ᠮᠣᠩᠭᠤᠯ ᠤᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠠᠬᠢ ᠳᠠᠭᠤᠤ ᠬᠥᠭᠵᠢᠮ ᠤᠨ ᠦᠳᠡᠰᠢᠯᠡᠭᠡ | ᠬᠢᠪᠡ᠃ ᠪᠡᠭᠡᠵᠢᠩ ᠤᠨ ᠪᠦᠯᠭᠦᠮ ᠤᠨ ᠭᠡᠰᠢᠭᠦᠨ ᠴᠢ ᠲᠧ ᠺᠤᠨᠽᠧᠷᠲ ᠬᠥᠭᠵᠢᠮ︽ᠬᠠᠲᠤᠨ ᠭᠤᠣᠯ︾ ᠤᠨ ᠬᠤᠶᠠᠳᠤᠭᠠᠷ ᠪᠦᠯᠦᠭ ᠢ ᠬᠥᠭᠵᠢᠮᠳᠡᠵᠦ᠂ ᠯᠢᠦᠢ ᠯᠢᠶᠠᠩ | ᠵᠢᠶᠧ ᠵᠡᠷᠭᠡ ᠰᠢᠶᠠᠩᠭᠠᠩ ᠤᠨ ᠪᠦᠯᠭᠦᠮ ᠤᠨ ᠭᠡᠰᠢᠭᠦᠳ︽ᠳᠤᠮᠳᠠᠳᠤ ᠶᠢᠨ ᠰᠡᠳᠬᠢᠯ︾ ᠢ ᠲᠣᠭᠯᠠᠵᠤ᠂ ᠣᠣᠮᠧᠨ ᠤ ᠸᠢᠤᠯᠤᠨ᠋ᠴᠧᠯ ᠤᠨ ᠵᠠᠯᠠᠭᠤ ᠬᠥᠭᠵᠢᠮᠴᠢᠨ ᠵᠧᠦ | ᠴᠢᠩ ᠯᠠᠨ ᠳᠠᠭᠠᠭᠤᠯᠤᠨ︽ᠲᠡᠯᠡᠶ ᠲᠠᠩᠭᠢᠰ ᠲᠤ ᠡᠷᠭᠦᠶ᠎ᠡ - ᠰᠢᠶᠠᠩᠭᠠᠩ ᠵᠦᠬᠠᠢ ᠣᠣᠮᠧᠨ ᠤ ᠶᠡᠭᠡ ᠬᠥᠭᠦᠷᠭᠡ ᠳᠤ ᠬᠦᠨᠳᠦᠳᠬᠡᠯ ᠳᠡᠪᠰᠢᠭᠦᠯᠦᠶ᠎ᠡ︾ᠭᠡᠬᠦ ᠲᠣᠮᠣ | ᠭᠡᠯᠪᠡᠷᠢ ᠶᠢᠨ ᠨᠠᠶᠢᠷᠠᠯ ᠬᠥᠭᠵᠢᠮ ᠤᠨ ᠮᠥᠴᠡᠯᠭᠡ ᠠᠶ᠎ᠠ ᠶᠢ ᠬᠥᠭᠵᠢᠮᠳᠡᠵᠦ᠂ ᠪᠡᠭᠡᠵᠢᠩ ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠤᠨ ᠨᠠᠶᠢᠷᠠᠯ ᠬᠥᠭᠵᠢᠮ ᠤᠨ | ᠪᠦᠯᠭᠦᠮ ᠠᠴᠠ ᠬᠠᠮᠵᠢᠨ ᠬᠥᠭᠵᠢᠮᠳᠡᠪᠡ᠃ ᠬᠠᠮᠤᠭ ᠡᠴᠦᠰ ᠲᠤ ᠬᠥᠭᠵᠢᠮ ᠤᠨ ᠪᠦᠯᠭᠦᠮ ᠤᠨ ᠬᠢᠨ ᠤᠶᠠᠩᠭᠠᠯᠢᠭ ᠰᠠᠶᠢᠬᠠᠨ ᠪᠠᠷᠭᠤ ᠠᠷᠠᠳ ᠤᠨ ᠳᠠᠭᠤᠤ | ︽ᠦᠬᠡᠷᠲᠦ ᠬᠦᠢᠲᠡᠨ︾ ᠢᠶᠠᠷ ᠲᠣᠬᠯᠠᠯᠲᠠ ᠪᠠᠨ ᠲᠡᠭᠦᠰᠬᠡᠪᠡ᠃ ᠳᠠᠭᠤᠤ ᠬᠥᠭᠵᠢᠮ ᠤᠨ ᠦᠳᠡᠰᠢᠯᠡᠭᠡ ᠳᠡᠭᠡᠷ᠎ᠡ ᠪᠠᠰᠠ ᠬᠥᠯᠥᠨ ᠪᠤᠶᠢᠷ ᠤᠨ ᠵᠠᠯᠠᠭᠤᠴᠤᠳ | ᠪᠠᠭᠠᠴᠤᠳ ᠤᠨ ᠪᠥᠵᠢᠭ︽ᠮᠠᠭᠲᠠᠭᠠᠯ ᠳᠠᠭᠤᠤ︾᠂ ᠲᠣᠪᠰᠢᠭᠤᠷ ᠤᠨ ᠠᠶ᠎ᠠ ︽ᠠᠩᠬᠠᠨ ᠤ ᠠᠶᠠᠯᠭᠤ︾᠂ ᠳᠠᠭᠤᠤ ᠪᠥᠵᠢᠭ ︽ᠣᠯᠭᠤᠶᠠ︾ ᠵᠡᠷᠭᠡ ᠲᠣᠬᠯᠠᠯᠲᠠ ᠶᠢ | ᠲᠣᠭᠯᠠᠵᠤ᠂ ᠪᠡᠭᠡᠵᠢᠩ ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠬᠥᠯᠥᠨ ᠪᠤᠶᠢᠷ ᠬᠤᠳᠠ ᠶᠢᠨ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠲᠠᠢ ᠬᠠᠮᠲᠤ ᠪᠠᠷ ᠵᠠᠯᠠᠭᠤ ᠨᠠᠰᠤᠨ ᠤ ᠴᠤᠭ ᠵᠢᠪᠬᠤᠭ᠎ᠠ᠂ ᠪᠦᠯᠬᠦᠮᠳᠡᠯ ᠨᠥᠬᠦᠷᠯᠡᠯ ᠤᠨ ᠬᠠᠮᠵᠢᠯᠴᠠᠭᠠᠨ ᠤ ᠵᠣᠷᠢᠭ ᠰᠠᠨᠠᠭ᠎ᠠ ᠵᠢᠴᠢ ᠦᠨᠡᠨᠴᠢ | ᠪᠣᠷᠣᠭᠵᠢᠭᠤᠨ ᠡᠬᠡ ᠣᠷᠣᠨᠴᠢ ᠰᠡᠳᠬᠢᠯᠭᠡ ᠶᠢ ᠦᠵᠡᠭᠦᠯᠵᠡᠢ᠃ ᠨᠠᠮᠦᠯᠠ ᠶᠠᠷᠢᠬᠤ ᠳᠠᠭᠠᠨ᠄︽ᠲᠤᠰ ᠤᠳᠠᠭᠠᠨ ᠤ ᠠᠵᠢᠯᠯᠠᠭ᠎ᠠ ᠨᠢ ᠳᠠᠭᠤᠤ ᠬᠥᠭᠵᠢᠮ ᠢᠶᠠᠷ ᠲᠦᠷᠪᠡᠨ | ᠭᠠᠵᠠᠷ ᠤᠨ ᠵᠠᠯᠠᠭᠤᠴᠤᠳ ᠪᠠᠭᠠᠴᠤᠳ ᠲᠤ ᠲᠠᠨᠢᠯᠴᠠᠨ ᠳᠠᠰᠤᠯᠴᠠᠬᠤ ᠬᠥᠭᠦᠷᠭᠡ ᠲᠠᠯᠪᠢᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠵᠠᠯᠠᠭᠤᠴᠤᠳ | ᠪᠠᠭᠠᠴᠤᠳ ᠤᠨ ᠳᠠᠭᠤᠤ ᠬᠥᠭᠵᠢᠮ ᠤᠷᠠᠯᠢᠭ ᠰᠣᠶᠣᠯ ᠤᠨ ᠰᠣᠯᠢᠯᠴᠠᠭ᠎ᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ︾ ᠭᠡᠵᠡᠢ᠃ | ᠲᠣᠬᠯᠠᠯᠲᠠ ᠮᠥᠷᠲᠡᠭᠡᠨ ᠨᠡᠩ ᠴᠤ ᠭᠦᠨ ᠵᠤᠵᠠᠭᠠᠨ ᠨᠥᠬᠦᠷᠯᠡᠯ | 7 ᠰᠠᠷ᠎ᠠ ᠶᠢᠨ 11 ᠤ ᠡᠳᠦᠷ᠂ ᠬᠤᠶᠠᠳᠤᠭᠠᠷ ᠬᠤᠭᠤᠴᠠᠭᠠᠨ ᠤ ᠪᠡᠭᠡᠵᠢᠩ ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠤᠨ ᠳᠠᠭᠤᠤ ᠤᠷᠠᠯᠢᠭ ᠤᠨ | ᠴᠤᠭᠯᠠᠭᠠᠨ ᠤ ᠥᠪᠥᠷ ᠮᠣᠩᠭᠤᠯ ᠳᠠᠬᠢ ᠠᠶᠠᠯᠠᠨ ᠲᠤᠬᠯᠠᠯᠲᠠ ᠵᠢᠴᠢ ᠪᠠᠶᠠᠨᠴᠠᠭᠠᠨ ᠰᠤᠮᠤᠨ ᠤ ᠲᠠᠪᠤᠳᠤᠭᠠᠷ ᠬᠤᠭᠤᠴᠠᠭᠠᠨ ᠤ ᠤᠤᠭᠠᠯ ᠡᠭᠦᠳᠦᠯᠲᠡ ᠶᠢᠨ ᠳᠠᠭᠤᠤ | ᠬᠥᠭᠵᠢᠮ ᠤᠨ ᠦᠳᠡᠰᠢᠯᠡᠭᠡ ᠨᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠠᠨᠴᠠᠭᠠᠨ ᠰᠤᠮᠤᠨ ᠤ ᠵᠠᠬᠳᠠ ᠮᠣᠳᠣᠨ ᠭᠠᠴᠠᠭ᠎ᠠ ᠳᠤ | ᠠᠮᠵᠢᠯᠲᠠ ᠲᠠᠢ ᠶᠠᠪᠤᠭᠳᠠᠪᠠ᠃ ᠲᠣᠬᠯᠠᠯᠲᠠ ᠨᠢ ᠬᠥᠯᠥᠨ ᠪᠤᠶᠢᠷ ᠬᠤᠲᠠ ᠶᠢᠨ ᠤᠷᠠᠯᠢᠭ ᠵᠦᠴᠦᠭᠡ ᠶᠢᠨ ᠬᠦᠷᠢᠶᠡᠯᠡᠩ ᠳᠤ ᠲᠣᠭᠯᠠᠭᠰᠠᠨ ᠳᠠᠭᠤᠤ | ᠪᠥᠵᠢᠭ︽ᠥᠯᠵᠡᠶᠢᠲᠦ ᠮᠠᠭᠲᠠᠭᠠᠯ︾ ᠢᠶᠠᠷ ᠬᠥᠰᠢᠭᠡ ᠪᠠᠨ ᠢᠷᠠᠵᠤ᠂ ᠬᠥᠯᠥᠨ ᠪᠤᠶᠢᠷ ᠤᠨ ᠣᠨᠴᠠᠯᠢᠭ ᠲᠠᠢ ᠳᠠᠭᠤᠤ ᠪᠥᠵᠢᠭ ᠤᠨ ᠲᠣᠬᠯᠠᠯᠲᠠ ᠠᠴᠠ ᠭᠠᠳᠠᠨ᠎ᠠ᠂ ᠪᠡᠭᠡᠵᠢᠩ | ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠤᠨ ᠨᠠᠶᠢᠷᠠᠯ ᠬᠥᠭᠵᠢᠮ ᠤᠨ ᠪᠦᠯᠭᠦᠮ ᠤᠨ ᠭᠡᠰᠢᠭᠦᠳ ᠮᠣᠳᠣᠨ ᠪᠢᠰᠬᠢᠭᠦᠷ ᠤᠨ ᠲᠠᠪᠤᠯᠠᠯ ᠬᠥᠭᠵᠢᠮ︽ᠲᠠᠯ᠎ᠠ | ᠨᠤᠲᠤᠭ︾ ᠢ ᠬᠥᠭᠵᠢᠮᠳᠡᠵᠦ᠂ ᠨᠠᠮᠦᠯᠠ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠯᠡᠨ ᠤᠯᠠᠮᠵᠢᠯᠠᠭᠴᠢ᠂ ᠠᠯᠳᠠᠷᠲᠤ ᠮᠣᠷᠢᠨ ᠬᠤᠭᠤᠷᠴᠢᠨ | ᠴᠢᠴᠢ᠊· ᠪᠤᠯᠠᠭ ᠭᠤᠸᠠᠢ ᠲᠠᠢ ᠬᠠᠮᠲᠤᠷᠠᠵᠤ᠂ ᠸᠢᠤᠯᠤᠨ᠋ᠴᠧᠯ ᠪᠣᠯᠣᠨ ᠮᠣᠷᠢᠨ ᠬᠤᠭᠤᠷ ᠢᠶᠠᠷ︽ᠲᠡᠭᠷᠢ ᠶᠢᠨ ᠬᠠᠶᠠᠭᠠᠨ ᠳᠤ︾ ᠭᠡᠬᠦ ᠨᠠᠷᠡᠳᠤ ᠠᠶ᠎ᠠ ᠶᠢ ᠬᠥᠭᠵᠢᠮᠳᠡᠵᠦ᠂ | ᠰᠣᠩᠭᠤᠳᠠᠭ ᠬᠥᠭᠵᠢᠮ ᠪᠣᠯᠣᠨ ᠦᠨᠳᠦᠰᠦᠲᠡᠨ ᠤ ᠤᠷᠠᠯᠢᠭ ᠢ ᠠᠮᠢᠳᠤᠯᠢᠭ ᠠᠭᠤᠰᠤᠯᠴᠠᠭᠤᠯᠤᠨ᠂ ᠰᠣᠨᠣᠰᠤᠭᠴᠢ ᠤᠯᠠᠨ ᠤ ᠰᠣᠨᠣᠷ ᠢ ᠮᠢᠯᠢᠶᠠᠵᠠᠢ᠃ | ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠵᠠᠯᠠᠭᠤᠴᠤᠳ ᠪᠠᠭᠠᠴᠤᠳ ᠤᠨ ᠳᠠᠭᠤᠤ ᠬᠥᠭᠵᠢᠮ ᠤᠨ ᠦᠳᠡᠰᠢᠯᠡᠭᠡ᠂ ᠲᠦᠳᠡᠭ ᠭᠠᠯ ᠤᠨ ᠦᠳᠡᠰᠢᠯᠡᠭᠡ ᠵᠢᠴᠢ | ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠠᠵᠢᠯᠯᠠᠭ᠎ᠠ ᠵᠡᠷᠭᠡ ᠶᠢ ᠠᠮᠵᠢᠯᠲᠠ ᠲᠠᠢ ᠶᠠᠪᠤᠭᠳᠠᠭᠤᠯᠪᠠ᠃ ᠪᠡᠭᠡᠵᠢᠩ᠂ ᠰᠢᠶᠠᠩᠭᠠᠩ᠂ ᠣᠣᠮᠧᠨ ᠤ ᠵᠠᠯᠠᠭᠤᠴᠤᠳ | ᠪᠠᠭᠠᠴᠤᠳ ᠲᠠᠯ᠎ᠠ ᠨᠤᠲᠤᠭ ᠲᠤ ᠢᠷᠡᠵᠦ᠂ ᠬᠥᠯᠥᠨ ᠪᠤᠶᠢᠷ ᠤᠨ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠨ᠂ ᠤᠯᠠᠮᠵᠢᠯᠠᠯᠲᠤ ᠰᠣᠶᠣᠯ ᠢ ᠪᠡᠶ᠎ᠡ ᠪᠠᠷ ᠢᠶᠠᠨ | ᠣᠶᠢᠯᠠᠭᠠᠪᠠ᠃ ᠵᠠᠯᠠᠭᠤ ᠪᠠᠭ᠎ᠠ ᠢᠷᠡᠭᠡᠳᠦᠢ ᠶᠢᠨ ᠤᠷᠠᠯᠢᠭᠴᠢᠳ ᠢ ᠶᠡᠭᠡ ᠪᠠᠭᠰᠢ ᠶᠢᠨ ᠬᠢᠴᠢᠶᠡᠯ᠂ ᠢᠯᠡ ᠬᠢᠴᠢᠶᠡᠯ᠂ ᠰᠣᠯᠢᠯᠴᠠᠭ᠎ᠠ ᠲᠠᠶᠢᠯᠤᠮᠵᠢ ᠵᠡᠷᠭᠡ ᠦᠨ᠎ᠡ | ᠪᠡᠨ᠎ᠡ ᠲᠠᠢ ᠬᠢᠴᠢᠶᠡᠯ ᠲᠠᠶᠢᠯᠤᠮᠵᠢ ᠳᠤ ᠣᠷᠣᠯᠴᠠᠭᠤᠯᠤᠭᠰᠠᠨ ᠪᠥᠭᠡᠳ ᠳᠠᠳᠠᠨ ᠢ ᠪᠠᠰᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠮᠦᠽᠧᠢ᠂ | ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ᠂ ᠪᠠᠶᠠᠨᠴᠠᠭᠠᠨ ᠰᠤᠮᠤᠨ ᠤ ᠨᠡᠷᠡᠲᠦ ᠬᠥᠮᠥᠰ ᠤᠨ ᠦᠵᠡᠰᠭᠦᠯᠡᠩ ᠤᠨ ᠲᠥᠪ ᠵᠡᠷᠭᠡ ᠭᠠᠵᠠᠷ ᠢᠶᠠᠷ ᠲᠣᠭᠤᠷᠢᠨ | ᠦᠵᠡᠭᠦᠯᠵᠦ᠂ ᠭᠠᠵᠠᠷ ᠣᠷᠣᠨ ᠤ ᠲᠡᠦᠬᠡ ᠰᠣᠶᠣᠯ ᠢ ᠣᠶᠢᠯᠠᠭᠠᠭᠤᠯᠪᠠ᠃ | ᠲᠤᠰ ᠤᠳᠠᠭᠠᠨ ᠤ ᠠᠵᠢᠯᠯᠠᠭ᠎ᠠ ᠶᠢᠨ ᠲᠤᠬᠠᠢ᠂ ᠸᠢᠤᠯᠤᠨ᠋ᠴᠧᠯ ᠤᠨ ᠠᠯᠳᠠᠷᠲᠤ ᠬᠥᠭᠵᠢᠮᠴᠢᠨ᠂ ᠣᠣᠮᠧᠨ ᠤ ᠤᠷᠠᠨ ᠲᠣᠬᠯᠠᠯᠲᠠ ᠶᠢᠨ ᠳᠡᠭᠡᠳᠦ | ᠰᠤᠷᠭᠠᠭᠤᠯᠢ ᠶᠢᠨ ᠵᠠᠬᠢᠷᠤᠯ ᠵᠧᠦ ᠶᠢᠦ ᠶᠠᠷᠢᠬᠤ ᠳᠠᠭᠠᠨ᠄︽ᠬᠥᠯᠥᠨ ᠪᠤᠶᠢᠷ ᠤᠨ ᠲᠠᠯ᠎ᠠ ᠨᠤᠲᠤᠭ ᠦᠨᠡᠬᠡᠷ ᠰᠠᠶᠢᠬᠠᠨ᠂ ᠲᠤᠰ ᠤᠳᠠᠭᠠᠨ ᠤ ᠠᠵᠢᠯᠯᠠᠭ᠎ᠠ ᠴᠤ ᠶᠡᠷᠦ | ᠪᠤᠰᠤ ᠶᠢᠨ ᠤᠳᠬ᠎ᠠ ᠠᠭᠤᠯᠭ᠎ᠠ ᠲᠠᠢ ᠶᠤᠮ᠂ ᠰᠣᠶᠣᠯ ᠤᠨ ᠰᠣᠯᠢᠯᠴᠠᠭ᠎ᠠ᠂ ᠳᠠᠭᠤᠤ ᠬᠥᠭᠵᠢᠮ ᠤᠨ ᠰᠣᠯᠢᠯᠴᠠᠭ᠎ᠠ᠂ ᠦᠨᠳᠦᠰᠦᠲᠡᠨ ᠤ ᠶᠡᠭᠡ ᠪᠦᠯᠬᠦᠮᠳᠡᠯ ᠵᠡᠷᠭᠡ | ᠲᠠᠯ᠎ᠠ ᠪᠠᠷ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠰᠢᠶᠠᠩᠭᠠᠩ ᠪᠣᠯᠣᠨ ᠣᠣᠮᠧᠨ ᠤ ᠰᠤᠷᠤᠬᠴᠢᠳ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ | ᠡᠬᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠦᠵᠡᠨ ᠰᠣᠨᠢᠷᠬᠠᠵᠤ᠂ ᠬᠥᠯᠥᠨ ᠪᠤᠶᠢᠷ ᠤᠨ ᠲᠤᠬᠠᠢ ᠭᠦᠨ ᠣᠶᠢᠯᠠᠭᠠᠯᠲᠠ ᠲᠠᠨᠢᠯᠲᠠ ᠲᠠᠢ | ᠪᠣᠯᠤᠭᠰᠠᠨ ᠨᠢ ᠳᠠᠮᠵᠢᠭ ᠦᠭᠡᠢ᠃ ᠳᠠᠭᠤᠤ ᠬᠥᠭᠵᠢᠮ ᠭᠡᠬᠦ ᠡᠨᠡ ᠬᠦ ᠳᠡᠯᠡᠬᠡᠢ ᠶᠢᠨ ᠢᠷᠠᠭᠤ ᠬᠡᠯᠡ ᠪᠠᠷ ᠬᠥᠯᠥᠨ ᠪᠤᠶᠢᠷ ᠤᠨ ᠵᠠᠯᠠᠭᠤᠴᠤᠳ ᠪᠠᠭᠠᠴᠤᠳ ᠲᠠᠢ ᠦᠵᠡᠯ | ᠪᠤᠲᠤᠯ ᠢᠶᠠᠨ ᠰᠣᠯᠢᠯᠴᠠᠨ᠂ ᠲᠠᠨᠢᠯᠴᠠᠨ ᠦᠶᠡᠷᠬᠡᠵᠦ ᠳᠠᠰᠤᠯᠴᠠᠭᠰᠠᠨ ᠨᠢ ᠲᠡᠲᠡᠨ ᠳᠤ ᠠᠪᠴᠤ ᠬᠡᠯᠡᠪᠡᠯ ᠨᠢᠭᠡ ᠨᠠᠰᠤᠨ ᠤ ᠬᠢᠨᠢ ᠮᠠᠷᠲᠠᠭᠳᠠᠰᠢ ᠦᠭᠡᠢ ᠰᠠᠶᠢᠬᠠᠨ | ᠥᠩᠭᠡᠷᠡᠯᠲᠡ ᠪᠣᠯᠣᠨ᠎ᠠ︾ ᠭᠡᠪᠡ᠃ | ᠳᠤᠮᠳᠠᠳᠤ ᠤᠯᠤᠰ ᠤᠨ ᠣᠳᠣ ᠦᠶ᠎ᠡ ᠶᠢᠨ ᠠᠯᠳᠠᠷᠲᠤ ᠬᠥᠭᠵᠢᠮ ᠤᠨ ᠵᠣᠬᠢᠶᠠᠯᠴᠢ᠂︽ᠰᠢᠶᠠᠩᠭᠠᠩ ᠵᠦᠬᠠᠢ ᠣᠣᠮᠧᠨ ᠤ ᠶᠡᠭᠡ ᠬᠥᠭᠦᠷᠭᠡ ᠶᠢᠨ ᠪᠦᠲᠦᠭᠡᠨ | ᠪᠠᠶᠢᠭᠤᠯᠤᠭᠴᠢ︾ ᠳᠤ ᠵᠣᠷᠢᠭᠤᠯᠤᠭᠰᠠᠨ ᠲᠣᠮᠣ ᠭᠡᠯᠪᠡᠷᠢ ᠶᠢᠨ ᠨᠠᠶᠢᠷᠠᠯ ᠬᠥᠭᠵᠢᠮ ᠤᠨ ᠮᠥᠴᠡᠯᠭᠡ ᠠᠶ᠎ᠠ ︽ᠵᠡᠭᠦᠳᠦᠨ ᠬᠥᠭᠦᠷᠭᠡ︾ ᠶᠢᠨ ᠵᠣᠬᠢᠶᠠᠭᠴᠢ ᠹᠠᠩ ᠳ᠋ᠦᠩ᠄ | ︽ᠡᠶᠢᠮᠦᠷᠬᠦᠦ ᠵᠠᠯᠠᠭᠤᠴᠤᠳ ᠪᠠᠭᠠᠴᠤᠳ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠠᠵᠢᠯᠯᠠᠭ᠎ᠠ ᠨᠢ ᠢᠯᠡ ᠲᠣᠳᠣ ᠴᠠᠭ ᠦᠶ᠎ᠡ ᠶᠢᠨ ᠠᠴᠢ ᠬᠤᠯᠪᠣᠭᠳᠠᠯ ᠲᠠᠢ | ᠪᠥᠭᠡᠳ ᠪᠠᠰᠠ ᠴᠤ ᠪᠢᠳᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠠᠮᠢᠳᠤᠯᠢᠭ ᠦᠢᠯᠡᠳᠦᠯᠭᠡ | ᠪᠤᠯᠬᠤ ᠶᠤᠮ᠃ ᠳᠠᠭᠤᠤ ᠬᠥᠭᠵᠢᠮ ᠢᠶᠠᠷ ᠤᠶᠤᠨ ᠰᠠᠨᠠᠭ᠎ᠠ ᠶᠢ ᠬᠤᠯᠪᠣᠬᠤ ᠬᠥᠭᠦᠷᠭᠡ ᠪᠤᠯᠭᠠᠵᠤ᠂ ᠰᠢᠶᠠᠩᠭᠠᠩ ᠪᠣᠯᠣᠨ ᠣᠣᠮᠧᠨ ᠤ ᠬᠡᠦᠬᠡᠳ ᠤᠳ ᠲᠤ ᠡᠬᠡ | ᠤᠯᠤᠰ ᠤᠨ ᠢᠶᠠᠨ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠡᠭᠦᠨ ᠤ ᠤᠯᠠᠮ ᠠᠴᠠ ᠵᠠᠯᠠᠭᠤᠴᠤᠳ ᠪᠠᠭᠠᠴᠤᠳ ᠲᠤ ᠡᠬᠡ ᠣᠷᠣᠨᠴᠢ | ᠦᠵᠡᠯ ᠤᠨ ᠬᠥᠮᠦᠵᠢᠯ ᠬᠦᠷᠲᠡᠭᠡᠨ᠎ᠡ᠃ ᠵᠢᠯᠣᠭᠤᠳᠤᠭᠴᠢ ᠪᠠᠭᠰᠢ ᠪᠣᠯᠤᠭᠰᠠᠨ ᠤ ᠬᠤᠪᠢ ᠳᠤ᠂ ᠪᠢ ᠬᠡᠦᠬᠡᠳ ᠤᠳ ᠤᠨ ᠪᠡᠶ᠎ᠡ ᠳᠡᠭᠡᠷ᠎ᠡ ᠠᠴᠠ ᠴᠤᠭ ᠪᠠᠳᠠᠷᠠᠩᠭᠤᠢ | ᠢᠷᠡᠭᠡᠳᠦᠢ ᠶᠢᠨ ᠬᠦᠴᠦᠨ ᠢ ᠣᠯᠵᠤ ᠬᠠᠷᠠᠯ᠎ᠠ︾ ᠭᠡᠪᠡ᠃ |