ᠨᠢᠭᠡ ᠪᠠᠷ ᠮᠠᠩᠯᠠᠶᠢᠯᠠᠭᠤᠯᠵᠤ ᠨᠡᠶᠢᠳᠡ ᠪᠠᠷ ᠢᠶᠠᠨ ᠬᠥᠳᠡᠯᠦᠯᠴᠡᠶ᠎ᠡ
ᠨᠡᠶᠢᠲᠡᠯᠡᠭᠰᠡᠨ ᠴᠠᠭ᠄
2023/9/1
       — ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠬᠤ ᠲᠤᠬᠠᠢ ᠰᠢᠷᠢᠰ ᠥᠭᠦᠯᠡᠮᠵᠢ       ᠤᠳᠤᠷᠢᠳᠬᠤ ᠺᠠᠳ᠋ᠷᠴᠤᠳ ᠥᠪᠡᠷ ᠤᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠪᠠᠯ ᠰᠠᠶ᠋ᠢ ᠨᠡᠶᠢᠳᠡ ᠤᠯᠠᠨ ᠢ ᠳᠠᠭᠠᠭᠤᠯᠵᠤ ᠲᠡᠶᠢᠯᠦᠨ᠎ᠠ᠃       ᠲᠣᠭᠲᠠᠭᠠᠭᠰᠠᠨ ᠬᠠᠷᠠᠯᠲᠠ ᠵᠦᠭ ᠢᠶᠠᠨ ᠡᠷᠡᠮᠡᠬᠡᠶᠢᠯᠡᠨ ᠤᠷᠤᠭᠰᠢᠯᠠᠬᠤ ᠳᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠦᠯᠢᠭᠡᠷ ᠳᠠᠭᠤᠷᠢᠶᠠᠯ ᠪᠣᠯᠵᠤ᠂ ᠡᠮᠦᠨ᠎ᠡ ᠨᠢ ᠬᠤᠰᠢᠭᠤᠷᠠᠨ᠂ ᠣᠯᠵᠤ ᠠᠯᠳᠠᠬᠤ ᠶᠢ ᠦᠯᠦ ᠪᠤᠳᠤᠬᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠴᠢᠷ ᠶᠠᠪᠤᠳᠠᠯ ᠲᠤᠯᠭᠠᠷᠠᠪᠠᠯ ᠲᠦᠯᠬᠢᠯᠴᠡᠬᠦ ᠦᠭᠡᠢ᠂  ᠵᠠᠶᠢᠯᠠᠰᠬᠢᠬᠦ ᠦᠭᠡᠢ ᠪᠠᠶᠢᠵᠤ᠂ ᠵᠣᠷᠢᠭᠲᠠᠢ ᠪᠠᠷ ᠥᠭᠡᠷᠡᠴᠢᠯᠡᠯᠲᠡ ᠬᠥᠭᠵᠢᠯᠲᠡ ᠶᠢᠨ ᠬᠤᠰᠢᠭᠤᠴᠢ ᠪᠣᠯᠵᠤ᠂  ᠵᠠᠮ ᠨᠡᠭᠡᠭᠡᠨ ᠤᠷᠤᠭᠰᠢᠯᠠᠬᠤ ᠭᠠᠪᠰᠢᠭᠠᠶᠢᠯᠠᠭᠴᠢ ᠪᠣᠯᠵᠤ᠂ ᠬᠠᠮᠤᠭ ᠤᠨ ᠬᠦᠴᠦᠷᠬᠡᠭ ᠡᠲᠡᠭᠡᠳ ᠲᠠᠢ ᠵᠣᠷᠢᠭᠲᠠᠢ ᠪᠠᠷ ᠥᠷᠢᠰᠦᠯᠳᠦᠵᠦ᠂ ᠬᠠᠮᠤᠭ ᠤᠨ ᠲᠦᠷᠭᠡᠨ ᠤᠷᠤᠯᠳᠤᠬᠴᠢᠳ ᠲᠠᠢ ᠤᠷᠤᠯᠳᠤᠨ᠂  ᠪᠤᠤᠬᠢᠶ᠎ᠠ ᠳᠠᠮᠵᠢᠭᠤᠯᠤᠨ ᠤᠷᠤᠭᠰᠢᠯᠠᠵᠤ᠂ ᠦᠯᠢᠭᠡᠷ ᠳᠠᠭᠤᠷᠢᠶᠠᠯ ᠪᠤᠯᠬᠤ ᠡᠷᠴᠢ ᠵᠣᠷᠢᠭ ᠡᠪᠦᠷᠯᠡᠨ ᠺᠠᠳ᠋ᠷ ᠤᠯᠠᠨ ᠲᠦᠮᠡᠨ ᠢ ᠳᠠᠶᠢᠴᠢᠯᠠᠬᠤ ᠬᠡᠷᠡᠭᠲᠡᠢ᠃       ᠣᠳᠣᠬᠠᠨ ᠳᠤ  ᠪᠦᠭᠦ ᠣᠷᠣᠨ ᠳᠠᠶᠠᠭᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠨᠢᠭᠲᠠᠷᠠᠨ ᠪᠦᠯᠬᠦᠮᠳᠡᠵᠦ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ  ᠳᠠᠪᠰᠢᠨ ᠣᠷᠣᠪᠠ᠃ ᠭᠡᠪᠡᠴᠦ ᠣᠮᠲᠣᠭᠠᠶᠢᠯᠠᠵᠤ ᠪᠤᠯᠬᠤ ᠦᠭᠡᠢ ᠵᠦᠢᠯ ᠭᠡᠪᠡᠯ᠂ ᠵᠠᠷᠢᠮ ᠺᠠᠳ᠋ᠷ ᠬᠠᠭᠤᠴᠢᠨ ᠢᠶᠠᠨ ᠪᠠᠷᠢᠮᠲᠠᠯᠠᠨ ᠬᠡᠪᠰᠢᠷᠡᠨ ᠵᠣᠭᠰᠤᠩᠭᠤᠶᠢᠷᠠᠵᠤ᠂ ᠦᠭᠡ ᠬᠡᠯᠡᠪᠡᠯ ᠵᠠᠪᠠᠯ ᠦᠨᠳᠦᠰᠦ ᠪᠠᠷᠢᠮᠲᠠ ᠡᠷᠢᠵᠦ᠂  ᠠᠵᠢᠯ ᠬᠢᠪᠡᠯ ᠵᠠᠪᠠᠯ ᠪᠠᠷᠢᠮᠵᠢᠶ᠎ᠠ ᠠᠴᠠ ᠠᠰᠠᠭᠤᠵᠤ᠂  ᠰᠢᠨ᠎ᠡ ᠶᠢ ᠡᠭᠦᠳᠬᠦ ᠤᠬᠠᠮᠰᠠᠷ ᠪᠠ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠷ ᠠᠨᠠᠢ ᠪᠠᠶᠢᠵᠤ᠂ ᠲᠦᠷᠦ ᠶᠢᠨ ᠪᠣᠳᠣᠯᠭ᠎ᠠ ᠦᠭᠡᠢ ᠪᠣᠯ ᠲᠦᠷᠦ ᠶᠢᠨ ᠪᠣᠳᠣᠯᠭ᠎ᠠ ᠬᠦᠯᠢᠶᠡᠵᠦ᠂ ᠲᠦᠷᠦ ᠶᠢᠨ ᠪᠣᠳᠣᠯᠭ᠎ᠠ ᠬᠡᠷᠡᠭᠵᠢᠭᠦᠯᠦᠭᠰᠡᠭᠡᠷ ᠲᠤᠷᠰᠢᠯᠭ᠎ᠠ ᠬᠦᠯᠢᠶᠡᠭᠰᠡᠨ ᠠᠴᠠ ᠪᠣᠯᠵᠤ ᠰᠠᠶᠢᠨ ᠲᠣᠭᠢᠶᠠᠯ ᠢ ᠠᠯᠳᠠᠵᠤ ᠪᠤᠰᠤᠳ ᠠᠴᠠ ᠬᠤᠴᠣᠷᠬᠤ ᠳᠤ ᠬᠦᠷᠦᠭᠦᠯᠵᠦ ᠪᠠᠶᠢᠨ᠎ᠠ; ᠵᠠᠷᠢᠮ ᠺᠠᠳ᠋ᠷ ᠤᠨ ᠠᠵᠢᠯ ᠤᠨ ᠪᠠᠷᠢᠮᠵᠢᠶ᠎ᠠ ᠨᠢ ᠥᠨᠳᠥᠷ ᠪᠢᠰᠢ᠂ ᠠᠯᠪᠠ ᠬᠠᠰᠢᠵᠤ ᠡᠳᠦᠷ ᠥᠩᠭᠡᠷᠡᠭᠡᠨ᠂ ︽ᠪᠠᠷᠤᠭ︾᠂ ︽ᠪᠣᠯᠤᠮᠠᠷ︾᠂ ︽ᠡᠪᠯᠡᠭᠦᠯᠬᠦ︾ ᠳᠡᠭᠡᠨ ᠰᠡᠳᠬᠢᠯ ᠬᠠᠨᠤᠵᠤ᠂ ᠪᠠᠭ᠎ᠠ ᠯᠠ ᠠᠮᠵᠢᠯᠲᠠ ᠣᠯᠪᠠᠯ ᠰᠡᠩᠬᠡᠯᠵᠡᠨ ᠪᠠᠶᠠᠷᠯᠠᠳᠠᠭ; ᠵᠠᠷᠢᠮ ᠺᠠᠳ᠋ᠷ ᠳᠤᠷᠠᠲᠠᠶ᠎ᠠ ᠬᠤᠴᠤᠷᠤᠩᠭᠤᠢ ᠪᠠᠶᠢᠵᠤ᠂ ᠬᠦᠴᠢᠷ ᠲᠣᠬᠢᠶᠠᠯᠳᠤᠪᠠᠯ ᠭᠤᠮᠣᠳᠠᠯ ᠲᠣᠭᠠᠴᠢᠵᠤ᠂ ᠰᠠᠭᠤᠷᠢ ᠠᠨᠠᠢ ᠪᠠᠶᠢᠬᠤ ᠶᠢ ᠠᠵᠢᠯ ᠬᠤᠴᠤᠷᠤᠩᠭᠤᠢ ᠪᠠᠶᠢᠬᠤ ᠶᠢᠨ ᠲᠡᠭᠦᠰ ᠰᠢᠯᠲᠠᠭ ᠪᠤᠯᠭᠠᠵᠤ᠂ ᠬᠠᠷᠠᠯᠲᠠ ᠡᠭᠦᠷᠭᠡ ᠠᠴᠠ ᠪᠠᠨ ᠵᠢᠷᠦᠬᠡᠰᠢᠶᠡᠵᠦ᠂ ᠲᠡᠷᠢᠭᠦᠨ ᠤ ᠬᠢ ᠪᠤᠯᠬᠤ ᠪᠠᠷ ᠡᠷᠡᠮᠡᠬᠡᠶᠢᠯᠡᠨ ᠲᠡᠮᠡᠴᠡᠬᠦ᠂ ᠤᠷᠤᠭᠰᠢᠯᠠᠨ ᠲᠠᠪᠰᠢᠬᠤ ᠰᠥᠰᠥ ᠵᠣᠷᠢᠭ ᠢᠶᠠᠷ ᠳᠤᠲᠠᠮᠠᠭ ᠪᠠᠶᠢᠨ᠎ᠠ᠃ ᠡᠳᠡᠭᠡᠷ ᠰᠤᠷᠲᠠᠯ ᠤᠨ ᠠᠷᠬᠠᠭ ᠭᠡᠮ ᠨᠢ ᠬᠥᠭᠵᠢᠯᠲᠡ ᠪᠠ ᠬᠠᠷᠠᠯᠲᠠ ᠶᠢᠨ ᠪᠡᠶᠡᠯᠡᠭᠳᠡᠬᠦ ᠶᠢ ᠬᠢᠵᠠᠭᠠᠷᠯᠠᠵᠤ ᠪᠠᠶᠢᠭ᠎ᠠ ᠶᠤᠮ᠃ᠠᠵᠢᠯ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠨᠢ ᠺᠠᠳ᠋ᠷ ᠲᠤ ᠪᠤᠢ᠂ ᠣᠪᠣᠷ ᠰᠤᠷᠲᠠᠯ ᠲᠥᠪ ᠪᠣᠯᠪᠠᠰᠤ ᠬᠥᠮᠥᠰ ᠤᠨ ᠰᠡᠳᠬᠢᠯ ᠨᠢᠭᠲᠠᠷᠠᠵᠤ᠂ ᠺᠠᠳ᠋ᠷ ᠬᠦᠴᠦᠷᠬᠡᠭᠵᠢᠪᠡᠯ ᠠᠵᠢᠯ ᠦᠢᠯᠡᠰ ᠬᠥᠭᠵᠢᠯᠲᠡ ᠲᠠᠢ ᠪᠣᠯᠵᠤ ᠴᠢᠳᠠᠨ᠎ᠠ᠃ ᠳᠡᠭᠡᠳᠦ ᠱᠠᠲᠤᠨ ᠠᠴᠠ ᠺᠠᠳ᠋ᠷᠴᠤᠳ ᠢ ᠱᠠᠭᠠᠷᠳᠠᠵᠤ᠂  ᠳᠣᠣᠷᠠᠳᠤ ᠱᠠᠲᠤ ᠠᠴᠠ ᠺᠠᠳ᠋ᠷᠴᠤᠳ  ᠢ ᠤᠷᠮᠠᠰᠢᠭᠤᠯᠤᠨ ᠬᠥᠮᠥᠵᠢᠭᠦᠯᠬᠦ ᠨᠢ ᠪᠦᠷ ᠳᠠᠭᠠᠭᠤᠯᠤᠭᠴᠢ ᠶᠢᠨ ᠳᠠᠶᠢᠴᠢᠯᠠᠬᠤ ᠶᠢ ᠬᠦᠷᠬᠦ ᠦᠭᠡᠢ ᠶᠤᠮ᠃ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷᠴᠤᠳ ᠢᠮᠠᠭᠲᠠ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ  ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠰᠤᠳᠤᠯᠵᠤ᠂ ᠬᠦᠴᠦᠨ ᠢᠶᠠᠨ ᠲᠥᠪᠯᠡᠷᠡᠭᠦᠯᠦᠨ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠵᠤ ᠦᠢᠯᠡᠰ ᠢ ᠬᠥᠭᠵᠢᠭᠦᠯᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠡᠮᠦᠨ᠎ᠡ ᠹᠷᠣᠨᠲ ᠲᠤ ᠲᠦᠷᠦᠭᠦᠯᠡᠨ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠰᠠᠭᠤᠳᠠᠯ ᠢ ᠰᠢᠢᠳᠪᠦᠷᠢᠯᠡᠨ᠂︽ᠪᠠᠷᠢᠯᠭ᠎ᠠ ᠶᠢᠨ ᠠᠩᠭᠢ ᠶᠢᠨ ᠳᠠᠷᠤᠭ᠎ᠠ︾᠂ ︽ᠭᠠᠪᠰᠢᠭᠠᠢ ᠠᠩᠭᠢ ᠶᠢᠨ ᠳᠠᠷᠤᠭ᠎ᠠ︾ ᠪᠤᠯᠬᠤ ᠬᠡᠷᠡᠭᠲᠡᠢ᠃       ᠦᠢᠯᠡᠳᠦᠯᠭᠡ ᠠᠴᠠ ᠦᠵᠡᠪᠡᠯ᠂ ᠨᠢᠭᠡ ᠪᠠᠷ ᠮᠠᠩᠯᠠᠶᠢᠯᠠᠭᠤᠯᠵᠤ ᠨᠡᠶᠢᠳᠡ ᠪᠠᠷ ᠢᠶᠠᠨ ᠬᠥᠳᠡᠯᠦᠯᠴᠡᠬᠦ ᠭᠦᠷᠲᠡᠯ᠎ᠡ᠂  ᠨᠡᠩ ᠥᠷᠭᠡᠨ ᠳᠡᠯᠭᠡᠷ ︽ᠲᠠᠪᠴᠠᠩ︾ ᠱᠠᠭᠠᠷᠳᠠᠭᠳᠠᠨ᠎ᠠ᠃ ᠡᠨᠡ ᠨᠢ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠱᠠᠭᠠᠷᠳᠠᠵᠤ᠂ ᠬᠠᠷᠢᠭᠤᠴᠠᠯᠭ᠎ᠠ ᠡᠭᠦᠷᠭᠡᠯᠡᠭᠴᠢ ᠶᠢᠨ ᠡᠮᠦᠨ᠎ᠡ ᠠᠴᠠ ᠬᠠᠷᠢᠭᠤᠴᠠᠯᠭ᠎ᠠ ᠡᠭᠦᠷᠭᠡᠯᠡᠵᠦ᠂  ᠠᠵᠢᠯ ᠶᠠᠪᠤᠳᠠᠯ ᠬᠢᠭᠴᠢ ᠳᠤ ᠲᠦᠰᠢᠭ ᠪᠣᠯᠵᠤ᠂ ᠠᠵᠢᠯ ᠶᠠᠪᠤᠳᠠᠯ ᠬᠢᠬᠦ ᠬᠦᠰᠡᠯ ᠲᠠᠢ᠂ ᠠᠵᠢᠯ ᠶᠠᠪᠤᠳᠠᠯ ᠪᠦᠲᠦᠭᠡᠵᠦ ᠴᠢᠳᠠᠬᠤ ᠺᠠᠳ᠋ᠷ ᠤᠯᠠᠨ ᠲᠦᠮᠡᠨ ᠢ ᠲᠠᠪᠴᠠᠩ ᠲᠠᠢ ᠪᠤᠯᠭᠠᠵᠤ᠂ ᠺᠠᠳ᠋ᠷ ᠤᠯᠠᠨ ᠲᠦᠮᠡᠨ ᠤ ᠬᠠᠷᠢᠭᠤᠴᠠᠯᠭ᠎ᠠ ᠡᠭᠦᠷᠭᠡᠯᠡᠬᠦ ᠪᠠᠷ ᠴᠢᠷᠮᠠᠶᠢᠬᠤ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠠᠷᠰᠢᠯᠠᠬᠤ ᠡᠯ᠎ᠡ ᠵᠦᠢᠯ ᠤᠨ ᠬᠦᠴᠦᠨ ᠵᠦᠢᠯ ᠢ ᠠᠷᠢᠯᠭᠠᠵᠤ᠂ ︽ᠬᠥᠮᠥᠨ ᠪᠦᠭᠦᠨ ᠠᠵᠢᠯ ᠶᠠᠪᠤᠳᠠᠯ ᠬᠢᠬᠦ ᠶᠢ ᠬᠦᠰᠡᠳᠡᠭ᠂ ᠬᠥᠮᠥᠨ ᠪᠦᠭᠦᠨ ᠴᠢᠳᠠᠪᠤᠷᠢᠲᠠᠨ ᠪᠤᠯᠬᠤ ᠶᠢ ᠬᠦᠰᠡᠳᠡᠭ︾ ᠠᠵᠢᠯ ᠶᠠᠪᠤᠳᠠᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠢ ᠪᠤᠢ ᠪᠤᠯᠭᠠᠵᠤ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠤᠯᠭᠠᠵᠤ᠂ ᠨᠡᠶᠢᠳᠡ ᠤᠯᠠᠨ ᠢᠶᠠᠷ ᠢᠶᠠᠨ ᠬᠥᠳᠡᠯᠦᠯᠴᠡᠬᠦ ᠣᠷᠴᠢᠨ ᠨᠥᠬᠦᠴᠡᠯ ᠢ ᠪᠤᠢ ᠪᠤᠯᠭᠠᠵᠤ ᠴᠢᠳᠠᠨ᠎ᠠ᠃       ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠦᠯᠢᠭᠡᠷ ᠳᠠᠭᠤᠷᠢᠶᠠᠯ ᠪᠣᠯᠵᠤ᠂ ᠪᠦᠭᠦ ᠨᠡᠶᠢᠭᠡᠮ ᠳᠤ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠬᠠᠷᠢᠯᠴᠠᠨ ᠬᠥᠭᠡᠭᠡᠴᠡᠯᠳᠦᠵᠦ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠪᠤᠢ ᠪᠤᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠡᠷᠴᠢ ᠵᠣᠷᠢᠭ ᠢ ᠬᠥᠭᠵᠢᠭᠡᠵᠦ᠂ ᠪᠦᠭᠦ ᠣᠷᠣᠨ ᠳᠠᠶᠠᠭᠠᠷ ᠲᠤ ︽ᠠᠳᠠᠯᠢᠳᠬᠠᠬᠤ︾ ᠳᠤᠮᠳᠠ ᠬᠥᠳᠡᠯᠭᠡᠬᠦ ᠬᠦᠴᠦᠨ ᠨᠡᠮᠡᠷᠢᠯᠡᠵᠦ᠂ ︽ᠭᠦᠢᠴᠡᠬᠦ︾ ᠳᠤᠮᠳᠠ ᠲᠡᠷᠢᠭᠦᠨ ᠤ ᠬᠢ ᠪᠤᠯᠬᠤ ᠪᠠᠷ ᠴᠢᠷᠮᠠᠶᠢᠪᠠᠯ᠂ ᠮᠠᠨ ᠤ ᠣᠷᠣᠨ ᠤ ᠰᠢᠨ᠎ᠡ ᠵᠠᠮ ᠨᠡᠭᠡᠭᠡᠵᠦ  ᠳᠤᠮᠳᠠ ᠲᠦᠪᠰᠢᠨ ᠳᠤ ᠳᠠᠪᠰᠢᠨ ᠣᠷᠣᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠵᠤ ᠴᠢᠳᠠᠬᠤ ᠨᠢ ᠯᠠᠪᠲᠠᠢ ᠶᠤᠮ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ