ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2023/9/1
       8 ᠰᠠᠷ᠎ᠠ ᠶᠢᠨ 20 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠬᠤ ᠵᠢᠴᠢ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠤᠳᠤᠯᠭᠠᠨ ᠤ ᠲᠥᠷᠥᠯ ᠵᠦᠢᠯ ᠤᠨ ᠡᠭᠢᠯᠡᠯᠲᠡ ᠶᠢᠨ ᠶᠣᠰᠣᠯᠠᠯ ᠳᠤᠰ ᠰᠤᠷᠭᠠᠭᠤᠯᠢ ᠶᠢᠨ ᠰᠠᠶᠢᠬᠠᠨ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠪᠠ᠃ ᠤᠭᠰᠠᠭᠠᠲᠠᠨ ᠵᠦᠢ ᠪᠠ ᠬᠥᠮᠥᠨ ᠵᠦᠢ ᠶᠢᠨ ᠳᠡᠭᠡᠳᠦ ᠰᠤᠷᠭᠠᠭᠤᠯᠢ ᠶᠢᠨ 200 ᠭᠠᠷᠤᠢ ᠪᠠᠭᠰᠢ ᠰᠤᠷᠤᠬᠴᠢ ᠶᠣᠰᠣᠯᠠᠯ ᠳᠤ ᠣᠷᠣᠯᠴᠠᠵᠠᠢ᠃       ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠦᠷᠦᠯ ᠲᠡᠮᠳᠡᠭᠲᠦ ᠶᠢ ᠡᠭᠦᠳᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠳᠤ ᠠᠭᠤᠰᠤᠯᠴᠠᠬᠤ ᠴᠢᠬᠤᠯᠠ ᠭᠠᠷᠳᠠᠴᠠ ᠮᠥᠨ᠂  ᠬᠢᠯᠢ ᠬᠢᠵᠠᠭᠠᠷ ᠣᠷᠣᠨ ᠤ ᠦᠨᠳᠦᠰᠦᠲᠡᠨ ᠤ  ᠪᠦᠯᠬᠦᠮᠳᠡᠯ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠠᠭᠤᠯᠤᠭᠳᠠᠬᠤᠨ ᠢ ᠪᠠᠶᠠᠯᠢᠭᠵᠢᠭᠤᠯᠬᠤ ᠴᠢᠬᠤᠯᠠ ᠢᠨᠵᠧᠨᠧᠷᠢᠩ ᠮᠥᠨ᠂ ᠨᠡᠩ ᠴᠤ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠦ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠣᠷᠢᠭ ᠰᠠᠨᠠᠭᠠᠨ ᠤ ᠵᠢᠯᠣᠭᠤᠳᠤᠯᠭ᠎ᠠ ᠪᠠ ᠦᠷᠳᠡᠭ ᠤᠨ ᠵᠢᠷᠤᠮᠯᠠᠯ ᠮᠥᠨ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠮᠠᠷᠠᠲᠤ ᠶᠢᠨ ᠬᠢᠯᠢ ᠶᠢᠨ ᠰᠣᠶᠣᠯ ᠤᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠨᠢ ᠶᠠᠭ ᠴᠠᠭ ᠲᠠᠭᠠᠨ ᠲᠣᠬᠢᠷᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠳᠤᠰ ᠰᠤᠷᠭᠠᠭᠤᠯᠢ ᠶᠢᠨ ᠳᠡᠳ᠋ ᠵᠠᠬᠢᠷᠤᠯ ᠬᠠᠨ ᠸᠧᠢ ᠬᠡᠯᠡᠪᠡ᠃       ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠦᠷᠢᠶᠡᠯᠡᠩ ᠪᠣᠯ ᠤᠯᠠᠨ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠤᠳᠤᠯᠭᠠᠨ ᠤ ᠲᠠᠪᠴᠠᠩ ᠪᠣᠯᠣᠨ᠎ᠠ᠂ ᠡᠷᠳᠡᠮ ᠰᠢᠨᠵᠢᠯᠡᠭᠡᠨ ᠤ ᠰᠤᠳᠤᠯᠭᠠᠨ᠂ ᠤᠨᠤᠯ ᠤᠨ ᠰᠢᠨ᠎ᠡ ᠡᠭᠦᠳᠦᠯᠲᠡ᠂ ᠰᠣᠶᠣᠯ ᠤᠨ ᠤᠶᠤᠨ ᠤ ᠬᠥᠮᠥᠷᠭᠡ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠢᠵᠢ ᠪᠦᠷᠢᠳᠦᠭᠦᠯᠦᠭᠰᠡᠨ ᠶᠡᠷᠦᠩᠬᠡᠶᠢᠯᠡᠭᠰᠡᠨ ᠭᠡᠯᠪᠡᠷᠢ ᠶᠢᠨ ᠰᠤᠳᠤᠯᠭᠠᠨ ᠤ ᠪᠠᠶᠢᠭᠤᠯᠤᠮᠵᠢ ᠪᠣᠯᠣᠨ᠎ᠠ᠃ ᠰᠤᠳᠤᠯᠭᠠᠨ ᠤ ᠬᠦᠷᠢᠶᠡᠯᠡᠩ ᠤᠨ ᠭᠤᠣᠯ ᠪᠤᠯᠬᠤ ᠡᠭᠦᠷᠭᠡ ᠪᠣᠯ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠤᠨᠤᠯ ᠤᠨ ᠰᠢᠰᠲ᠋ᠧᠮ ᠤᠨ ᠪᠠᠶᠢᠭᠤᠯᠤᠯᠲᠠ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠡᠷᠡᠭᠯᠡᠭᠡᠨ ᠤ ᠬᠤᠪᠢᠷᠠᠭᠤᠯᠤᠯᠲᠠ ᠪᠠ ᠦᠢᠯᠡᠳᠦᠯᠭᠡ ᠵᠢᠴᠢ ᠤᠮᠠᠷᠠᠲᠤ ᠬᠢᠯᠢ ᠶᠢᠨ ᠰᠣᠶᠣᠯ ᠤᠨ ᠰᠢᠨᠵᠢᠯᠡᠭᠡᠨ ᠤ ᠰᠢᠰᠲ᠋ᠧᠮ ᠢ ᠪᠠᠶᠢᠭᠤᠯᠬᠤ ᠪᠣᠯᠣᠨ᠎ᠠ ᠭᠡᠵᠦ ᠴᠠᠩ ᠵᠢᠶᠠᠩ ᠡᠷᠳᠡᠮᠲᠡᠨ ᠨᠠᠷᠠᠨᠪᠢᠯᠢᠭ᠌ ᠬᠡᠯᠡᠵᠡᠢ᠃       ᠶᠣᠰᠣᠯᠠᠯ ᠳᠤ ︽ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ︿ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠦᠷᠢᠶᠡᠯᠡᠩ﹀ ᠢ ᠪᠠᠶᠢᠭᠤᠯᠬᠤ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ ᠡᠷᠳᠡᠮᠲᠡᠨ ᠨᠠᠷᠠᠨᠪᠢᠯᠢᠭ᠌ ᠲᠤ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠤᠷᠢᠯᠭ᠎ᠠ ᠶᠢᠨ ᠪᠢᠴᠢᠭ ᠭᠠᠷᠳᠠᠭᠤᠯᠵᠠᠢ᠃ ᠶᠣᠰᠣᠯᠠᠯ ᠤᠨ ᠳᠠᠷᠠᠭ᠎ᠠ᠂ ᠨᠠᠷᠠᠨᠪᠢᠯᠢᠭ᠌︽ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠤ  ᠪᠦᠷᠢᠯᠳᠦᠭᠦᠨ ᠬᠡᠰᠡᠭ ᠪᠣᠯᠤᠭᠰᠠᠨ ︿ᠤᠮᠠᠷᠠᠲᠤ ᠬᠢᠯᠢ ᠶᠢᠨ ᠰᠣᠶᠣᠯ﹀︾ ᠭᠡᠬᠦ ᠰᠡᠳᠦᠪ ᠢᠶᠠᠷ ᠡᠷᠳᠡᠮ ᠰᠢᠨᠵᠢᠯᠡᠭᠡᠨ ᠤ ᠮᠡᠳᠡᠭᠦᠯᠦᠯᠲᠡ ᠬᠢᠵᠦ᠂ ᠤᠮᠠᠷᠠᠲᠤ ᠬᠢᠯᠢ ᠶᠢᠨ ᠰᠣᠶᠣᠯ ᠤᠨ ᠤᠬᠠᠭᠳᠠᠬᠤᠨ᠂ ᠠᠭᠤᠯᠭ᠎ᠠ ᠵᠢᠴᠢ ᠴᠢᠬᠤᠯᠠ ᠴᠢᠨᠠᠷ ᠤᠨ ᠲᠤᠬᠠᠢ ᠲᠠᠶᠢᠯᠤᠮᠵᠢ ᠬᠢᠪᠡ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ