ᠬᠦᠯᠦᠨ ᠵᠠᠰᠠᠭ ᠥᠰᠥᠭ ﹇2023﹈ 36 ᠳ᠋ᠤᠭᠠᠷ ᠲᠣᠭᠠᠲᠤ | | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄ | ᠲᠠᠨ ᠤ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠣᠯᠠᠨ ᠤᠯᠤᠰ ᠤᠨ ᠬᠤᠷᠠᠯ | ᠦᠵᠡᠰᠬᠦᠯᠡᠩ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ PPP ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠬᠢᠨᠠᠨ | ᠴᠣᠬᠤᠯᠠᠪᠤᠷᠢᠯᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠥᠰᠥᠭ ﹇2023﹈ 90 ᠳ᠋ᠤᠭᠡᠷ | ᠲᠣᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠲᠠᠮᠵᠢᠨ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ PPP ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ | ᠬᠤᠶᠠᠷ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠲᠣᠰ ᠲᠥᠷᠥᠯ | ᠵᠦᠢᠯ ᠢ ᠵᠢᠷᠤᠮᠵᠢᠯ ᠲᠠᠢ ᠡᠮᠬᠢ ᠳᠠᠷᠠᠭ᠎ᠠ ᠲᠠᠢ ᠠᠬᠢᠭᠤᠯᠬᠤ ᠶᠢ ᠢᠳᠡᠪᠬᠢᠲᠡᠢ ᠵᠣᠬᠢᠶᠠᠨ ᠪᠠᠶᠢᠭᠤᠯᠤᠨ ᠵᠢᠯᠤᠭᠤᠳᠬᠤ ᠶᠢᠨ ᠬᠠᠮᠲᠤ ᠬᠡᠷᠡᠭᠵᠢᠭᠦᠯᠬᠦ ᠲᠥᠰᠥᠯ ᠤᠨ | ᠱᠠᠭᠠᠷᠳᠠᠯᠭ᠎ᠠ ᠶᠢ ᠦᠨᠳᠦᠰᠦᠯᠡᠨ᠂ ᠲᠥᠷᠥᠯ ᠵᠦᠢᠯ ᠤᠨ ᠪᠣᠳᠠᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠵᠣᠬᠢᠴᠠᠩᠭᠤᠢ ᠲᠣᠬᠢᠷᠠᠭᠤᠯᠤᠯᠲᠠ | ᠬᠢᠬᠦ ᠬᠡᠷᠡᠭᠲᠡᠢ᠃ | ᠭᠤᠷᠪᠠ᠂ ᠲᠠᠨ ᠤ ᠲᠣᠪᠴᠢᠶ᠎ᠠ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠶᠤᠯ ᠲᠦᠭᠰᠢᠭᠦᠷᠢ ᠳᠤ ᠬᠢᠨᠠᠯᠲᠠ ᠲᠠᠯᠪᠢᠬᠤ ᠪᠠ ᠭᠡᠷ᠎ᠡ ᠶᠢ ᠬᠦᠴᠦᠨ ᠦᠭᠡᠢ | ᠪᠣᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠨᠡᠶᠢᠭᠡᠮ ᠤᠨ ᠪᠡᠯᠡ | ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ ᠬᠠᠮᠠᠭᠠᠯᠠᠬᠤ ᠬᠡᠷᠡᠭᠲᠡᠢ᠃ | ᠳᠥᠷᠪᠡ᠂ ᠲᠠᠨ ᠤ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠳᠤ ᠬᠢᠨᠠᠨ | ᠬᠡᠮᠵᠢᠯᠲᠡ ᠵᠠᠳᠠᠯᠤᠯᠲᠠ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠵᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ | ᠲᠠᠪᠤ᠂ ᠲᠠᠨ ᠤ ᠲᠣᠪᠴᠢᠶ᠎ᠠ ᠲᠣᠭᠲᠠᠭᠰᠠᠨ ᠬᠤᠭᠤᠴᠠᠭ᠎ᠠ ᠲᠠᠢ ᠪᠠᠷ ᠬᠠᠤᠯᠢ ᠶᠣᠰᠣᠭᠠᠷ ᠲᠥᠷᠥᠯ ᠵᠦᠢᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ | ᠨᠡᠶᠢᠲᠡᠯᠡᠵᠦ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠶᠢᠨ ᠬᠠᠮᠲᠤ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃ | | 2023 ᠤᠨ 8 ᠰᠠᠷ᠎ᠠ ᠶᠢᠨ 10 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | | |