ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠭᠦᠯᠡᠩ ᠤᠨ ᠴᠤᠭᠯᠠᠭᠠᠨ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠡᠬᠢᠯᠡᠪᠡ ᠾᠧ ᠸᠧᠢ ᠠᠮᠤᠷᠰᠠᠶᠢᠬᠠᠨ ᠪᠠᠶᠠᠷ ᠤᠨ ᠦᠭᠡ ᠬᠡᠯᠡᠵᠦ ᠣᠳᠣᠨᠲᠤᠶᠠᠭ᠎ᠠ ᠣᠷᠣᠯᠴᠠᠵᠠᠢ ᠵᠤᠤ ᠭᠠᠩ ᠪᠠᠶᠠᠷ ᠤᠨ ᠦᠭᠡ ᠬᠡᠯᠡᠵᠦ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2023/9/11
       9 ᠰᠠᠷ᠎ᠠ ᠶᠢᠨ 6 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠭᠦᠯᠡᠩ ᠤᠨ ᠴᠤᠭᠯᠠᠭᠠᠨ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠭᠦᠭᠡᠬᠤᠲᠠ ᠳᠤ ᠡᠬᠢᠯᠡᠵᠦ᠂ ᠨᠠᠢᠮᠠᠨ ᠵᠣᠪᠬᠢᠰ ᠤᠨ ᠵᠣᠴᠢᠳ ᠠᠷᠠᠯᠵᠢᠶᠠᠴᠢᠳ ᠬᠤᠷᠠᠨ ᠴᠤᠭᠯᠠᠷᠠᠵᠤ᠂ ᠬᠠᠮᠲᠤ ᠪᠠᠷ ᠠᠰᠢᠭ ᠭᠦᠷᠲᠡᠭᠦ ᠬᠥᠭᠵᠢᠯᠲᠡ ᠶᠢᠨ ᠵᠢᠷᠤᠭ ᠲᠥᠰᠥᠪ ᠢ ᠵᠢᠷᠤᠭᠯᠠᠵᠤ᠂ ᠬᠠᠮᠲᠤ ᠪᠠᠷ ᠡᠳ᠋ᠯᠡᠬᠦ ᠢᠷᠡᠭᠡᠳᠦᠢ ᠶᠢᠨ ᠬᠦᠰᠡᠯ ᠡᠷᠡᠮᠡᠯᠵᠡᠯ ᠢᠶᠠᠨ ᠪᠠᠷᠠᠯᠠᠪᠠ᠃
0911-1.jpg
       9 ᠰᠠᠷ᠎ᠠ ᠶᠢᠨ 6 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠭᠦᠯᠡᠩ ᠤᠨ ᠴᠤᠭᠯᠠᠭᠠᠨ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠭᠦᠭᠡᠬᠤᠲᠠ ᠳᠤ ᠡᠬᠢᠯᠡᠪᠡ᠃        ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠾᠧ ᠸᠧᠢ᠂ ᠮᠣᠩᠭᠤᠯ ᠤᠯᠤᠰ ᠤᠨ ᠳᠡᠳ᠋ ᠶᠡᠷᠦᠩᠬᠡᠢ ᠰᠠᠶᠢᠳ ᠠᠮᠤᠷᠰᠠᠶᠢᠬᠠᠨ ᠪᠠᠶᠠᠷ ᠤᠨ ᠦᠭᠡ ᠬᠡᠯᠡᠵᠦ᠂ ᠮᠣᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠳᠡᠳ᠋ ᠳᠠᠷᠤᠭ᠎ᠠ ᠣᠳᠣᠨᠲᠤᠶᠠᠭ᠎ᠠ ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠯᠢ ᠹᠧᠢ᠂ ᠮᠣᠩᠭᠤᠯ ᠤᠯᠤᠰ ᠤᠨ ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ ᠶᠠᠮᠤᠨ ᠤ ᠰᠠᠶᠢᠳ ᠪᠤᠯᠤᠷᠴᠢᠯᠠᠭᠤᠨ᠂ ᠭᠤᠣᠯ ᠵᠣᠴᠢᠨ ᠮᠤᠵᠢ ᠶᠢᠨ ᠲᠥᠯᠥᠭᠡᠯᠡᠭᠴᠢ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠵᠣᠣ ᠭᠠᠩ ᠲᠣᠰ ᠲᠣᠰ ᠪᠠᠶᠠᠷ ᠤᠨ ᠦᠭᠡ ᠬᠡᠯᠡᠪᠡ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠡᠳ᠋ ᠶᠡᠷᠦᠩᠬᠡᠢ ᠠᠵᠢᠯᠯᠠᠭᠴᠢ ᠵᠠᠩ ᠰᠢᠶᠠᠩ ᠴᠧᠨ ᠸᠢᠳᠢᠤ᠋ ᠪᠠᠷ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠤᠭᠲᠤᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠭᠤᠸᠠᠩᠳᠦ᠋ᠩ ᠤᠨ ᠣᠷᠳᠣᠨ ᠵᠡᠷᠭᠡ ᠦᠵᠡᠰᠭᠦᠯᠡᠩ ᠤᠨ ᠲᠢᠩᠬᠢᠮ ᠢ ᠲᠣᠭᠤᠷᠢᠨ ᠦᠵᠡᠵᠦ᠂ ᠪᠠᠶᠢᠨ ᠪᠠᠶᠢᠨ ᠲᠦᠷ ᠵᠣᠭᠰᠣᠨ ᠰᠣᠨᠢᠷᠬᠠᠵᠤ ᠦᠵᠡᠰᠭᠦᠯᠡᠩ ᠳᠤ ᠣᠷᠣᠯᠴᠠᠬᠰᠠᠨ ᠪᠠᠶᠢᠳᠠᠯ ᠢ ᠨᠠᠷᠢᠨ ᠣᠶᠢᠯᠠᠭᠠᠪᠠ᠃       ᠾᠧ ᠸᠧᠢ᠂ ᠳᠤᠮᠳᠠᠳᠤ ᠮᠣᠩᠭᠤᠯ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠮᠥᠨ᠃ ᠡᠨᠡ ᠵᠢᠯ ᠪᠣᠯ ᠲᠡᠷᠢᠭᠦᠯᠡᠭᠴᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ︽ᠳᠣᠲᠣᠨᠣ᠂ ᠦᠨᠡᠨᠴᠢ᠂ ᠬᠦᠷᠲᠡᠭᠡᠮᠵᠢᠲᠡᠢ᠂ ᠪᠠᠭᠲᠠᠭᠠᠮᠵᠢᠲᠠᠢ︾ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠣᠶᠢᠯᠠᠭᠠᠭᠳᠠᠬᠤᠨ ᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠮᠣᠩᠭᠤᠯ ᠤᠯᠤᠰ ᠬᠠᠷᠢᠯᠴᠠᠨ ᠭᠦᠨᠳᠦᠳᠭᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠭᠡᠵᠦ ᠵᠢᠭᠠᠵᠤ ᠭᠠᠷᠭᠠᠪᠠ᠃ ᠾᠧ ᠸᠧᠢ᠂ ᠳᠤᠮᠳᠠᠳᠤ ᠤᠯᠤᠰ ᠳᠤᠷᠠᠲᠠᠶ᠎ᠠ ᠮᠣᠩᠭᠤᠯ ᠤᠯᠤᠰ ᠲᠠᠢ ᠬᠠᠮᠲᠤ ᠪᠠᠷ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠣᠯᠣᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃
   0911-2.jpg
    9 ᠰᠠᠷ᠎ᠠ ᠶᠢᠨ 6 ᠤ ᠡᠳᠦᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠾᠧ ᠸᠧᠢ ᠪᠣᠯᠣᠨ ᠮᠣᠩᠭᠤᠯ ᠤᠯᠤᠰ ᠤᠨ ᠳᠡᠳ᠋ ᠶᠡᠷᠦᠩᠬᠡᠢ ᠰᠠᠶᠢᠳ ᠠᠮᠤᠷᠰᠠᠶᠢᠬᠠᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠪᠠᠷ᠎ᠠ ᠪᠤᠯᠣᠯᠭ᠎ᠠ ᠲᠠᠢ ᠪᠠᠷ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠬᠦᠷᠴᠦ᠂ ᠥᠪᠥᠷ ᠮᠣᠩᠭᠤᠯ ᠤᠨ ᠣᠷᠳᠣᠨ᠂ ᠮᠣᠩᠭᠤᠯ ᠤᠨ ᠣᠷᠳᠣᠨ᠂ ᠺᠠᠨᠠᠳᠠ ᠶᠢᠨ ᠣᠷᠳᠣᠨ᠂ ᠱᠠᠨᠰᠢ ᠶᠢᠨ ᠣᠷᠳᠣᠨ᠂ ᠭᠤᠸᠠᠩᠳᠦ᠋ᠩ ᠤᠨ ᠣᠷᠳᠣᠨ ᠵᠡᠷᠭᠡ ᠦᠵᠡᠰᠭᠦᠯᠡᠩ ᠤᠨ ᠲᠢᠩᠬᠢᠮ ᠢ ᠲᠣᠭᠤᠷᠢᠨ ᠦᠵᠡᠵᠦ᠂ ᠪᠠᠶᠢᠨ ᠪᠠᠶᠢᠨ ᠲᠦᠷ ᠵᠣᠭᠰᠣᠨ ᠰᠣᠨᠢᠷᠬᠠᠵᠤ ᠦᠵᠡᠰᠭᠦᠯᠡᠩ ᠳᠤ ᠣᠷᠣᠯᠴᠠᠬᠰᠠᠨ ᠪᠠᠶᠢᠳᠠᠯ ᠢ ᠨᠠᠷᠢᠨ ᠣᠶᠢᠯᠠᠭᠠᠪᠠ᠃       ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ       ᠠᠮᠤᠷᠰᠠᠶᠢᠬᠠᠨ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠨᠢ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠠᠯᠢᠭᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃        ᠮᠣᠩᠭᠤᠯ ᠤᠯᠤᠰ ᠣᠲᠣ ᠶᠠᠭ ᠣᠯᠠᠨ ᠵᠦᠢᠯ ᠤᠨ ᠥᠭᠡᠷᠡᠴᠢᠯᠡᠯᠲᠡ ᠬᠢᠵᠦ᠂ ᠬᠤᠳᠠᠯᠳᠤᠭ᠎ᠠ ᠡᠷᠭᠢᠯᠡᠭᠦ ᠬᠠᠤᠯᠢ ᠴᠠᠭᠠᠵᠠ ᠶᠢᠨ ᠣᠷᠴᠢᠨ ᠨᠥᠬᠦᠴᠡᠯ ᠢ ᠲᠡᠭᠦᠯᠳᠡᠷᠵᠢᠭᠦᠯᠦᠨ᠂ ᠪᠡᠯᠡ ᠣᠷᠣᠭᠤᠯᠤᠭᠴᠢᠳ ᠤᠨ ᠡᠷᠬᠡ ᠠᠰᠢᠭ ᠢ ᠬᠠᠮᠠᠭᠠᠯᠠᠵᠤ ᠪᠠᠶᠢᠨ᠎ᠠ᠃ ᠪᠢᠳᠠ ᠳᠤᠷᠠᠲᠠᠶ᠎ᠠ ᠳᠤᠮᠳᠠᠳᠤ ᠤᠯᠤᠰ ᠯᠤᠭ᠎ᠠ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠪᠠᠨ ᠬᠥᠭᠵᠢᠭᠦᠯᠵᠦ᠂ ᠠᠷᠠᠯᠵᠢᠶᠠᠨ ᠤ ᠬᠡᠪᠴᠢᠶ᠎ᠡ ᠪᠠᠨ ᠤᠯᠠᠮ ᠥᠷᠭᠡᠳᠬᠡᠵᠦ᠂ ᠠᠭᠤᠷ ᠠᠮᠢᠰᠬᠤᠯ᠂ ᠠᠵᠤ ᠠᠬᠤᠢ᠂ ᠰᠣᠶᠣᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠵᠡᠷᠭᠡ ᠲᠠᠯ᠎ᠠ ᠪᠠᠷ ᠴᠢᠨᠠᠭᠰᠢᠳᠠ ᠨᠢᠭᠲᠠ ᠬᠠᠮᠲᠤᠷᠠᠯᠴᠠᠵᠤ᠂ ᠴᠢᠬᠤᠯᠠ ᠶᠡᠭᠡ ᠲᠦᠷᠦᠯ ᠵᠦᠢᠯ ᠪᠠ ᠲᠥᠯᠥᠪᠯᠡᠭᠡ ᠶᠢ ᠬᠠᠮᠲᠤ ᠪᠠᠷ ᠬᠡᠷᠡᠭᠵᠢᠭᠦᠯᠵᠦ᠂ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠪᠠᠲᠤᠯᠠᠵᠤ᠂ ᠭᠠᠷ ᠬᠤᠯᠪᠣᠯᠴᠠᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠢᠯᠡᠳᠬᠡᠪᠡ᠃       ᠶᠠᠩ ᠸᠧᠢ ᠳ᠋ᠦᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠦᠨ᠎ᠡ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠵᠣᠴᠢᠳ ᠢ ᠴᠢᠩ ᠰᠡᠳᠬᠢᠯ ᠠᠴᠠ ᠪᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠪᠣᠯ ᠲᠡᠦᠬᠡᠨ ᠳᠡᠭᠡᠷᠡᠬᠢ ︽ᠲᠠᠯ᠎ᠠ ᠨᠤᠲᠤᠭ ᠤᠨ ᠲᠣᠷᠭᠠᠨ ᠵᠠᠮ︾ ᠪᠣᠯᠣᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠴᠢᠬᠤᠯᠠ ᠬᠦᠢᠰᠦ ᠪᠠ ᠵᠠᠮ ᠮᠥᠨ᠂ ᠥᠨᠥᠳᠥᠷ ᠨᠡᠩ ᠴᠤ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠤᠯᠤᠰ ᠤᠨ ᠪᠠᠷᠠᠭᠤᠨ ᠣᠷᠣᠨ ᠤ ᠡᠬᠡ ᠬᠠᠭᠤᠷᠠᠢ ᠪᠠ ᠳᠠᠯᠠᠢ ᠲᠠᠩᠭᠢᠰ ᠤᠨ ᠰᠢᠨ᠎ᠡ ᠵᠠᠮ ᠤᠨ ᠴᠢᠬᠤᠯᠠ ᠪᠣᠭᠤᠮᠲᠠ ᠪᠣᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠮᠣᠩᠭᠤᠯ ᠤᠯᠤᠰ ᠯᠤᠭ᠎ᠠ ᠶᠢᠨ ᠡᠯ᠎ᠡ ᠬᠦᠷᠢᠶᠡᠨ ᠤ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠶᠠᠪᠤᠯᠴᠠᠭ᠎ᠠ ᠪᠠᠨ ᠴᠢᠨᠠᠭᠰᠢᠳᠠ ᠨᠢᠭᠲᠠᠷᠠᠭᠤᠯᠵᠤ᠂ ᠪᠣᠭᠤᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠡᠢ᠃       ᠡᠭᠢᠯᠡᠯᠲᠡ ᠶᠢᠨ ᠶᠣᠰᠣᠯᠠᠯ ᠠᠴᠠ ᠡᠮᠦᠨ᠎ᠡ᠂ ᠾᠧ ᠸᠧᠢ ᠪᠣᠯᠣᠨ ᠠᠮᠤᠷᠰᠠᠶᠢᠬᠠᠨ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠪᠠᠷ᠎ᠠ ᠪᠤᠯᠤᠯᠭ᠎ᠠ ᠲᠠᠢ ᠪᠠᠷ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠬᠦᠷᠴᠦ᠂ ᠥᠪᠥᠷ ᠮᠣᠩᠭᠤᠯ ᠤᠨ ᠣᠷᠳᠣᠨ᠂ ᠮᠣᠩᠭᠤᠯ ᠤᠯᠤᠰ ᠤᠨ ᠣᠷᠳᠣᠨ᠂ ᠺᠠᠨᠠᠳᠠ ᠶᠢᠨ ᠣᠷᠳᠣᠨ᠂ ᠱᠠᠨᠰᠢ ᠶᠢᠨ ᠣᠷᠳᠣᠨ᠂ ᠭᠤᠸᠠᠩᠳᠦ᠋ᠩ ᠤᠨ ᠣᠷᠳᠣᠨ ᠵᠡᠷᠭᠡ ᠦᠵᠡᠰᠭᠦᠯᠡᠩ ᠤᠨ ᠲᠢᠩᠬᠢᠮ  ᠢᠶᠠᠷ ᠲᠣᠭᠤᠷᠢᠨ ᠦᠵᠡᠵᠦ᠂ ᠪᠠᠶᠢᠨ ᠪᠠᠶᠢᠨ ᠲᠦᠷ ᠵᠣᠭᠰᠣᠨ ᠰᠣᠨᠢᠷᠬᠠᠵᠤ᠂ ᠦᠵᠡᠰᠭᠦᠯᠡᠩ ᠳᠤ ᠣᠷᠣᠯᠴᠠᠬᠰᠠᠨ ᠪᠠᠶᠢᠳᠠᠯ ᠢ ᠨᠠᠷᠢᠨ ᠣᠶᠢᠯᠠᠭᠠᠪᠠ᠃       ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠭᠤᠣᠯ ᠵᠣᠴᠢᠨ ᠮᠤᠵᠢ ᠪᠤᠯᠬᠤ ᠱᠠᠨᠰᠢ ᠮᠤᠵᠢ᠂ ᠭᠤᠸᠠᠩᠳᠦ᠋ᠩ ᠮᠤᠵᠢ᠂ ᠵᠢᠶᠠᠩᠰᠤ ᠮᠤᠵᠢ ᠶᠢᠨ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠤᠯᠭ᠎ᠠ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃ ᠵᠡᠭᠦᠨ ᠬᠤᠶᠢᠲᠤ ᠠᠽᠢᠶ᠎ᠠ᠂ ᠳᠤᠮᠳᠠ ᠠᠽᠢᠶ᠎ᠠ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠵᠡᠷᠭᠡ 35 ᠤᠯᠤᠰ ᠪᠠ ᠭᠠᠵᠠᠷ ᠣᠷᠣᠨ ᠤ ᠲᠥᠯᠥᠭᠡᠯᠡᠭᠴᠢ᠂ ᠤᠯᠤᠰ ᠠᠯᠤᠰᠯᠠᠭᠰᠠᠨ ᠺᠤᠮᠫᠠᠨᠢ᠂ ᠨᠡᠷᠡᠳᠤ ᠠᠵᠤ ᠠᠬᠤᠶᠢᠯᠠᠯ᠂ ᠬᠤᠯᠪᠣᠭᠳᠠᠯ ᠪᠦᠬᠦᠢ ᠬᠤᠳᠠᠯᠳᠤᠭᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ᠂ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠮᠵᠢ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠥᠮᠥᠰ᠂ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ ᠵᠡᠷᠭᠡ ᠨᠡᠶᠢᠳᠡ 500 ᠭᠠᠷᠤᠢ ᠬᠥᠮᠥᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃       ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ᠂ ᠮᠣᠩᠭᠤᠯ ᠤᠯᠤᠰ ᠤᠨ ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ︽ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠵᠤ᠂ ᠬᠥᠭᠵᠢᠯᠲᠡ ᠶᠢᠨ ᠰᠢᠨ᠎ᠡ ᠲᠣᠭᠢᠶᠠᠯ ᠢ ᠬᠠᠮᠲᠤ ᠪᠠᠷ ᠡᠳ᠋ᠯᠡᠶ᠎ᠡ︾ ᠭᠡᠬᠦ ᠪᠠᠷ ᠭᠤᠣᠯ ᠰᠡᠳᠦᠪ ᠪᠤᠯᠭᠠᠵᠤ᠂ 9 ᠰᠠᠷ᠎ᠠ ᠶᠢᠨ 6 ᠠᠴᠠ 10 ᠤ ᠡᠳᠦᠷ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠳᠤ ᠶᠠᠪᠤᠭᠳᠠᠨ᠎ᠠ᠃ ᠡᠨᠡ ᠬᠤᠭᠤᠴᠠᠭᠠᠨ ᠳᠤ ᠪᠠᠰᠠ 10 ᠭᠠᠷᠤᠢ ᠲᠠᠯᠠᠪᠤᠷ ᠠᠷᠠᠯᠵᠢᠶ᠎ᠠ ᠪᠡᠯᠡ ᠣᠷᠣᠭᠤᠯᠤᠯᠲᠠ ᠶᠢᠨ ᠲᠠᠨᠢᠯᠴᠠᠭᠤᠯᠭ᠎ᠠ ᠵᠢᠴᠢ ᠬᠤᠷᠠᠯ ᠶᠠᠷᠢᠶᠠᠨ ᠤ ᠲᠠᠪᠴᠠᠩ ᠤᠨ ᠠᠵᠢᠯᠯᠠᠭ᠎ᠠ ᠥᠷᠨᠢᠭᠦᠯᠬᠦ ᠪᠣᠯᠣᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ