ᠰᠦᠨ ᠱᠤᠤ ᠴᠧᠩ ᠬᠠᠩᠭᠢᠨ ᠬᠤᠰᠢᠭᠤᠨ ᠤ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠳᠤ ᠴᠣᠬᠤᠯᠠᠪᠤᠷᠢ ᠥᠭᠭᠦᠭᠰᠡᠨ ᠪᠥᠭᠡᠳ ᠠᠳᠡᠯ ᠳᠤ ᠰᠢᠷᠬᠠᠲᠤᠭᠰᠠᠳ ᠢ ᠪᠣᠯᠭᠤᠭᠠᠨ ᠲᠣᠬᠤᠨᠢᠭᠤᠯᠪᠠ ᠸᠠᠩ ᠯᠢ ᠰᠢᠶᠠ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2023/9/11
       9 ᠰᠠᠷ᠎ᠠ ᠶᠢᠨ 7 ᠤ ᠦᠳᠡ ᠶᠢᠨ ᠬᠤᠶᠢᠨ᠎ᠠ᠂ ᠣᠷᠳᠣᠰ ᠬᠤᠲᠠ ᠶᠢᠨ ᠬᠠᠩᠭᠢᠨ ᠬᠤᠰᠢᠭᠤᠨ ᠤ ᠳᠤᠭᠤᠶᠢᠳᠠᠯ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠳᠤ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠭᠠᠷᠴᠠᠢ᠃ ᠣᠳᠣᠬᠠᠨ ᠪᠤᠯᠲᠠᠯ᠎ᠠ᠂ ᠠᠳᠡᠯ ᠳᠤ 10 ᠬᠥᠮᠥᠨ ᠠᠳᠡᠵᠦ᠂ 3 ᠬᠥᠮᠥᠨ ᠰᠢᠷᠬᠠᠲᠤᠵᠠᠢ᠃
0911-3.jpg
       9 ᠰᠠᠷ᠎ᠠ ᠶᠢᠨ 8 ᠤ ᠦᠳᠡ ᠶᠢᠨ ᠬᠤᠶᠢᠨ᠎ᠠ᠂᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠤᠰᠬᠠᠶᠢᠯᠠᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠰᠢᠷᠬᠠᠲᠤᠭᠰᠠᠳ ᠢ ᠪᠣᠯᠭᠤᠭᠠᠨ ᠲᠣᠬᠤᠨᠢᠭᠤᠯᠪᠠ᠃       ᠠᠳᠡᠯ ᠭᠠᠷᠤᠭᠰᠠᠨ ᠤ ᠳᠠᠷᠠᠭ᠎ᠠ᠂ ᠣᠷᠣᠨ ᠤ ᠭᠠᠳᠠᠨ᠎ᠠ ᠬᠤᠷᠠᠯ ᠳᠤ ᠣᠷᠣᠯᠴᠠᠵᠤ ᠪᠠᠶᠢᠭᠰᠠᠨ ᠰᠦᠨ ᠱᠤᠤ ᠴᠧᠩ ᠰᠣᠨᠣᠰᠤᠭᠰᠠᠨ ᠳᠠᠷᠤᠢ ᠳᠠᠭᠠᠨ ᠴᠣᠬᠤᠯᠠᠪᠤᠷᠢ ᠥᠭᠴᠡᠢ᠃ ᠲᠡᠷᠡ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠠᠷᠦ᠋ᠢᠬᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠢ ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ᠂ ᠠᠳᠡᠯ ᠢ ᠲᠣᠬᠢᠲᠠᠢ ᠰᠢᠢᠳᠪᠦᠷᠢᠯᠡᠵᠦ᠂ ᠲᠤᠬᠠᠢ ᠶᠢᠨ ᠲᠠᠯᠠᠪᠠᠶ ᠶᠢᠨ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠵᠦ᠂ ᠲᠠᠭᠢᠨ ᠵᠠᠯᠭᠠᠭ᠎ᠠ ᠪᠠᠷ ᠭᠠᠮᠰᠢᠭ ᠡᠭᠦᠰᠬᠦ ᠶᠢ ᠰᠡᠷᠭᠡᠶᠢᠯᠡᠵᠦ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠠᠳᠡᠭᠰᠡᠳ ᠰᠢᠷᠬᠠᠲᠤᠭᠰᠠᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠠᠵᠢᠯ ᠢ ᠰᠠᠶᠢᠲᠤᠷ ᠬᠢᠵᠦ᠂ ᠠᠳᠡᠯ ᠤᠨ ᠰᠢᠯᠲᠠᠭᠠᠨ ᠢ ᠳᠠᠷᠤᠢ ᠲᠦᠷᠭᠡᠨ ᠪᠠᠶᠢᠴᠠᠭᠠᠨ ᠲᠣᠳᠣᠯᠠᠵᠤ᠂ ᠨᠡᠶᠢᠭᠡᠮ ᠤᠨ ᠠᠩᠬᠠᠷᠤᠯ ᠳᠤ ᠬᠠᠷᠢᠭᠤ ᠲᠤᠰᠬᠠᠬᠤ ᠭᠡᠷᠡᠭᠲᠡᠶ︔ ᠡᠯ᠎ᠡ ᠱᠠᠲᠤ ᠡᠯ᠎ᠡ ᠲᠠᠯ᠎ᠠ ᠶᠢᠨ ᠬᠢᠨ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃       8 ᠤ ᠦᠳᠡ ᠶᠢᠨ ᠡᠮᠦᠨ᠎ᠡ᠂ ᠣᠷᠣᠨ ᠤ ᠭᠠᠳᠠᠨ᠎ᠠ ᠠᠴᠠ ᠭᠦᠭᠡᠬᠤᠲᠠ ᠳᠤ ᠪᠤᠴᠠᠵᠤ ᠢᠷᠡᠭᠰᠡᠨ ᠰᠦᠨ ᠱᠤᠤ ᠴᠧᠩ ᠨᠢᠰᠬᠡᠯ ᠠᠴᠠ ᠪᠠᠭᠤᠮᠠᠭᠴᠠ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠢᠨᠠᠭᠰᠢᠳᠠ ᠲᠣᠬᠢᠷᠠᠭᠤᠯᠪᠠ᠃ ᠣᠳᠣᠬᠠᠨ ᠳᠤ ᠠᠳᠡᠯ ᠤᠨ ᠲᠤᠬᠠᠢ ᠶᠢᠨ ᠲᠠᠯᠠᠪᠠᠢ ᠶᠢ ᠨᠢᠭᠡᠨᠲᠡ ᠴᠡᠪᠡᠷᠯᠡᠨ ᠳᠠᠭᠤᠰᠬᠠᠵᠤ᠂ ᠠᠶᠤᠯ ᠤᠨ ᠡᠬᠢ ᠶᠢ ᠨᠢᠭᠡᠨᠲᠡ ᠠᠷᠢᠯᠭᠠᠭᠰᠠᠨ ᠪᠠᠶᠢᠨ᠎ᠠ᠃ ᠰᠦᠨ ᠱᠤᠤ ᠴᠧᠩ ᠠᠳᠡᠯ ᠳᠤ ᠰᠢᠷᠬᠠᠲᠤᠭᠰᠠᠳ ᠤᠨ ᠪᠠᠶᠢᠳᠠᠯ ᠢ ᠮᠠᠰᠢ ᠬᠠᠯᠠᠮᠵᠢᠯᠠᠵᠤ᠂ ᠲᠣᠰ ᠡᠳᠦᠷ ᠤᠨ ᠦᠳᠡ ᠶᠢᠨ ᠬᠤᠶᠢᠨ᠎ᠠ ᠲᠤᠰᠬᠠᠶᠢᠯᠠᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠰᠢᠷᠬᠠᠲᠤᠭᠰᠠᠳ ᠢ ᠪᠣᠯᠭᠤᠭᠠᠨ ᠲᠣᠬᠤᠨᠢᠭᠤᠯᠪᠠ᠃ ᠡᠪᠡᠳᠴᠢᠲᠡᠨ ᠤ ᠥᠷᠥᠭᠡᠨ ᠳᠤ ᠣᠷᠣᠮᠠᠭᠴᠠ᠂ ᠰᠦᠨ ᠱᠤᠤ ᠴᠧᠩ ᠰᠢᠷᠬᠠᠲᠤᠭᠰᠠᠳ ᠤᠨ ᠪᠠᠶᠢᠳᠠᠯ ᠪᠣᠯᠣᠨ ᠠᠪᠤᠷᠠᠨ ᠡᠮᠨᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠵᠤ᠂ ᠳᠡᠳᠡᠨ ᠢ ᠰᠠᠨᠠᠭ᠎ᠠ ᠠᠮᠤᠷ ᠰᠢᠷᠬ᠎ᠠ ᠪᠠᠨ ᠰᠤᠪᠢᠯᠠᠵᠤ᠂ ᠡᠷᠲᠡᠬᠡᠨ ᠡᠷᠡᠭᠦᠯᠵᠢᠭᠡᠷᠡᠢ ᠭᠡᠵᠦ ᠵᠠᠬᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠮᠨᠡᠯᠭᠡ ᠶᠢᠨ ᠬᠤᠷᠢᠶ᠎ᠠ ᠶᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠰᠢᠷᠬᠠᠲᠤᠭᠰᠠᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃       ᠡᠨᠡ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠳᠡᠯ ᠤᠨ ᠲᠤᠬᠠᠢ ᠸᠠᠩ ᠯᠢ ᠰᠢᠶᠠ ᠪᠠᠰᠠ ᠴᠣᠬᠤᠯᠠᠪᠤᠷᠢ ᠥᠭᠴᠡᠢ᠃ ᠰᠦᠨ ᠱᠤᠤ ᠴᠧᠩ ᠪᠣᠯᠣᠨ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠬᠤᠸᠠᠩ ᡁᠢ ᠴᠢᠶᠠᠩ ᠡᠷᠡᠭᠦᠯ ᠬᠠᠮᠠᠭᠠᠯᠠᠯ ᠡᠷᠡᠭᠦᠯ ᠮᠡᠨᠳᠤ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠳᠠᠷᠤᠢ ᠲᠦᠷᠭᠡᠨ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠠᠳᠡᠯ ᠢ ᠰᠢᠢᠳᠪᠦᠷᠢᠯᠡᠬᠦ ᠶᠠᠪᠤᠴᠠ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ᠂ 3 ᠰᠢᠷᠬᠠᠲᠤᠭᠰᠠᠳ ᠢ ᠨᠢᠭᠡᠨᠲᠡ ᠠᠮᠤᠷ ᠲᠦᠪᠰᠢᠨ ᠢᠶᠠᠷ ᠰᠢᠯᠵᠢᠭᠦᠯᠦᠨ ᠡᠮᠨᠡᠭᠦᠯᠪᠡ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠨᠢᠭᠡᠨᠲᠡ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠶᠠᠭ ᠠᠳᠡᠯ ᠤᠨ ᠰᠢᠯᠲᠠᠭᠠᠨ ᠢ ᠪᠠᠶᠢᠴᠠᠭᠠᠵᠤ᠂ ᠣᠷᠴᠢᠨ ᠲᠣᠭᠤᠷᠢᠨ ᠤ ᠨᠥᠯᠥᠭᠡᠯᠡᠯ ᠢ ᠰᠤᠳᠤᠯᠤᠨ ᠮᠠᠭᠠᠳᠯᠠᠵᠤ ᠪᠠᠶᠢᠨ᠎ᠠ᠃ ᠣᠷᠳᠣᠰ ᠬᠤᠲᠠ ᠶᠢᠨ ᠬᠢᠨ ᠨᠢᠭᠡᠨᠲᠡ ᠠᠵᠢᠯᠯᠠᠬᠤ ᠳᠤᠭᠤᠶᠢᠯᠠᠩ ᠪᠠᠶᠢᠭᠤᠯᠵᠤ᠂ ᠠᠳᠡᠯ ᠢ ᠰᠢᠢᠳᠪᠦᠷᠢᠯᠡᠬᠦ᠂ ᠠᠳᠡᠯ ᠢ ᠪᠠᠶᠢᠴᠠᠭᠠᠬᠤ ᠪᠠ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠠᠵᠢᠯ ᠢ ᠢᠳᠡᠪᠬᠢᠲᠡᠢ ᠥᠷᠨᠢᠭᠦᠯᠵᠦ ᠪᠠᠶᠢᠨ᠎ᠠ᠃       ᠬᠤᠸᠠᠩ ᡁᠢ ᠴᠢᠶᠠᠩ᠂ ᠢᠦᠢ ᠯᠢ ᠰᠢᠨ ᠰᠢᠷᠬᠠᠲᠤᠭᠰᠠᠳ ᠢ ᠬᠠᠮᠲᠤ ᠪᠣᠯᠭᠤᠭᠠᠨ ᠦᠵᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ