9 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ | ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ | ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠲᠥᠪ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠳ᠋ᠦᠩᠨᠡᠵᠦ᠂ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤᠤ ᠴᠧᠩ᠂ | ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠲᠤᠰ ᠲᠤᠰ ᠶᠠᠷᠢᠶ᠎ᠠ ᠲᠠᠯᠪᠢᠪᠠ᠃ | | | ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠵᠢᠢ ᠵᠢᠴᠢ ᠪᠦᠭᠦ ᠪᠦᠷᠢᠯᠳᠦᠭᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠠᠩᠬᠠᠳᠤᠭᠠᠷ | ᠤᠳᠠᠭ᠎ᠠ ᠶᠢᠨ ᠪᠦᠭᠦᠳᠡ ᠬᠤᠷᠠᠯ ᠢ ᠡᠷᠭᠢᠯᠡᠭᠰᠡᠨ ᠪᠥᠭᠡᠳ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠳᠡᠭᠡᠷ᠎ᠡ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠰᠦᠨ | ᠱᠤᠤ ᠴᠧᠩ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠨᠠᠷᠢᠨ | ᠬᠢᠨᠠᠮᠠᠭᠠᠢ ᠵᠢᠯᠣᠭᠤᠳᠤᠯᠭ᠎ᠠ ᠳᠣᠣᠷ᠎ᠠ᠂ ᠮᠠᠨ ᠤ ᠣᠷᠣᠨ ᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠵᠢᠱᠢᠭᠰᠡᠨ ᠬᠠᠷᠠᠯᠲᠠ ᠳᠠᠭᠠᠨ ᠬᠦᠷᠴᠦ᠂ ᠴᠢᠬᠤᠯᠠ | ᠦᠷ᠎ᠡ ᠪᠦᠲᠦᠭᠡᠯ ᠣᠯᠪᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠨᠠᠩ ᠪᠠᠲᠤ ᠪᠠᠬᠢ ᠪᠣᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠲᠠᠷᠢᠬᠢ ᠲᠣᠯᠣᠭᠠᠢ ᠪᠠᠨ | ᠵᠡᠪᠰᠡᠭᠯᠡᠬᠦ ᠨᠢ ᠨᠡᠩ ᠭᠦᠨ ᠳᠠᠪᠬᠤᠷᠭ᠎ᠠ ᠲᠡᠶᠢᠰᠢ ᠶᠡᠭᠡ ᠠᠯᠬᠤᠮ ᠤᠷᠤᠭᠰᠢᠯᠠᠵᠤ᠂ ᠥᠭᠡᠷᠡᠴᠢᠯᠡᠯᠲᠡ ᠬᠥᠭᠵᠢᠯᠲᠡ ᠶᠢᠨ ᠰᠡᠳᠬᠢᠴᠡ ᠨᠠᠩ ᠲᠣᠳᠣᠷᠬᠠᠢ ᠪᠣᠯᠵᠤ᠂ | ᠪᠠᠶᠢᠴᠠᠭᠠᠨ ᠰᠤᠳᠤᠯᠤᠯᠲᠠ ᠬᠢᠬᠦ ᠰᠢᠯᠢᠳᠡᠭ ᠤᠯᠠᠮᠵᠢᠯᠠᠯ ᠢ ᠰᠢᠨ᠎ᠡ ᠪᠠᠷ ᠪᠠᠳᠠᠷᠠᠭᠤᠯᠤᠨ ᠳᠡᠯᠭᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠺᠠᠳ᠋ᠷ ᠤᠨ ᠡᠩᠨᠡᠭᠡᠨ ᠤ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠢᠪᠬᠤᠭ᠎ᠠ ᠤᠯᠠᠮ ᠴᠢᠨᠠᠭᠰᠢᠳᠠ ᠪᠠᠳᠠᠷᠠᠵᠥ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠨᠡᠩ ᠶᠡᠭᠡ | ᠰᠢᠨ᠎ᠡ ᠦᠷ᠎ᠡ ᠪᠦᠲᠦᠮᠵᠢ ᠣᠯᠵᠤ᠂ ᠪᠦᠭᠦ ᠣᠷᠣᠨ ᠳᠠᠶᠠᠭᠠᠷ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ | ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠰᠢᠨ᠎ᠡ ᠣᠯᠣᠯᠲᠠ ᠲᠠᠢ ᠪᠣᠯᠵᠤ᠂ | ᠦᠵᠡᠯ ᠰᠠᠨᠠᠭ᠎ᠠ ᠨᠠᠩ ᠨᠢᠭᠡᠳᠦᠯᠲᠡᠢ᠂ ᠡᠷᠴᠢ ᠵᠣᠷᠢᠭ ᠨᠠᠩ ᠭᠦᠢᠴᠡᠳ ᠪᠣᠯᠵᠠᠢ ᠭᠡᠪᠡ᠃ ᠰᠦᠨ ᠱᠤᠤ ᠴᠧᠩ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ | ᠬᠥᠮᠦᠵᠢᠯ ᠲᠠᠢ ᠬᠠᠷᠢᠴᠠᠭᠤᠯᠪᠠᠯ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠡᠭᠦᠷᠭᠡ ᠨᠡᠩ ᠪᠡᠷᠬᠡ ᠬᠠᠲᠠᠭᠤᠵᠢᠯᠲᠠᠢ ᠶᠤᠮ᠃ ᠶᠡᠷᠦᠩᠬᠡᠢ ᠱᠦᠵᠢ | ᠰᠢ ᠶᠢᠨ ᠫᠢᠩ ᠤᠨ ︽ᠲᠠᠪᠤᠨ ᠨᠠᠩ ᠴᠢᠨᠠᠭᠰᠢᠳᠠ︾ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠵᠢᠷᠭᠤᠭᠠᠨ ᠡᠷᠬᠡᠪᠰᠢ︾ ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠲᠤᠭᠤᠰᠢᠯᠠᠭᠤᠯᠵᠤ᠂ ᠰᠠᠶᠢᠲᠤᠷ ᠬᠡᠷᠡᠭᠯᠡᠵᠦ᠂ ᠡᠯ᠎ᠡ | ᠵᠦᠢᠯ ᠤᠨ ᠡᠭᠦᠷᠭᠡ ᠪᠣᠯᠣᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠨᠢᠭᠡ ᠪᠦᠷᠢ ᠴᠥᠮ ᠰᠢᠨ᠎ᠡ | ᠬᠤᠪᠢᠷᠠᠯᠲᠠ ᠲᠠᠢ ᠪᠣᠯᠵᠤ᠂ ᠨᠠᠮ ᠤᠨ ᠭᠡᠰᠢᠭᠦᠨ᠂ ᠺᠠᠳ᠋ᠷ ᠨᠢᠭᠡ ᠪᠦᠷᠢ ᠴᠥᠮ ᠰᠢᠨ᠎ᠡ ᠳᠠᠪᠰᠢᠯᠲᠠ ᠲᠠᠢ ᠪᠣᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ | ᠡᠭᠦᠨ ᠠᠴᠠ ᠦᠨᠡᠨ ᠬᠦ ᠠᠰᠢᠭ ᠭᠦᠷᠳᠡᠭᠦ ᠶᠢ ᠪᠠᠲᠤᠯᠠᠬᠤ ᠬᠡᠷᠡᠭᠲᠡᠢ᠃ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ ᠬᠡᠯᠪᠠᠶᠢᠬᠦ ᠦᠭᠡᠢ | ᠪᠠᠶᠢᠵᠤ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠢᠴᠡᠳ ᠲᠣᠯᠢᠳᠠᠵᠤ᠂ ᠡᠬᠢᠯᠡᠩᠭᠦᠲᠡ ᠪᠠᠨ ᠳᠠᠷᠤᠢ | ᠲᠦᠷᠭᠡᠨ ᠪᠠᠶᠢᠳᠠᠯ ᠳᠠᠭᠠᠨ ᠣᠷᠣᠬᠤ ᠬᠡᠷᠡᠭᠲᠡᠢ᠃ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠨ ᠵᠢᠯᠤᠭᠤᠳᠬᠤ ᠲᠠᠯ᠎ᠠ ᠪᠠᠷ ᠶᠡᠷᠦᠮᠳᠡᠭ ᠪᠤᠰᠤ ᠪᠠᠶᠢᠯᠭᠠᠵᠤ᠂ ᠰᠢᠶᠠᠨ | ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠭᠡᠬᠦ ᠡᠨᠡ ᠬᠦ ᠭᠤᠣᠯᠳᠠᠯᠭ᠎ᠠ ᠶᠢ ᠰᠠᠶᠢᠲᠤᠷ ᠠᠳᠬᠤᠵᠤ᠂ ᠠᠳᠠᠯᠢ ᠪᠤᠰᠤ | ᠭᠠᠵᠠᠷ ᠣᠷᠣᠨ᠂ ᠠᠳᠠᠯᠢ ᠪᠤᠰᠤ ᠲᠥᠷᠥᠯ ᠭᠡᠯᠪᠡᠷᠢ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠠᠵᠢᠯ ᠤᠨ ᠪᠠᠶᠢᠷᠢ ᠶᠢᠨ ᠨᠠᠮ ᠤᠨ ᠭᠡᠰᠢᠭᠦᠨ ᠺᠠᠳ᠋ᠷ ᠤᠨ ᠣᠨᠴᠠᠯᠢᠭ | ᠪᠣᠯᠣᠨ ᠪᠣᠳᠠᠲᠠᠢ ᠳᠤ ᠴᠢᠭᠯᠡᠭᠦᠯᠦᠨ᠂ ᠠᠮᠢᠳᠤᠯᠢᠭ ᠰᠢᠨ᠎ᠡ ᠰᠣᠷᠭᠤᠭ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠭᠡᠯᠪᠡᠷᠢ ᠪᠠᠷ ᠠᠬᠢᠭᠤᠯᠬᠤ ᠬᠡᠷᠡᠭᠲᠡᠢ᠃ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠡᠭᠡᠨ ᠬᠤᠭᠤᠰᠤᠳᠠᠬᠤ ᠦᠭᠡᠢ ᠪᠠᠶᠢᠵᠤ᠂ ᠠᠰᠠᠭᠤᠳᠠᠯ ᠢ ᠪᠠᠶᠢᠴᠠᠭᠠᠨ ᠰᠢᠨᠵᠢᠬᠦ ᠳᠡᠭᠡᠨ ︽ᠬᠡᠶᠢᠰᠪᠦᠷᠢ︾ ᠦᠭᠡᠢ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠭᠠᠨ ︽ᠤᠳᠠᠭᠠᠰᠢᠷᠠᠭᠤᠯᠬᠤ︾ ᠦᠭᠡᠢ᠂ ᠲᠤᠰᠬᠠᠢ ᠴᠡᠭᠴᠡᠯᠡᠨ ᠵᠠᠰᠠᠬᠤ ᠳᠠᠭᠠᠨ ︽ᠵᠥᠭᠡᠯᠡᠨ︾ ᠦᠭᠡᠢ ᠪᠠᠶᠢᠬᠤ | ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠲᠠᠰᠤᠯᠳᠠᠭᠤᠯᠬᠤ ᠦᠭᠡᠢ ᠪᠠᠶᠢᠬᠤ ᠶᠢ ᠰᠠᠶᠢᠲᠤᠷ ᠬᠢᠵᠦ᠂ ᠬᠤᠶᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠢ ᠰᠠᠶᠢᠲᠤᠷ ᠵᠣᠯᠭᠠᠭᠤᠯᠵᠤ᠂ ᠠᠰᠠᠭᠤᠳᠠᠯ ᠢ ᠬᠤᠯᠪᠤᠭᠠᠯᠠᠨ ᠴᠡᠭᠴᠡᠯᠡᠨ ᠰᠠᠶᠢᠵᠢᠷᠠᠭᠤᠯᠵᠤ᠂ ︽ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ | ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠰᠠᠶᠢᠲᠤᠷ ᠵᠣᠬᠢᠶᠠᠨ ᠪᠠᠶᠢᠭᠤᠯᠵᠤ᠂ ︽ᠨᠠᠮ ᠤᠨ ᠠᠴᠢ ᠳᠤ | ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠦᠭᠦ ᠲᠠᠯ᠎ᠠ ᠪᠠᠷ | ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠪᠣᠯᠣᠨ ᠭᠤᠣᠯ ᠠᠵᠢᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠶᠢ ᠲᠦᠷᠭᠡᠳᠬᠡᠨ ᠪᠡᠶᠡᠯᠡᠭᠦᠯᠬᠦ ᠬᠠᠷᠠᠯᠲᠠ ᠳᠡᠭᠡᠷ᠎ᠡ ᠢᠯᠡᠷᠡᠭᠦᠯᠬᠦ ᠬᠡᠷᠡᠭᠲᠡᠢ᠃ | ᠴᠢᠩᠭ᠎ᠠ ᠪᠣᠳᠠᠲᠠᠢ ᠪᠠᠶᠢᠬᠤ ᠲᠠᠯ᠎ᠠ ᠪᠠᠷ ᠦᠭᠡᠷᠡᠳᠡᠭᠦ ᠦᠭᠡᠢ ᠪᠠᠶᠢᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠵᠠᠯᠠᠷᠠᠭᠤᠯᠤᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠰᠡᠳᠦᠪᠲᠦ ᠬᠥᠮᠦᠵᠢᠯ ᠢ ᠬᠡᠯᠪᠡᠷᠢᠴᠢ ᠦᠵᠡᠯ ᠪᠤᠯᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠪᠡ᠃ | | | | ᠰᠦᠨ ᠱᠣᠣ ᠴᠧᠩ᠂ ᠪᠦᠭᠦ ᠣᠷᠣᠨ ᠤ ᠡᠯ᠎ᠡ ᠱᠠᠲᠤᠨ ᠤ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠤ ᠨᠠᠮ ᠤᠨ ᠬᠤᠷᠢᠶ᠎ᠠ ᠲᠤᠰ ᠪᠡᠶ᠎ᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠶᠢ ᠰᠠᠶᠢᠲᠤᠷ ᠠᠳᠬᠤᠬᠤ ᠪᠥᠭᠡᠳ | ᠪᠠᠰᠠ ᠦᠨᠳᠦᠰᠦᠨ ᠱᠠᠲᠤ ᠶᠢ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠲᠥᠷᠥᠯ ᠤᠨ ᠰᠢᠰᠲ᠋ᠧᠮ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠬᠠᠷᠢᠶ᠎ᠠ ᠨᠢᠭᠡᠴᠢ ᠪᠣᠯᠣᠨ ᠰᠠᠯᠪᠤᠷᠢ ᠪᠠᠶᠢᠭᠤᠯᠤᠮᠵᠢ ᠪᠠᠨ | ᠵᠢᠯᠤᠭᠤᠳᠬᠤ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠦᠷᠦᠭᠦᠯᠡᠨ ᠰᠤᠷᠤᠯᠴᠠᠵᠤ᠂ ᠲᠦᠷᠦᠭᠦᠯᠡᠨ | ᠰᠠᠶᠢᠵᠢᠷᠠᠭᠤᠯᠵᠤ᠂ ᠲᠦᠷᠦᠭᠦᠯᠡᠨ ᠠᠳᠬᠤᠵᠤ᠂ ᠰᠢᠶᠠᠨ ᠰᠢᠶᠠᠩ ᠤᠨ ᠤᠳᠤᠷᠢᠳᠬᠤ ᠺᠠᠳ᠋ᠷ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠡᠮᠦᠨ᠎ᠡ ᠨᠢ ᠴᠢᠩᠭ᠎ᠠ ᠱᠠᠯᠠᠪᠳᠠᠭᠤᠯᠤᠨ ᠪᠣᠳᠠᠲᠠᠢ | ᠵᠢᠯᠤᠭᠤᠳᠴᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠬᠦ᠂ ᠴᠢᠨᠠᠷ ᠰᠠᠶᠢᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃ ᠴᠧ ᠵᠢᠶᠦ᠋ᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ | ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠢᠮᠠᠭᠲᠠ | ᠡᠵᠡᠮᠳᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ | ᠳᠦᠷᠢᠮ ᠲᠣᠭᠲᠠᠭᠠᠯ ᠲᠣᠭᠲᠠᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠰᠤᠳᠤᠯᠤᠨ ᠲᠥᠯᠥᠪᠵᠢᠭᠦᠯᠦᠭᠰᠡᠨ ᠨᠢ ᠬᠦᠴᠦᠲᠡᠢ᠂ | ᠠᠵᠢᠯ ᠤᠨ ᠨᠠᠶᠢᠳᠠᠪᠤᠷᠢᠵᠢᠭᠤᠯᠤᠯᠲᠠ ᠨᠢ ᠪᠦᠲᠦᠮᠵᠢᠲᠡᠢ᠂ ᠤᠯᠠᠨ ᠲᠦᠮᠡᠨ ᠣᠶᠢᠯᠠᠭᠠᠯᠲᠠ ᠲᠥᠷᠥᠭᠳᠡᠯ ᠲᠠᠢ᠂ ᠲᠣᠭᠲᠠᠭᠠᠭᠰᠠᠨ ᠠᠭᠤᠯᠭ᠎ᠠ ᠶᠢ ᠪᠦᠭᠦᠨ ᠢ | ᠬᠠᠮᠤᠷᠤᠭᠤᠯᠵᠤ᠂ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠨᠢ ᠣᠨᠴᠠᠯᠢᠭ ᠲᠠᠢ ᠪᠠᠶᠢᠵᠤ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠢᠯᠡᠳᠲᠡ | ᠦᠷ᠎ᠡ ᠪᠦᠲᠦᠮᠵᠢ ᠣᠯᠪᠠ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ | ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠬᠠᠷᠠᠯᠲᠠ ᠱᠠᠭᠠᠷᠳᠠᠯᠭ᠎ᠠ ᠶᠢ ᠣᠨᠣᠴᠠᠲᠠᠢ ᠡᠵᠡᠮᠳᠡᠵᠦ᠂ ᠲᠥᠷᠥᠯ ᠬᠤᠪᠢᠶᠠᠨ ᠵᠢᠯᠤᠭᠤᠳᠬᠤ ᠶᠢ ᠴᠢᠬᠤᠯᠠᠴᠢᠯᠠᠨ ᠴᠢᠩᠭᠠᠳᠬᠠᠵᠤ᠂ ᠪᠣᠳᠠᠲᠠᠢ ᠠᠰᠠᠭᠤᠳᠠᠯ ᠢ ᠬᠢᠨᠠᠮᠠᠭᠠᠢ | ᠰᠢᠢᠳᠪᠦᠷᠢᠯᠡᠨ᠂ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ | ᠰᠡᠷᠭᠡᠶᠢᠯᠡᠨ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠬᠢᠬᠦ ᠶᠢ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠯᠦᠭᠡ | ᠨᠢᠭᠲᠠ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠨ᠂ ᠬᠤᠶᠠᠷ ᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | | | | ᠬᠤᠷᠠᠯ ᠳᠡᠭᠡᠷ᠎ᠡ᠂ ᠬᠡᠰᠡᠭ ᠠᠶᠢᠮᠠᠭ ᠬᠤᠲᠠ ᠪᠣᠯᠣᠨ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ | ᠰᠤᠷᠤᠯᠭ᠎ᠠ ᠳᠤ ᠣᠷᠣᠯᠴᠠᠬᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠪᠠᠷ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠬᠥᠯᠥᠨ | ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ᠂ | ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠲᠣᠭᠤᠷᠢᠨ ᠵᠢᠯᠤᠭᠤᠳᠬᠤ ᠳᠤᠭᠤᠶᠢᠯᠠᠩ᠂ ᠬᠤᠶᠠᠳᠤᠭᠠᠷ ᠪᠦᠯᠦᠭ ᠤᠨ ᠲᠣᠭᠤᠷᠢᠨ ᠱᠠᠯᠠᠪᠳᠠᠭᠤᠯᠤᠨ | ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠨᠠᠷ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ | ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠠᠢ᠃ | |