ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ︽ᠦᠵᠡᠯ | ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠪᠠᠲᠤᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ | ᠲᠣᠭᠤᠷᠢᠨ ᠳᠤ᠂ ᠰᠤᠷᠤᠯᠴᠠᠬᠤ ᠭᠡᠯᠪᠡᠷᠢ ᠶᠢᠨ ᠰᠢᠨ᠎ᠡ ᠶᠢ ᠡᠭᠦᠳᠴᠦ᠂ ᠤᠨᠤᠯ ᠤᠨ ᠵᠡᠪᠰᠡᠭᠯᠡᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ | ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠭᠰᠠᠭᠠᠷ ᠢᠷᠡᠪᠡ᠃ | ᠶᠡᠷᠦᠩᠬᠡᠢ ᠱᠦᠵᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ︾ ᠲᠤᠬᠠᠢ ᠲᠣᠳᠣᠷᠬᠠᠢ | ᠱᠠᠭᠠᠷᠳᠠᠯᠭ᠎ᠠ ᠳᠤᠷᠠᠳᠴᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠲᠣᠳᠣᠷᠬᠠᠢ | ᠴᠢᠭᠯᠡᠯ ᠵᠢᠭᠠᠵᠤ ᠥᠭᠴᠡᠢ᠃ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠴᠢᠬᠤᠯᠠᠲᠠᠢ᠃ ᠬᠦᠰᠡᠯᠡᠩ ᠪᠠ ᠢᠲᠡᠭᠡᠯ ᠵᠣᠷᠢᠭ | ᠪᠣᠯ ᠡᠪ ᠬᠠᠮᠲᠤᠴᠤᠳ ᠤᠨ ᠤᠶᠤᠨ ᠰᠠᠨᠠᠭᠠᠨ ᠤ ︽ᠺᠠᠯᠼ︾ ᠮᠥᠨ᠂ ᠬᠦᠰᠡᠯᠡᠩ ᠪᠠ ᠢᠲᠡᠭᠡᠯ ᠪᠢᠰᠢᠷᠡᠯ ᠪᠠᠲᠤ ᠪᠢᠰᠢ ᠪᠣᠯ ᠤᠶᠤᠨ ᠰᠠᠨᠠᠭᠠᠨ ᠤ ᠲᠠᠯ᠎ᠠ ᠪᠠᠷ ︽ᠺᠠᠯᠼ︾ | ᠳᠤᠲᠠᠭᠳᠠᠬᠤ ᠪᠣᠯᠣᠨ᠎ᠠ᠃ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠦᠵᠡᠯ ᠰᠠᠨᠠᠭᠠᠨ ᠤ ᠳᠠᠪᠲᠠᠯᠲᠠ᠂ ᠤᠶᠤᠨ | ᠰᠠᠨᠠᠭᠠᠨ ᠤ ᠳᠠᠪᠲᠠᠯᠲᠠ ᠶᠢ ᠥᠩᠭᠡᠷᠡᠭᠦᠯᠵᠦ᠂ ᠨᠠᠮ ᠤᠨ ᠦᠷᠳᠡᠭ ᠤᠨ ᠬᠥᠭᠡᠭᠡᠴᠡᠯᠳᠦᠯ ᠪᠣᠯᠣᠨ ᠤᠷᠤᠭᠰᠢᠯᠠᠯᠲᠠ ᠶᠢᠨ ᠴᠢᠭᠯᠡᠯ ᠳᠠᠬᠢ ᠳᠡᠭᠡᠳᠦ ᠬᠡᠮᠵᠢᠶᠡᠨ ᠤ ᠤᠯᠤᠰ | ᠲᠦᠷᠦ ᠶᠢᠨ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠪᠡᠯ ᠰᠠᠶ᠋ᠢ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠪ ᠬᠠᠮᠲᠤᠴᠤᠳ ᠤᠨ ᠤᠯᠤᠰ | ᠲᠦᠷᠦ ᠶᠢᠨ ᠮᠥᠨ ᠴᠢᠨᠠᠷ ᠢᠶᠠᠨ ᠢᠮᠠᠭᠲᠠ ᠪᠠᠲᠤᠯᠠᠵᠤ ᠴᠢᠳᠠᠨ᠎ᠠ᠃ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠴᠢᠬᠤᠯᠠᠲᠠᠢ᠃ ᠨᠠᠮ ᠳᠠᠭᠠᠨ ᠦᠨᠡᠨᠴᠢ ᠰᠢᠳᠤᠷᠭᠤ | ᠪᠠᠶᠢᠬᠤ ᠪᠣᠯ ᠡᠪ ᠬᠠᠮᠲᠤᠴᠤᠳ ᠤᠨ ᠲᠡᠷᠢᠭᠦᠨ ᠴᠢᠬᠤᠯᠠ ᠤᠯᠤᠰ ᠲᠦᠷᠦ ᠶᠢᠨ ᠣᠣᠷ ᠴᠢᠨᠠᠷ ᠪᠠᠶᠢᠵᠤ᠂ ᠡᠷᠬᠡᠪᠰᠢ ᠰᠡᠳᠬᠢᠯ ᠳᠡᠭᠡᠨ ᠬᠠᠳᠠᠩᠰᠢᠭᠤᠯᠵᠤ᠂ | ᠦᠢᠯᠡᠳᠦᠯᠭᠡ ᠳᠡᠭᠡᠨ ᠦᠢᠯᠡᠳᠦᠯᠭᠡᠵᠢᠭᠦᠯᠬᠦ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠣᠣᠷ ᠴᠢᠨᠠᠷ ᠢᠶᠠᠨ ᠳᠠᠪᠲᠠᠨ | ᠪᠤᠯᠪᠠᠰᠤᠷᠠᠭᠤᠯᠬᠤ ᠳᠤ ᠢᠮᠠᠭᠲᠠ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠮᠠᠷᠺᠰ ᠤᠨ ᠦᠵᠡᠯ ᠳᠡᠭᠡᠨ ᠦᠨᠡᠨᠴᠢ | ᠰᠢᠳᠤᠷᠭᠤ ᠪᠠᠶᠢᠵᠤ᠂ ᠦᠨᠡᠨ ᠰᠡᠳᠬᠢᠯ ᠠᠴᠠ ᠪᠠᠨ ᠨᠠᠮ ᠢᠶᠠᠨ ᠬᠠᠶᠢᠷᠠᠯᠠᠵᠤ᠂ ᠴᠠᠭ ᠢᠮᠠᠭᠲᠠ ᠨᠠᠮ ᠤᠨ ᠲᠥᠯᠥᠭᠡ ᠰᠠᠨᠠᠭᠠᠰᠢᠷᠠᠵᠤ᠂ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠨᠢ ᠵᠠᠩᠭᠢᠯᠠᠭ᠎ᠠ ᠪᠤᠯᠲᠠᠭ᠃ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠬᠰᠣᠬᠤ ᠴᠢᠬᠤᠯᠠᠲᠠᠢ᠃ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠵᠦ᠂ ᠠᠯᠢᠪᠠ ᠪᠦᠭᠦᠨ ᠳᠤ ᠠᠷᠠᠳ ᠲᠦᠮᠡᠨ ᠤ ᠲᠥᠯᠥᠭᠡ ᠪᠠᠶᠢᠬᠤ ᠶᠢ | ᠪᠠᠷᠢᠮᠲᠠᠯᠠᠵᠤ᠂ ᠠᠯᠢᠪᠠ ᠪᠦᠭᠦᠠ ᠳᠤ ᠠᠷᠠᠳ ᠲᠦᠮᠡᠨ ᠢ ᠲᠦᠰᠢᠭᠯᠡᠬᠦ᠂ ᠤᠬᠠᠮᠰᠠᠷ ᠠᠴᠠ ᠪᠠᠨ ᠠᠷᠠᠳ ᠲᠦᠮᠡᠨ ᠠᠴᠠ ᠠᠷᠭ᠎ᠠ ᠪᠣᠳᠣᠯᠭ᠎ᠠ ᠠᠰᠠᠭᠤᠬᠤ᠂ ᠠᠷᠠᠳ | ᠲᠦᠮᠡᠨ ᠤ ᠬᠡᠷᠡᠭᠴᠡᠭᠡ ᠶᠢ ᠠᠰᠠᠭᠤᠬᠤ ᠶᠢ ᠪᠡᠶᠡᠯᠡᠭᠦᠯᠵᠦ᠂ ᠠᠷᠠᠳ ᠣᠯᠠᠨ ᠰᠡᠳᠬᠢᠯ ᠬᠠᠨᠤᠮᠵᠢᠲᠠᠶ ᠪᠠᠶᠢᠬᠤ ᠡᠰᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠮᠵᠢ ᠶᠢ ᠦᠨᠡᠯᠡᠬᠦ ᠦᠨᠳᠦᠰᠦᠨ ᠪᠠᠷᠢᠮᠵᠢᠶ᠎ᠠ ᠪᠤᠯᠭᠠᠬᠤ ᠵᠣᠬᠢᠰᠲᠠᠢ᠃ ᠡᠭᠦᠨ ᠳᠤ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ | ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠤᠴᠢᠷ ᠢ ᠨᠠᠷᠢᠨ ᠨᠢᠮᠪᠠᠢ ᠬᠢᠵᠦ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠡᠷᠬᠡ ᠲᠡᠭᠰᠢ ᠪᠠᠷ ᠡᠳ᠋ᠯᠡᠭᠦᠯᠵᠦ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠴᠢᠬᠤᠯᠠᠲᠠᠢ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠨᠠᠮ ᠤᠨ ᠤᠨᠤᠯ ᠤᠨ ᠰᠢᠨ᠎ᠡ ᠡᠭᠦᠳᠦᠯᠲᠡ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ | ᠠᠵᠢᠯᠯᠠᠭ᠎ᠠ ᠪᠠᠨ ᠨᠢᠭᠡᠳᠬᠡᠪᠡᠯ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠥᠪᠡᠷ ᠤᠨ | ᠬᠤᠪᠢ ᠨᠡᠮᠡᠷᠢ ᠪᠠᠨ ᠡᠷᠭᠦᠵᠦ ᠳᠡᠶᠢᠯᠭᠦ ᠨᠢ ᠯᠠᠪᠲᠠᠢ᠃ | | |