ᠭᠤᠴᠢ ᠶᠢᠰᠦᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ︽ᠬᠠᠮᠤᠭ ᠤᠨ ᠭᠤᠶᠣ | ᠪᠠᠭᠰᠢ︾ ᠵᠢᠴᠢ ︽ᠬᠠᠮᠤᠭ ᠤᠨ ᠭᠤᠶᠣ ᠪᠠᠭᠰᠢ︾ ᠶᠢᠨ ᠨᠡᠷ᠎ᠡ ᠳᠤᠷᠠᠳᠤᠭᠳᠠᠭᠰᠠᠨ ᠱᠠᠩᠨᠠᠯ ᠭᠦᠷᠲᠡᠭᠴᠢ ᠶᠢᠨ ᠨᠡᠷᠡᠰ ᠢ ᠨᠡᠶᠢᠲᠡᠯᠡᠪᠡ᠂ ᠡᠨᠡ ᠪᠣᠯ ᠪᠠᠶᠠᠷ ᠤᠨ ᠡᠳᠦᠷ ᠤᠨ | ᠪᠡᠯᠡᠭ ᠪᠤᠯᠬᠤ ᠪᠥᠭᠡᠳ ᠨᠠᠩ ᠴᠤ ᠭᠦᠨ ᠬᠦᠨᠳᠦᠳᠬᠡᠯ ᠪᠣᠯᠣᠨ᠎ᠠ᠃ ᠲᠡᠳᠡᠨ ᠢᠶᠠᠷ ᠲᠥᠯᠥᠭᠡᠯᠡᠭᠦᠯᠦᠭᠰᠡᠨ ᠥᠷᠭᠡᠨ ᠤᠯᠠᠨ ᠰᠤᠷᠭᠠᠨ ᠬᠥᠮᠦᠵᠢᠯ ᠤᠨ ᠪᠠᠭᠰᠢ | ᠠᠵᠢᠯᠲᠠᠳ᠂ ᠡᠷᠳᠡᠮ ᠮᠡᠳᠡᠯᠭᠡ ᠪᠠᠷ ᠬᠦᠰᠡᠯ ᠡᠷᠡᠮᠡᠯᠵᠡᠯ ᠢ ᠬᠥᠪᠥᠷᠡᠭᠦᠯᠵᠦ᠂ ᠬᠠᠷᠢᠭᠤᠴᠠᠯᠭ᠎ᠠ ᠪᠠᠷ ᠰᠦᠭ ᠰᠦᠨᠡᠰᠦ ᠶᠢ ᠱᠤᠭᠤᠵᠤ᠂ ᠭᠤᠶᠤ ᠰᠠᠶᠢᠬᠠᠨ ᠢ ᠡᠷᠬᠢᠮᠯᠡᠨ | ᠨᠢᠷᠤᠭᠤ ᠲᠤᠯᠭᠠᠭᠤᠷᠢ ᠶᠢ ᠪᠣᠶᠢᠵᠢᠭᠤᠯᠵᠤ᠂ ᠭᠤᠶᠤ ᠰᠠᠶᠢᠬᠠᠨ ᠢᠶᠠᠷ ᠤᠮᠠᠷᠠᠲᠤ ᠬᠢᠯᠢ ᠶᠢ ᠵᠢᠷᠤᠭᠯᠠᠵᠤ᠂ ︽ᠨᠡᠷᠡᠨ ᠤ ᠭᠡᠷᠡᠯ ᠳᠣᠣᠷᠠᠬᠢ ᠬᠠᠮᠤᠭ ᠤᠨ ᠭᠡᠷᠡᠯ ᠰᠠᠴᠤᠷᠠᠩᠭᠤᠢ | ᠠᠵᠢᠯ︾ ᠢ ᠠᠮᠢᠳᠤᠯᠢᠭ ᠢᠶᠠᠷ ᠲᠠᠶᠢᠯᠪᠤᠷᠢᠯᠠᠪᠠ᠃ | ᠵᠢᠵᠢᠭᠬᠡᠨ ᠶᠠᠷᠢᠶᠠᠨ ᠤ ᠲᠠᠪᠴᠠᠩ ᠳᠡᠭᠡᠷ᠎ᠡ ᠪᠠᠨ ᠴᠢᠳᠠᠪᠤᠷᠢᠲᠠᠨ ᠢ ᠬᠥᠮᠥᠵᠢᠭᠦᠯᠵᠦ᠂ ᠨᠢᠭᠡᠨ ᠤᠣ ᠶᠢᠨ ᠪᠢᠷ ᠢᠶᠠᠷ ᠣᠨ ᠰᠠᠷ᠎ᠠ ᠶᠢ ᠨᠥᠭᠴᠢᠭᠡᠳᠡᠭ᠃ ᠬᠡᠷᠪᠡ | ᠥᠨᠥᠳᠥᠷ ᠤᠨ ᠰᠤᠷᠤᠬᠴᠢᠳ ᠢ ᠢᠷᠡᠭᠡᠳᠦᠢ ᠳᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠭᠤᠣᠯ ᠬᠦᠴᠦᠨ ᠭᠡᠵᠦ ᠬᠡᠯᠡᠬᠦ ᠳᠤ ᠭᠦᠷᠪᠡᠯ᠂ ᠥᠷᠭᠡᠨ ᠤᠯᠠᠨ ᠪᠠᠭᠰᠢ ᠪᠣᠯ ᠳᠠᠷᠤᠢ ᠡᠨᠡ ᠬᠦ ᠳᠤᠮᠳᠠᠳᠤ ᠶᠢᠨ ᠦᠨᠳᠦᠰᠦᠲᠡᠨ ᠤ ︽ᠬᠦᠰᠡᠯ | ᠵᠡᠭᠦᠳᠦ ᠶᠢᠨ ᠠᠩᠭᠢ︾ ᠶᠢ ᠴᠣᠭᠴᠠᠯᠠᠨ ᠪᠠᠶᠢᠭᠤᠯᠬᠤ ᠬᠦᠰᠡᠯ ᠵᠡᠭᠦᠳᠦ ᠶᠢ ᠲᠡᠷᠭᠡᠯᠰᠢᠭᠦᠯᠦᠭᠴᠢ ᠪᠣᠯᠣᠨ᠎ᠠ᠃ ᠲᠡᠳᠡ ᠬᠠᠯᠠᠭᠤᠨ ᠰᠡᠳᠬᠢᠯᠭᠡ ᠶᠢ ᠡᠪᠦᠷᠯᠡᠵᠦ᠂ ᠳᠤᠷᠠᠲᠠᠶ᠎ᠠ | ᠭᠠᠯ ᠪᠠᠮᠪᠠᠷ ᠪᠣᠯᠵᠤ᠂ ᠨᠢᠭᠡ ᠰᠡᠳᠬᠢᠯ ᠢᠶᠠᠷ ᠵᠢᠭᠠᠨ ᠰᠤᠷᠭᠠᠯᠲᠠ ᠬᠢᠵᠦ᠂ ᠳᠤᠷᠠᠲᠠᠶ᠎ᠠ ᠬᠥᠮᠥᠨ ᠤ ᠲᠥᠯᠥᠭᠡ ᠵᠢᠳᠬᠦᠵᠦ᠂ ᠳᠤᠷᠠᠲᠠᠶ᠎ᠠ ᠰᠤᠷᠭᠠᠨ ᠬᠥᠮᠦᠵᠢᠯ ᠤᠨ | ᠲᠠᠪᠴᠠᠩ ᠳᠤ ᠭᠠᠷᠴᠤ᠂︽ᠵᠠᠮ ᠳᠡᠪᠢᠰᠬᠦ ᠴᠢᠯᠠᠭᠤ︾ᠪᠣᠯᠵᠤ᠂ ᠠᠵᠢᠯ ᠦᠢᠯᠡᠰ ᠢᠶᠠᠨ ᠳᠡᠭᠡᠳᠦᠯᠡᠬᠦ᠂ ᠬᠤᠪᠢ ᠨᠡᠮᠡᠷᠢ ᠦᠵᠡᠭᠦᠯᠭᠦ᠂ ᠬᠢᠴᠢᠶᠡᠨ ᠴᠢᠷᠮᠠᠶᠢᠬᠤ᠂ ᠡᠨᠡᠷᠢᠩᠭᠦᠢ | ᠬᠠᠶᠢᠷ᠎ᠠ ᠪᠠᠷ ᠶᠣᠰᠣ ᠰᠤᠷᠲᠠᠬᠤᠨ ᠢ ᠪᠤᠢ ᠪᠤᠯᠭᠠᠵᠤ ᠬᠥᠮᠥᠨ ᠢ ᠬᠥᠮᠥᠵᠢᠭᠦᠯᠵᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠵᠦ᠂ ᠦᠢ ᠤᠯᠠᠨ ᠰᠤᠷᠤᠬᠴᠢᠳ ᠤᠨ | ᠬᠦᠰᠡᠯ ᠵᠡᠭᠦᠳᠦ ᠶᠢ ᠬᠥᠪᠥᠷᠡᠭᠦᠯᠦᠨ᠂ ᠢᠷᠡᠭᠡᠳᠦᠢ ᠶᠢ ᠭᠡᠷᠡᠯᠳᠦᠭᠦᠯᠵᠦ᠂ ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠯᠲᠠ ᠳᠤ ᠦᠨᠳᠦᠰᠦ ᠰᠠᠭᠤᠷᠢ ᠶᠢ | ᠨᠡᠮᠡᠷᠢᠯᠡᠵᠦ᠂ ᠰᠡᠳᠬᠢᠯ ᠢ ᠨᠢᠭᠲᠠᠷᠠᠭᠤᠯᠤᠨ ᠬᠦᠴᠦᠨ ᠢ ᠨᠢᠭᠲᠠᠷᠠᠭᠤᠯᠪᠠ᠃ | ᠪᠠᠭᠰᠢ ᠪᠣᠯ ᠰᠤᠷᠭᠠᠨ ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠡᠬᠢ ᠰᠤᠷᠪᠤᠯᠵᠢ ᠮᠥᠨ᠃ ᠰᠠᠶᠢᠨ ᠪᠠᠭᠰᠢ ᠲᠠᠢ ᠤᠴᠠᠷᠠᠬᠤ | ᠨᠢ ᠨᠢᠭᠡ ᠬᠥᠮᠥᠨ ᠤ ᠠᠵᠠ ᠪᠤᠶᠠᠨ ᠮᠦᠨ; ᠰᠠᠶᠢᠨ ᠪᠠᠭᠰᠢ ᠪᠠᠶᠢᠬᠤ ᠨᠢ ᠨᠢᠭᠡ ᠰᠤᠷᠭᠠᠭᠤᠯᠢ ᠶᠢᠨ ᠢᠷᠠᠭᠤ ᠠᠯᠳᠠᠷ ᠮᠦᠨ; ᠰᠠᠶᠢᠨ ᠪᠠᠭᠰᠢ ᠲᠠᠰᠤᠷᠠᠯᠲᠠ ᠦᠭᠡᠢ | ᠴᠣᠯᠭᠤᠷᠠᠨ ᠭᠠᠷᠬᠤ ᠪᠣᠯ ᠨᠢᠭᠡ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠨ᠎ᠡ ᠵᠠᠮ ᠢᠶᠠᠷ ᠵᠠᠮᠨᠠᠬᠤ᠂ ᠳᠤᠮᠳᠠ | ᠲᠦᠪᠰᠢᠨ ᠳᠤ ᠬᠦᠷᠬᠦ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠦᠵᠡᠯ ᠰᠡᠳᠬᠢᠯᠭᠡ ᠲᠠᠢ᠂ ᠯᠠᠪᠳᠠᠭᠤᠨ | ᠪᠠᠲᠤᠲᠠᠢ ᠡᠷᠳᠡᠮ ᠮᠡᠳᠡᠯᠭᠡ ᠲᠠᠢ᠂ ᠡᠨᠡᠷᠢᠩᠭᠦᠢ ᠥᠷᠥᠰᠢᠶᠡᠩᠭᠦᠢ ᠰᠡᠳᠬᠢᠯ ᠲᠠᠢ ᠰᠠᠶᠢᠨ ᠪᠠᠭᠰᠢ ᠨᠠᠷ ᠡᠬᠡ ᠤᠯᠤᠰ ᠤᠨ ᠤᠮᠠᠷᠠᠲᠤ ᠬᠢᠯᠢ ᠳᠤ ᠴᠢᠳᠠᠪᠤᠷᠢᠲᠠᠨ | ᠬᠥᠮᠥᠵᠢᠭᠦᠯᠦᠨ᠂ ᠨᠢᠷᠤᠭᠤ ᠲᠤᠯᠭᠠᠭᠤᠷᠢ ᠶᠢ ᠥᠷᠭᠡᠨ ᠢᠶᠠᠷ ᠪᠣᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠨᠥᠭᠡᠴᠡ ᠬᠦᠴᠦᠨ ᠨᠡᠮᠡᠷᠢᠯᠡᠵᠦ᠂ | ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢ ᠱᠠᠭᠠᠷᠳᠠᠨ᠎ᠠ᠃ | ᠪᠠᠭᠰᠢ ᠶᠢᠨ ᠠᠴᠢ ᠡᠨᠡᠷᠢᠯ ᠮᠠᠷᠲᠠᠭᠳᠠᠰᠢ ᠦᠭᠡᠢ᠃ ᠲᠠᠯᠠᠷᠬᠠᠯ ᠬᠦᠨᠳᠦᠳᠬᠡᠯ ᠳᠡᠪᠰᠢᠭᠦᠯᠬᠦ ᠪᠣᠯ ᠪᠠᠭᠰᠢ ᠶᠢᠨ ᠪᠠᠶᠠᠷ ᠤᠨ ᠥᠨᠢᠳᠡ ᠶᠢᠨ ᠭᠤᠣᠯ ᠰᠡᠳᠦᠪ | ᠮᠥᠨ᠂ ᠭᠡᠪᠡᠴᠦ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠶᠠᠪᠤᠳᠠᠯ ᠥᠨᠥᠳᠥᠷ ᠢᠶᠠᠷ ᠯᠡ ᠵᠤᠬᠰᠤᠬᠤ ᠪᠢᠰᠢ ᠶᠤᠮ᠃ ᠡᠨᠡ ᠨᠢᠭᠡ | ᠡᠳᠦᠷ ᠤᠨ ᠬᠠᠶᠢᠷ᠎ᠠ ᠬᠦᠨᠳᠦᠳᠬᠡᠯ ᠢ ᠡᠳᠦᠷ ᠪᠦᠷᠢ ᠶᠢᠨ ᠬᠦᠨᠳᠦᠳᠬᠡᠯ ᠪᠠ ᠬᠠᠶᠢᠷ᠎ᠠ ᠪᠣᠯᠭᠠᠨ ᠬᠤᠪᠢᠷᠠᠭᠤᠯᠵᠤ᠂ ︽ᠪᠠᠭᠰᠢ ᠶᠢ ᠳᠣᠲᠣᠨᠣᠴᠢᠯᠠᠬᠤ ᠮᠥᠷᠲᠡᠭᠡᠨ | ᠶᠣᠰᠣ ᠶᠢ ᠨᠢ ᠢᠲᠡᠭᠡᠬᠦ︾ ᠬᠦᠨᠳᠦᠳᠬᠡᠯ ᠪᠠ ᠦᠢᠯᠡ ᠠᠵᠢᠯᠯᠠᠭ᠎ᠠ ᠪᠠᠷ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ | ᠰᠤᠷᠲᠠᠯ ᠢ ᠪᠤᠢ ᠪᠤᠯᠭᠠᠵᠤ᠂ ᠪᠠᠭᠰᠢ ᠶᠢ ᠠᠵᠢᠯ ᠤᠨ ᠪᠠᠶᠢᠷᠢ ᠳᠡᠭᠡᠷ᠎ᠡ ᠪᠠᠨ ᠵᠢᠷᠭᠠᠯᠲᠤ ᠲᠥᠷᠥᠭᠳᠡᠯ ᠲᠠᠢ᠂ ᠠᠵᠢᠯ ᠦᠢᠯᠡᠰ ᠳᠡᠭᠡᠷ᠎ᠡ ᠪᠠᠨ ᠠᠮᠵᠢᠯᠲᠠ ᠶᠢᠨ | ᠲᠥᠷᠥᠭᠳᠡᠯ ᠲᠠᠢ᠂ ᠨᠡᠶᠢᠭᠡᠮ ᠳᠡᠭᠡᠷ᠎ᠡ ᠢᠷᠠᠭᠤ ᠠᠯᠳᠠᠷᠲᠤ ᠲᠥᠷᠥᠭᠳᠡᠯ ᠲᠠᠢ ᠪᠤᠯᠭᠠᠬᠤ ᠪᠣᠯ ᠪᠠᠭᠰᠢ ᠳᠤ ᠥᠭᠬᠦ ᠬᠠᠮᠤᠭ ᠤᠨ ᠰᠠᠶᠢᠨ ᠪᠡᠯᠡᠭ ᠪᠤᠯᠬᠤ ᠶᠤᠮ᠃ | | |