ᠥᠪᠥᠷ ᠮᠣᠩᠭᠤᠯ ᠭᠦᠨ ᠵᠤᠵᠠᠭᠠᠨ ᠰᠣᠶᠣᠯ ᠤᠨ ᠲᠤᠨᠳᠠᠰᠤ ᠲᠠᠢ᠂ ᠡᠷᠲᠡᠨ ᠠᠴᠠ ᠠᠪᠤᠭᠠᠳ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠴᠢᠬᠤᠯᠠ ᠨᠡᠪᠲᠡᠷᠡᠬᠦ ᠵᠠᠮ᠂ ᠲᠠᠷᠢᠶᠠᠯᠠᠬᠤ ᠪᠣᠯᠪᠠᠰᠤᠨ ᠬᠢᠭᠡᠳ ᠨᠡᠭᠦᠳᠡᠯ ᠮᠠᠯᠵᠢᠯ ᠤᠨ ᠪᠣᠯᠪᠠᠰᠤᠨ ᠤ ᠠᠭᠤᠰᠤᠯᠴᠠᠯ ᠤᠨ ᠭᠤᠣᠯ ᠣᠷᠣᠨ ᠪᠦᠰᠡ | ᠪᠣᠯᠣᠨ᠎ᠠ᠃ ᠣᠷᠳᠣ ᠬᠤᠭᠤᠴᠠᠭᠠᠨ ᠤ ᠲᠤᠷᠰᠢ᠂ ᠡᠯ᠎ᠡ ᠦᠨᠳᠦᠰᠦᠲᠡᠨ ᠤ ᠰᠣᠶᠣᠯ ᠬᠠᠷᠢᠯᠴᠠᠨ ᠠᠭᠤᠰᠤᠯᠴᠠᠵᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠣᠯᠭᠠᠨ | ᠬᠥᠭᠵᠢᠬᠦ ᠪᠠᠷ ᠲᠠᠮᠵᠢᠨ ᠣᠷᠣᠨ ᠪᠦᠰᠡ ᠶᠢᠨ ᠣᠨᠴᠠᠯᠢᠭ ᠲᠠᠢ ︽ᠤᠮᠠᠷᠠᠲᠤ ᠬᠢᠯᠢ ᠶᠢᠨ ᠰᠣᠶᠣᠯ︾ ᠢ ᠪᠦᠷᠢᠯᠳᠦᠭᠦᠯᠪᠡ᠃ ︽ᠤᠮᠠᠷᠠᠲᠤ ᠬᠢᠯᠢ ᠶᠢᠨ ᠰᠣᠶᠣᠯ︾ ᠤᠨ ᠢᠯᠡ | ᠲᠣᠳᠣ ᠣᠨᠴᠠᠯᠢᠭ ᠰᠢᠨᠵᠢ ᠨᠢ ᠲᠣᠮᠳᠠᠳᠣ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠰᠢᠩᠭᠡᠨ ᠠᠭᠤᠰᠴᠤ ᠪᠠᠶᠢᠳᠠᠭ ᠠᠴᠠ ᠳᠤᠮᠳᠠᠳᠤ ᠶᠢᠨ ᠰᠣᠶᠣᠯ ᠤᠨ ᠴᠢᠬᠤᠯᠠ | ᠪᠦᠷᠢᠯᠳᠦᠭᠦᠨ ᠬᠡᠰᠡᠭ ᠪᠤᠯᠬᠤ ᠶᠤᠮ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠴᠠ ᠳᠤ ︽ᠤᠮᠠᠷᠠᠲᠤ ᠬᠢᠯᠢ ᠶᠢᠨ | ᠰᠣᠶᠣᠯ︾ ᠢ ᠰᠠᠶᠢᠲᠤᠷ ᠪᠦᠲᠦᠭᠡᠨ ᠪᠠᠶᠢᠭᠤᠯᠬᠤ ᠪᠣᠯ ︽ᠬᠤᠶᠠᠳᠠᠭᠢ ᠤᠶᠠᠯᠳᠤᠯ︾ ᠢ ᠦᠢᠯᠡᠳᠦᠯᠭᠡᠵᠢᠭᠦᠯᠬᠦ ᠶᠢᠨ ᠴᠢᠬᠤᠯᠠ ᠠᠭᠤᠯᠭ᠎ᠠ ᠮᠥᠨ᠂ ᠡᠨᠡ ᠨᠢ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠳᠤ ᠠᠭᠤᠰᠤᠯᠴᠠᠬᠤ ᠴᠢᠬᠤᠯᠠ ᠭᠠᠷᠳᠠᠴᠠ ᠪᠣᠯᠣᠨ᠎ᠠ᠃ | ︽ᠤᠮᠠᠷᠠᠲᠤ ᠬᠢᠯᠢ ᠶᠢᠨ ᠰᠣᠶᠣᠯ︾ ᠨᠢ ᠳᠤᠮᠳᠠᠳᠤ ᠶᠢᠨ ᠰᠣᠶᠣᠯ ᠤᠨ ᠴᠢᠬᠤᠯᠠ ᠰᠠᠯᠪᠤᠷᠢ ᠪᠣᠯᠤᠭᠰᠠᠨ ᠤ ᠬᠤᠪᠢ ᠳᠤ᠂ ᠳᠤᠮᠳᠠᠳᠤ ᠶᠢᠨ ᠦᠨᠳᠦᠰᠦᠲᠡᠨ ᠤ ︽ᠦᠨᠳᠦᠰᠦ | ᠪᠠ ᠰᠦᠭ ᠰᠦᠨᠡᠰᠦ︾ ᠶᠢᠨ ᠭᠦᠨ ᠵᠤᠵᠠᠭᠠᠨ ᠠᠭᠤᠯᠬᠤᠨ ᠲᠠᠢ ᠮᠥᠷᠲᠡᠭᠡᠨ ᠢᠯᠡ ᠲᠣᠳᠣ ᠭᠠᠵᠠᠷ ᠣᠷᠣᠨ ᠦᠨᠳᠦᠰᠦᠲᠡᠨ ᠤ ᠣᠨᠴᠠᠯᠢᠭ ᠲᠠᠢ᠃ ︽ᠤᠮᠠᠷᠠᠲᠤ ᠬᠢᠯᠢ | ᠶᠢᠨ ᠰᠣᠶᠣᠯ︾ ᠢ ᠪᠠᠶᠢᠭᠤᠯᠬᠤ ᠨᠢ ᠤᠯᠠᠨ ᠡᠰᠢᠲᠦ ᠨᠢᠭᠡ ᠴᠣᠭᠴᠠᠵᠢᠭᠤᠯᠤᠭᠰᠠᠨ ᠳᠤᠮᠳᠠᠳᠤ ᠶᠢᠨ ᠪᠣᠯᠪᠠᠰᠤᠨ ᠢ ᠨᠡᠩ ᠰᠠᠶᠢᠲᠤᠷ ᠢᠯᠡᠷᠡᠭᠦᠯᠵᠦ ᠴᠢᠳᠠᠨ᠎ᠠ᠂ ᠬᠢᠯᠢ | ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠠᠭᠤᠯᠤᠭᠳᠠᠬᠤᠨ ᠢ | ᠪᠠᠶᠠᠯᠢᠭᠵᠢᠭᠤᠯᠬᠤ ᠴᠢᠬᠤᠯᠠ ᠢᠨᠵᠧᠨᠧᠷᠢᠩ ᠪᠣᠯᠣᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠬᠤᠶᠠᠷ ᠶᠡᠭᠡ ᠶᠠᠪᠤᠳᠠᠯ ᠢ ᠨᠡᠩ ᠰᠠᠶᠢᠲᠤᠷ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠵᠣᠷᠢᠭ ᠰᠠᠨᠠᠭᠠᠨ ᠤ ᠵᠢᠯᠣᠭᠤᠳᠤᠯᠭ᠎ᠠ ᠪᠠ ᠦᠷᠳᠡᠭ ᠤᠨ ᠵᠢᠷᠤᠮᠯᠠᠯ ᠪᠤᠯᠬᠤ ᠶᠤᠮ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ᠂ ᠥᠪᠥᠷ ᠮᠣᠩᠭᠤᠯ ᠰᠢᠨ᠎ᠡ ᠵᠠᠮ ᠨᠡᠭᠡᠭᠡᠨ ᠤᠷᠤᠭᠰᠢᠯᠠᠬᠤ ᠳᠤ ᠦᠵᠡᠯ ᠰᠠᠨᠠᠭᠠᠨ ᠤ ᠲᠠᠯ᠎ᠠ ᠪᠠᠷ | ᠨᠢᠭᠡᠳᠦᠯᠲᠡᠢ ᠤᠳᠤᠷᠢᠳᠬᠤ ᠴᠢᠨᠠᠷ ᠪᠦᠬᠦᠢ ᠬᠦᠴᠦᠷᠬᠡᠭ ᠶᠡᠭᠡ ᠤᠶᠤᠨ ᠰᠠᠨᠠᠭᠠᠨ ᠤ ᠴᠥᠮ᠎ᠡ ᠬᠡᠷᠡᠭᠲᠡᠢ ᠪᠠᠶᠢᠵᠤ᠂ ᠠᠷᠠᠳ ᠲᠦᠮᠡᠨ ᠤ ᠬᠠᠮᠲᠤ ᠶᠢᠨ ᠦᠷᠳᠡᠭ ᠤᠨ | ᠬᠥᠭᠡᠭᠡᠴᠡᠯᠳᠦᠯ ᠢ ᠨᠢᠭᠲᠠᠷᠠᠭᠤᠯᠬᠤ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠣᠶᠣᠯ ᠤᠨ ᠲᠠᠨᠢᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠠᠰᠢᠭᠲᠠᠢ᠂ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠶᠤᠨ ᠰᠠᠨᠠᠭᠠᠨ ᠤ ᠲᠤᠯᠭᠠᠭᠤᠷᠢᠯᠠᠯ ᠬᠠᠩᠭᠠᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠠᠷᠠᠳ ᠲᠦᠮᠡᠨ ᠢᠶᠠᠷ ᠭᠤᠣᠯ ᠪᠤᠯᠭᠠᠬᠰᠠᠨ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢ ᠠᠬᠢᠭᠤᠯᠬᠤ ᠴᠢᠬᠤᠯᠠ ᠦᠢᠯᠡᠳᠦᠯᠭᠡ ᠪᠠ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠪᠦᠭᠦ | ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠠᠷᠠᠳ ᠤᠯᠠᠨ ᠤ ᠪᠣᠳᠠᠰ ᠤᠨ ᠠᠮᠢᠳᠤᠷᠠᠯ ᠪᠠ ᠤᠶᠤᠨ ᠤ ᠠᠮᠢᠳᠤᠷᠠᠯ ᠤᠨ ᠲᠠᠯ᠎ᠠ ᠪᠠᠷ ᠴᠥᠮ | ᠪᠠᠶᠠᠵᠢᠬᠤ ᠶᠢ ᠪᠠᠲᠤᠯᠠᠵᠤ᠂ ᠠᠷᠠᠳ ᠤᠯᠠᠨ ᠤ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ᠂ ᠤᠯᠠᠨ ᠲᠠᠯ᠎ᠠ ᠶᠢᠨ ᠤᠶᠤᠨ ᠤ ᠪᠠ ᠰᠣᠶᠣᠯ ᠤᠨ ᠬᠡᠷᠡᠭᠴᠡᠭᠡ ᠶᠢ | ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ︽ᠤᠯᠠᠭᠠᠨᠮᠥ᠋ᠴᠢᠷ ᠢ ᠬᠦᠨᠳᠦᠳᠬᠡᠬᠦ︾ ᠪᠠᠷ ᠭᠤᠣᠯ ᠰᠡᠳᠦᠪ ᠪᠣᠯᠭᠠᠨ | ᠡᠷᠭᠢᠯᠡᠭᠰᠡᠨ ᠡᠯ᠎ᠡ ᠵᠦᠢᠯ ᠤᠨ ᠤᠳᠬ᠎ᠠ ᠤᠷᠠᠯᠢᠭ ᠤᠨ ᠠᠵᠢᠯᠯᠠᠭ᠎ᠠ ᠨᠢ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠤᠷᠮ᠎ᠠ ᠵᠣᠷᠢᠭ ᠢ ᠬᠥᠭᠵᠢᠭᠡᠵᠦ᠂ ᠦᠨᠳᠦᠰᠦᠲᠡᠨ ᠨᠦᠭᠦᠳ ᠤᠨ | ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠣᠶᠢᠯᠠᠭᠠᠬᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠦᠭᠰᠡᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠤᠨᠤᠯ ᠤᠨ ᠠᠭᠤᠯᠤᠭᠳᠠᠬᠤᠨ ᠬᠢᠭᠡᠳ ᠦᠨᠳᠦᠰᠦᠨ ᠣᠨᠴᠠᠯᠢᠭ | ︽ᠤᠮᠠᠷᠠᠲᠤ ᠬᠢᠯᠢ ᠶᠢᠨ ᠰᠣᠶᠣᠯ︾ ᠨᠢ ᠳᠤᠮᠳᠠᠳᠤ ᠶᠢᠨ ᠰᠣᠶᠣᠯ ᠲᠠᠢ ᠤᠳᠤᠮ ᠨᠢᠭᠡᠲᠡᠢ ᠪᠠᠶᠢᠵᠤ᠂ ᠡᠯᠪᠡᠭ ᠪᠠᠶᠠᠯᠢᠭ ᠤᠶᠤᠨ ᠰᠠᠨᠠᠭᠠᠨ ᠤ ᠠᠭᠤᠯᠤᠭᠳᠠᠬᠤᠨ | ᠪᠠ ᠴᠠᠭ ᠦᠶ᠎ᠡ ᠶᠢᠨ ᠠᠭᠤᠯᠤᠭᠳᠠᠬᠤᠨ ᠲᠠᠢ ᠶᠤᠮ᠃ ︽ᠤᠮᠠᠷᠠᠲᠤ ᠬᠢᠯᠢ ᠶᠢᠨ ᠰᠣᠶᠣᠯ︾ ᠪᠣᠯ ᠬᠡᠳᠦᠨ ᠮᠢᠩᠭᠠᠨ ᠵᠢᠯ ᠤᠨ ᠰᠣᠯᠢᠯᠴᠠᠭ᠎ᠠ ᠠᠭᠤᠰᠤᠯᠴᠠᠯ ᠢᠶᠠᠷ ᠳᠠᠮᠵᠢᠨ | ᠪᠦᠷᠢᠯᠳᠦᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠭᠤᠣᠯ ᠪᠤᠯᠭᠠᠬᠰᠠᠨ ᠰᠣᠶᠣᠯ ᠤᠨ ᠭᠡᠯᠪᠡᠷᠢ ᠪᠣᠯᠣᠨ᠎ᠠ᠂ ᠡᠯ᠎ᠡ | ᠵᠦᠢᠯ ᠤᠨ ᠭᠠᠵᠠᠷ ᠣᠷᠣᠨ ᠤ ᠰᠣᠶᠣᠯ ᠢᠶᠠᠷ ᠪᠦᠷᠢᠯᠳᠦᠭᠰᠡᠨ ᠰᠣᠶᠣᠯ ᠤᠨ ᠠᠭᠤᠰᠤᠯᠴᠠᠯ ᠤᠨ ᠴᠣᠭᠴᠠ ᠪᠣᠯᠣᠨ᠎ᠠ᠃ ᠲᠡᠭᠦᠨ ᠤ ᠮᠥᠨ ᠴᠢᠨᠠᠷ ᠤᠨ ᠠᠭᠤᠯᠭ᠎ᠠ ᠨᠢ ᠵᠠᠮ | ᠨᠡᠭᠡᠭᠡᠨ ᠰᠢᠨ᠎ᠡ ᠶᠢ ᠡᠭᠦᠳᠬᠦ᠂ ᠵᠣᠪᠠᠭᠤᠷᠢ ᠵᠦᠳᠡᠭᠦᠷᠢ ᠶᠢ ᠳᠠᠭᠠᠭᠠᠬᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠡᠷᠭᠡ ᠤᠶᠤᠨ ᠰᠠᠨᠠᠭᠠᠨ ᠤ ᠬᠡᠪ ᠴᠢᠨᠠᠷ ᠢᠶᠠᠷ | ᠪᠦᠷᠢᠯᠳᠦᠭᠰᠡᠨ ᠦᠷᠳᠡᠭ ᠤᠨ ᠦᠵᠡᠯᠲᠡ ᠪᠠᠷ ᠲᠥᠪᠯᠡᠷᠡᠩᠭᠦᠢ ᠢᠯᠡᠷᠡᠵᠦ᠂ ᠦᠷᠳᠡᠭ ᠤᠨ ᠦᠵᠡᠯᠲᠡ ᠳᠤ ᠰᠠᠭᠤᠷᠢᠯᠠᠨ ᠦᠷᠭᠡᠳᠦᠨ ᠲᠡᠯᠡᠵᠦ ᠪᠠᠶᠢᠳᠠᠭ᠂ ᠣᠷᠣᠨ | ᠪᠦᠰᠡ ᠶᠢᠨ ᠣᠨᠴᠠᠯᠢᠭ ᠲᠠᠢ ᠰᠣᠶᠣᠯ ᠢ ᠠᠭᠤᠰᠤᠯᠴᠠᠭᠤᠯᠤᠭᠰᠠᠨ ᠰᠠᠭᠤᠷᠢᠨ ᠳᠡᠭᠡᠷ᠎ᠡ ᠤᠯᠠᠨ ᠲᠡᠰ ᠳᠠᠪᠬᠤᠷᠭ᠎ᠠ ᠶᠢᠨ ᠰᠣᠶᠣᠯ ᠤᠨ ᠪᠦᠲᠦᠴᠡ ᠶᠢ | ᠪᠦᠷᠢᠯᠳᠦᠭᠦᠯᠦᠭᠰᠡᠨ ᠪᠠᠶᠢᠨ᠎ᠠ᠃ ᠶᠡᠷᠦᠩᠬᠡᠢ ᠳᠤᠨᠢ ᠠᠪᠴᠤ ᠦᠵᠡᠪᠡᠯ ︽ᠤᠮᠠᠷᠠᠲᠤ ᠬᠢᠯᠢ ᠶᠢᠨ ᠰᠣᠶᠣᠯ︾ ᠪᠣᠯ ᠳᠤᠮᠳᠠᠳᠤ ᠶᠢᠨ ᠰᠣᠶᠣᠯ ᠤᠨ ᠴᠢᠬᠤᠯᠠ ᠰᠠᠯᠪᠤᠷᠢ ᠮᠥᠨ᠂ | ᠬᠤᠶᠠᠭᠤᠯᠠ ᠪᠠᠨ ︽ᠭᠤᠣᠯ ᠡᠰᠢ︾ ᠪᠠ ︽ᠰᠠᠯᠠᠭ᠎ᠠ ᠨᠠᠮᠠᠭ᠎ᠠ︾ ᠶᠢᠨ ᠬᠠᠷᠢᠴᠠᠭ᠎ᠠ ᠲᠠᠢ ᠪᠠᠶᠢᠳᠠᠭ᠃ ᠪᠣᠯᠪᠠᠰᠤᠨ ᠤ ᠠᠭᠤᠰᠤᠯᠴᠠᠯ ᠪᠠ ᠬᠤᠪᠢᠰᠤᠯ ᠢ ᠳᠠᠭᠠᠯᠳᠤᠨ | ︽ᠤᠮᠠᠷᠠᠲᠤ ᠬᠢᠯᠢ ᠶᠢᠨ ᠰᠣᠶᠣᠯ︾ ᠨᠢ ᠰᠢᠨ᠎ᠡ ᠴᠠᠭ ᠦᠶ᠎ᠡ ᠶᠢᠨ ᠠᠭᠤᠯᠬᠤᠨ ᠢ ᠰᠢᠩᠭᠡᠭᠡᠬᠦ ᠶᠢᠨ ᠬᠠᠮᠲᠤ ᠪᠠᠰᠠ ᠢᠯᠡ ᠲᠣᠳᠣ ᠣᠨᠴᠠᠯᠢᠭ ᠲᠠᠢ ᠪᠣᠯᠤᠭᠰᠠᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠨᠢ ᠥᠨᠢ ᠤᠳᠠᠭᠠᠨ ᠲᠡᠦᠬᠡ ᠶᠢᠨ ᠡᠬᠢ ᠰᠤᠷᠪᠤᠯᠵᠢ ᠲᠠᠢ᠃ ︽ᠤᠮᠠᠷᠠᠲᠤ ᠬᠢᠯᠢ ᠶᠢᠨ ᠰᠣᠶᠣᠯ︾ ᠨᠢ ᠥᠨᠢ ᠤᠳᠠᠭᠠᠨ | ᠤᠯᠠᠮᠵᠢᠯᠠᠯ ᠲᠠᠢ᠂ ᠰᠣᠶᠣᠯ ᠤᠨ ᠴᠠᠭ ᠬᠤᠭᠤᠴᠠᠭ᠎ᠠ ᠣᠷᠣᠨ ᠵᠠᠢ ᠶᠢᠨ ᠦᠵᠡᠯᠲᠡ ᠠᠴᠠ ᠦᠵᠡᠪᠡᠯ᠂ ︽ᠤᠮᠠᠷᠠᠲᠤ ᠬᠢᠯᠢ ᠶᠢᠨ ᠰᠣᠶᠣᠯ︾ ᠨᠢ ᠣᠷᠳᠣ ᠤᠳᠠᠭᠠᠨ | ᠲᠡᠦᠬᠡ ᠶᠢᠨ ᠬᠤᠪᠢᠰᠤᠯᠲᠠ ᠪᠠ ᠬᠢᠯᠢ ᠬᠢᠵᠠᠭᠠᠷ ᠤᠨ ᠬᠤᠪᠢᠷᠠᠯᠲᠠ ᠶᠢᠨ ᠳᠤᠮᠳᠠ ᠦᠨᠳᠦᠰᠦᠲᠡᠨ ᠤ ᠲᠠᠨᠢᠨ ᠮᠡᠳᠡᠷᠡᠬᠦᠢ ᠶᠢᠨ ᠰᠣᠶᠣᠯ ᠤᠨ ᠣᠷᠣᠨ ᠵᠠᠢ ᠶᠢ ᠪᠤᠶ | ᠪᠤᠯᠭᠠᠵᠤ᠂ ᠡᠯ᠎ᠡ ᠲᠠᠯ᠎ᠠ ᠶᠢᠨ ᠬᠦᠴᠦᠨ ᠵᠦᠢᠯ ᠤᠨ ᠦᠢᠯᠡᠳᠦᠯᠴᠡᠯ ᠳᠣᠣᠷ᠎ᠠ ᠣᠶᠤᠨ ᠰᠠᠨᠠᠭᠠᠨ ᠤ ᠠᠭᠤᠯᠤᠭᠳᠠᠬᠤᠨ ᠢᠶᠠᠨ ᠲᠠᠰᠤᠷᠠᠯᠲᠠ ᠦᠭᠡᠢ ᠪᠠᠶᠠᠯᠢᠭᠵᠢᠭᠤᠯᠵᠠᠢ᠃ | ᠪᠠᠶᠢᠭᠠᠯᠢ ᠶᠢᠨ ᠨᠥᠬᠦᠴᠡᠯ ᠠᠴᠠ ᠦᠵᠡᠪᠡᠯ ︽ᠣᠰᠣᠨ ᠤ ᠲᠤᠩᠭᠠᠯᠠᠭ ᠡᠪᠡᠰᠦᠨ ᠤ ᠰᠣᠷᠭᠤᠭ ᠢ ᠲᠠᠭᠠᠨ ᠨᠡᠭᠦᠳᠡᠯᠯᠡᠬᠦ︾ ᠨᠢ ᠤᠮᠠᠷᠠᠲᠤ ᠶᠢᠨ ᠨᠡᠭᠦᠳᠡᠯᠴᠢᠨ | ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠠᠮᠢᠳᠤᠯᠢᠭ ᠵᠢᠷᠤᠭᠯᠠᠯ ᠪᠣᠯᠤᠭᠰᠠᠨ ᠪᠠᠶᠢᠨ᠎ᠠ; ᠡᠭᠦᠨ ᠳᠤ ︽ᠣᠰᠣᠨ ᠤ ᠲᠤᠩᠭᠠᠯᠠᠭ ᠡᠪᠡᠰᠦᠨ ᠤ ᠰᠣᠷᠭᠤᠭ ᠢ | ᠲᠠᠭᠠᠨ ᠨᠡᠭᠦᠳᠡᠯᠯᠡᠬᠦ︾ ᠨᠢ ᠤᠮᠠᠷᠠᠲᠤ ᠶᠢᠨ ᠨᠡᠭᠦᠳᠡᠯᠯᠡᠨ ᠮᠠᠯᠵᠢᠬᠤ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠠᠮᠢᠳᠤᠯᠢᠭ ᠵᠢᠷᠤᠭᠯᠠᠯ ᠪᠣᠯᠤᠭᠰᠠᠨ ᠪᠠᠶᠢᠨ᠎ᠠ; | ᠤᠯᠤᠰ ᠲᠦᠷᠦ ᠶᠢᠨ ᠨᠥᠬᠦᠴᠡᠯ ᠠᠴᠠ ᠠᠪᠴᠤ ᠦᠵᠡᠪᠡᠯ᠂ ᠤᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠶᠢᠨ ᠪᠣᠯᠪᠠᠰᠤᠨ ᠳᠤ ︽ᠶᠡᠭᠡ ᠨᠢᠭᠡᠳᠦᠯ︾ ᠤᠨ | ᠤᠯᠤᠰ ᠲᠦᠷᠦ ᠶᠢᠨ ᠬᠦᠰᠡᠯ ᠱᠠᠭᠠᠷᠳᠠᠯᠭ᠎ᠠ ᠠᠭᠤᠯᠤᠭᠳᠠᠵᠤ ᠪᠤᠢ; ᠴᠡᠷᠢᠭ ᠤᠨ ᠶᠠᠪᠤᠳᠠᠯ ᠤᠨ ᠨᠥᠬᠦᠴᠡᠯ ᠠᠴᠠ ᠦᠵᠡᠪᠡᠯ᠂ ᠣᠨᠴᠠᠭᠠᠶ ᠭᠠᠵᠠᠷ ᠵᠦᠢ ᠶᠢᠨ ᠣᠷᠣᠨ | ᠪᠠᠶᠢᠷᠢ ᠪᠠᠷ ᠪᠦᠷᠢᠯᠳᠦᠭᠰᠡᠨ ᠬᠢᠯᠢ ᠬᠢᠵᠠᠭᠠᠷ ᠢ ᠬᠠᠮᠠᠭᠠᠯᠠᠬᠤ ᠰᠣᠶᠣᠯ ᠨᠢ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ | ᠦᠢᠯᠡᠳᠦᠯ ᠦᠵᠡᠭᠦᠯᠵᠦ ᠪᠠᠶᠢᠨ᠎ᠠ; ᠭᠠᠳᠠᠭᠠᠳᠤ ᠲᠠᠢ ᠬᠠᠷᠢᠯᠴᠠᠬᠤ ᠨᠥᠬᠦᠴᠡᠯ ᠠᠴᠠ ᠦᠵᠡᠪᠡᠯ᠂ ᠪᠣᠷᠣᠳᠣᠬᠤᠢ ᠶᠢᠨ ᠲᠠᠯ᠎ᠠ ᠭᠠᠵᠠᠷ᠂ ᠲᠠᠯ᠎ᠠ ᠨᠤᠲᠤᠭ ᠤᠨ ᠲᠣᠷᠭᠠᠨ | ᠵᠠᠮ ᠵᠡᠷᠭᠡ ᠵᠠᠮ ᠬᠠᠷᠢᠯᠴᠠᠭᠠᠨ ᠤ ᠴᠢᠬᠤᠯᠠ ᠱᠤᠭᠤᠮ ᠲᠠᠰᠤᠷᠠᠯᠲᠠ ᠦᠭᠡᠢ ᠪᠣᠯᠪᠠᠰᠤᠨ ᠤ ᠰᠢᠨ᠎ᠡ ᠭᠡᠯᠪᠡᠷᠢ ᠶᠢ ᠡᠭᠦᠳᠴᠡᠢ᠃ | ︽ᠤᠮᠠᠷᠠᠲᠤ ᠬᠢᠯᠢ ᠶᠢᠨ ᠰᠣᠶᠣᠯ︾ ᠨᠢ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠠᠭᠤᠷ ᠠᠮᠢᠰᠬᠤᠯ ᠢ ᠢᠯᠡᠷᠡᠭᠦᠯᠪᠡ᠃ ᠡᠷᠲᠡᠨ ᠤ ᠦᠶ᠎ᠡ ᠳᠤ᠂ | ᠵᠦᠩᠶᠤᠸᠠᠨ ᠣᠷᠣᠨ ᠤ ᠬᠠᠭᠠᠨᠲᠤ ᠲᠦᠷᠦ ᠶᠢᠨ ᠨᠣᠶᠠᠷᠬᠠᠭᠴᠢᠳ ᠤᠨ ᠬᠡᠷᠡᠭᠵᠢᠭᠦᠯᠵᠦ ᠪᠠᠶᠢᠭᠰᠠᠨ ︽ᠰᠣᠶᠣᠯ ᠰᠤᠷᠭᠠᠨ ᠬᠥᠮᠦᠵᠢᠯ ᠢ ᠳᠦᠷᠢᠮᠵᠢᠭᠦᠯᠬᠦ︾ ᠲᠦᠷᠦ ᠶᠢᠨ | ᠪᠣᠳᠣᠯᠭ᠎ᠠ ᠵᠢᠴᠢ ᠡᠯ᠎ᠡ ᠦᠨᠳᠦᠰᠦᠲᠡᠨ ᠤ ᠬᠤᠭᠤᠷᠣᠨᠳᠣᠭᠢ ᠰᠣᠯᠢᠯᠴᠠᠭ᠎ᠠ ᠠᠭᠤᠰᠤᠯᠴᠠᠯ ᠨᠢ ᠨᠡᠭᠦᠳᠡᠯ ᠮᠠᠯᠵᠢᠯ ᠤᠨ ᠪᠣᠯᠪᠠᠰᠤᠨ ᠬᠢᠭᠡᠳ ᠲᠠᠷᠢᠶᠠᠯᠠᠬᠤ ᠪᠣᠯᠪᠠᠰᠤᠨ ᠢ | ᠬᠠᠷᠢᠯᠴᠠᠨ ᠠᠭᠤᠰᠤᠯᠴᠠᠭᠤᠯᠵᠤ᠂ ᠰᠢᠨ᠎ᠡ ᠶᠢ ᠡᠭᠦᠳᠬᠦ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠡᠢ᠃ ᠠᠳᠠᠯᠢ ᠪᠤᠰᠤ ᠲᠡᠦᠬᠡᠨ ᠴᠠᠭ ᠦᠶ᠎ᠡ ᠳᠤ᠂ ᠵᠠᠰᠠᠭ ᠤᠨ | ᠡᠷᠬᠡ ᠶᠢᠨ ᠰᠣᠯᠢᠭᠳᠠᠯ ᠪᠠ ᠦᠨᠳᠦᠰᠦᠲᠡᠨ ᠤ ᠨᠡᠭᠦᠳᠡᠯ ᠨᠢ ︽ᠤᠮᠠᠷᠠᠲᠤ ᠬᠢᠯᠢ ᠶᠢᠨ ᠰᠣᠶᠣᠯ︾ ᠳᠤ ᠰᠢᠨ᠎ᠡ ᠠᠭᠤᠯᠬᠤᠨ ᠨᠡᠮᠡᠷᠢᠯᠡᠵᠦ᠂ ︽ᠤᠮᠠᠷᠠᠲᠤ ᠬᠢᠯᠢ ᠶᠢᠨ ᠰᠣᠶᠣᠯ︾ | ᠨᠢ ᠤᠯᠠᠮᠵᠢᠯᠠᠨ ᠵᠠᠯᠭᠠᠮᠵᠢᠯᠠᠬᠤ ᠪᠠ ᠲᠣᠯᠢ ᠪᠤᠯᠭᠠᠬᠤ ᠳᠤᠮᠳᠠ ᠰᠢᠨ᠎ᠡ ᠢᠯᠡᠷᠡᠭᠦᠯᠦᠯ ᠤᠨ ᠭᠡᠯᠪᠡᠷᠢ ᠶᠢ ᠡᠭᠦᠳᠦᠭᠰᠡᠨ ᠪᠠᠶᠢᠨ᠎ᠠ᠃ ︽ᠬᠦᠴᠢᠷ ᠪᠡᠷᠬᠡ ᠶᠢ ᠲᠡᠰᠪᠦᠷᠢᠯᠡᠵᠦ᠂ | ᠪᠤᠴᠠᠯᠲᠠ ᠦᠭᠡᠢ ᠲᠡᠮᠡᠦᠯᠵᠦ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠪᠤᠴᠠᠬᠤ ᠦᠭᠡᠢ︾ ᠭᠡᠬᠦ ᠠᠭᠤᠯᠤᠭᠳᠠᠬᠤᠨ ᠲᠠᠢ ᠮᠣᠩᠭᠤᠯ ᠮᠣᠷᠢᠨ ᠤ | ᠵᠣᠷᠢᠭ ᠰᠠᠨᠠᠭ᠎ᠠ ᠨᠢ ︽ᠤᠮᠠᠷᠠᠲᠤ ᠬᠢᠯᠢ ᠶᠢᠨ ᠰᠣᠶᠣᠯ︾ ᠤᠨ ︽ᠬᠤᠪᠢᠷᠠᠬᠤ︾ ᠪᠠ ︽ᠦᠯᠦ ᠬᠤᠪᠢᠷᠠᠬᠤ︾ ᠶᠢ ᠲᠠᠶᠢᠯᠪᠤᠷᠢᠯᠠᠵᠤ᠂ ᠲᠥᠪ ᠶᠣᠰᠣ ᠶᠢ ᠰᠠᠬᠢᠵᠤ ᠰᠢᠨ᠎ᠡ ᠶᠢ | ᠡᠭᠦᠳᠬᠦ ᠳᠤᠮᠳᠠ ᠢᠯᠡ ᠲᠣᠳᠣ ᠬᠡᠪ ᠪᠠᠶᠢᠳᠠᠯ ᠢ ᠢᠯᠡᠷᠡᠭᠦᠯᠳᠡᠭ᠃ ᠰᠢᠨ᠎ᠡ ᠴᠠᠭ ᠦᠶ᠎ᠡ ᠳᠤ ᠣᠷᠣᠭᠰᠠᠨ ᠤ ᠲᠠᠷᠠᠭ᠎ᠠ᠂ ᠥᠪᠥᠷ ᠮᠣᠩᠭᠤᠯ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ | ᠵᠠᠮᠨᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠢᠯᠡ ᠲᠣᠳᠣ ᠤᠳᠤᠷᠢᠳᠤᠮᠵᠢ ᠶᠢ ᠢᠯᠡᠷᠡᠭᠦᠯᠪᠡ᠃ | ︽ᠤᠮᠠᠷᠠᠲᠤ ᠬᠢᠯᠢ ᠶᠢᠨ ᠰᠣᠶᠣᠯ︾ ᠨᠢ ᠦᠨᠳᠦᠰᠦᠲᠡᠨ ᠤ ᠪᠦᠯᠬᠦᠮᠳᠡᠯ ᠤᠨ ᠭᠧᠨ ᠢ ᠠᠴᠢᠶᠠᠯᠠᠵᠤ ᠪᠠᠶᠢᠳᠠᠭ᠃ ᠤᠯᠠᠨ ᠦᠨᠳᠦᠰᠦᠲᠡᠨ ᠤ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠴᠢᠬᠤᠯᠠ ᠣᠷᠣᠨ ᠪᠣᠯᠤᠭᠰᠠᠨ ᠤ ᠬᠤᠪᠢ ᠳᠤ᠂ ᠤᠮᠠᠷᠠᠲᠤ ᠬᠢᠯᠢ ᠶᠢᠨ ᠣᠷᠣᠨ ︽ᠲᠠᠪᠤᠨ ᠦᠨᠳᠦᠰᠦᠲᠡᠨ ᠪᠦᠭᠦᠳᠠ ᠨᠠᠶᠢᠷᠠᠮᠳᠠᠭᠰᠠᠨ︾ | ᠠᠴᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠡᠷᠡᠭᠵᠢᠭᠦᠯᠦᠭᠰᠡᠨ᠂ ᠦᠨᠳᠦᠰᠦᠲᠡᠨ ᠨᠦᠭᠦᠳ ᠬᠠᠷᠢᠯᠴᠠᠨ ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠬᠤ ᠭᠦᠷᠲᠡᠯ᠎ᠡ᠂ ︽ᠤᠮᠠᠷᠠᠲᠤ ᠬᠢᠯᠢ ᠶᠢᠨ ᠰᠣᠶᠣᠯ︾ ᠨᠢ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠤᠨ ᠭᠧᠨ ᠢ ᠵᠠᠯᠭᠠᠮᠵᠢᠯᠠᠵᠤ᠂ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠬᠤ ᠤᠶᠤᠨ ᠰᠠᠨᠠᠭᠠᠨ ᠤ ᠲᠤᠯᠭᠠᠭᠤᠷᠢᠯᠠᠯ ᠪᠣᠯᠤᠭᠰᠠᠨ ᠪᠠᠶᠢᠨ᠎ᠠ᠃ ᠲᠡᠦᠬᠡ ᠶᠢᠨ ᠬᠥᠭᠵᠢᠯᠲᠡ ᠶᠢᠨ ᠤᠷᠳᠤ ᠠᠶᠠᠨ ᠳᠤ᠂ ᠤᠮᠠᠷᠠᠲᠤ ᠬᠢᠯᠢ ᠶᠢᠨ | ᠭᠠᠵᠠᠷ ᠣᠷᠣᠨ ᠢᠮᠠᠭᠲᠠ ᠰᠣᠶᠣᠯ ᠢ ᠮᠡᠳᠡᠷᠡᠬᠦ ᠪᠠ ᠰᠣᠶᠣᠯ ᠢ ᠨᠡᠶᠢᠳᠬᠡᠬᠦ ᠪᠠᠷ ᠭᠤᠣᠯ ᠬᠠᠷᠠᠯᠲᠠ ᠪᠤᠯᠭᠠᠵᠤ᠂ ︽ᠰᠣᠶᠣᠯ ᠶᠣᠰᠣ ᠰᠤᠷᠲᠠᠬᠤᠨ ᠢᠶᠠᠷ ᠤᠬᠠᠭᠠᠷᠠᠭᠤᠯᠬᠤ︾ | ᠭᠡᠯᠪᠡᠷᠢ ᠪᠠᠷ ᠳᠠᠮᠵᠢᠭᠤᠯᠵᠤ᠂ ᠵᠦᠩᠶᠤᠸᠠᠨ ᠣᠷᠣᠨ ᠤ ᠰᠣᠶᠣᠯ ᠪᠣᠯᠣᠨ ︽ᠤᠮᠠᠷᠠᠲᠤ ᠬᠢᠯᠢ ᠶᠢᠨ ᠰᠣᠶᠣᠯ︾ ᠤᠨ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ | ᠤᠯᠠᠨ ᠦᠨᠳᠦᠰᠦᠲᠡᠨ ᠤ ᠠᠭᠤᠰᠤᠯᠴᠠᠯ ᠢ ᠬᠠᠮᠲᠤᠳᠬᠠᠬᠤ ᠦᠷᠳᠡᠭ ᠤᠨ ᠦᠵᠡᠯᠲᠡ ᠶᠢ ᠢᠮᠠᠭᠲᠠ ᠪᠠᠷᠢᠮᠲᠠᠯᠠᠭᠰᠠᠭᠠᠷ ᠢᠷᠡᠵᠠᠢ᠃ | ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠬᠤ ᠶᠢᠨ ᠬᠦᠴᠦᠯᠡᠬᠦ ᠴᠡᠭ | ︽ᠤᠮᠠᠷᠠᠲᠤ ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ | ᠪᠣᠯᠪᠠᠰᠤᠨ ᠪᠠ ᠰᠣᠶᠣᠯ ᠤᠨ ᠰᠢᠰᠲ᠋ᠧᠮ ᠢ ᠪᠠᠶᠢᠭᠤᠯᠬᠤ ᠳᠤᠮᠳᠠ ︽ᠤᠮᠠᠷᠠᠲᠤ ᠬᠢᠯᠢ ᠶᠢᠨ ᠰᠣᠶᠣᠯ︾ ᠤᠨ ᠶᠡᠷᠦᠩᠬᠡᠢ ᠪᠠᠶᠢᠷᠢ ᠲᠣᠭᠲᠠᠭᠠᠯᠲᠠ ᠶᠢ ᠰᠠᠶᠢᠲᠤᠷ ᠬᠢᠬᠦ | ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾ ᠬᠢᠭᠡᠳ ᠳᠤᠮᠳᠠᠳᠤ ᠶᠢᠨ ᠰᠣᠶᠣᠯ ᠤᠨ ᠬᠤᠯᠪᠤᠭ᠎ᠠ ᠶᠢ ᠪᠦᠭᠦ ᠲᠠᠯ᠎ᠠ ᠪᠠᠷ ᠣᠶᠢᠯᠠᠭᠠᠵᠤ᠂ ︽ᠭᠤᠣᠯ ᠡᠰᠢ︾ ᠬᠢᠭᠡᠳ | ︽ᠰᠠᠯᠠᠭ᠎ᠠ ᠮᠥᠴᠢᠷ︾ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ︽ᠤᠮᠠᠷᠠᠲᠤ ᠬᠢᠯᠢ ᠶᠢᠨ ᠰᠣᠶᠣᠯ︾ ᠠᠭᠤᠯᠤᠭᠳᠠᠵᠤ ᠪᠠᠶᠢᠭ᠎ᠠ ᠡᠯ᠎ᠡ ᠵᠦᠢᠯ ᠤᠨ ᠰᠣᠶᠣᠯ ᠤᠨ ᠰᠢᠰᠲ᠋ᠧᠮ ᠢ | ᠰᠢᠰᠲ᠋ᠧᠮ ᠲᠠᠢ ᠡᠮᠬᠢᠯᠡᠨ᠎ᠡ᠃ ᠦᠨᠳᠦᠰᠦᠲᠡᠨ ᠤ ᠬᠥᠭᠵᠢᠯᠲᠡ ᠶᠢᠨ ᠲᠡᠦᠬᠡᠨ ᠠᠴᠠ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠲᠡᠦᠬᠡ ᠶᠢᠨ ᠰᠤᠳᠠᠰᠤ ᠪᠠ ᠴᠠᠭ | ᠦᠶ᠎ᠡ ᠶᠢᠨ ᠦᠷᠳᠡᠭ ᠤᠨ ᠡᠭᠦᠳᠡᠨ ᠠᠴᠠ ︽ᠤᠮᠠᠷᠠᠲᠤ ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠪᠠᠶᠠᠯᠢᠭᠵᠢᠭᠤᠯᠤᠨ᠎ᠠ᠃ ᠪᠠᠶᠢᠳᠠᠯ ᠢ ᠲᠣᠳᠣᠷᠬᠠᠢ ᠣᠶᠢᠯᠠᠭᠠᠵᠤ | ︽ᠤᠮᠠᠷᠠᠲᠤ ᠬᠢᠯᠢ ᠶᠢᠨ ᠰᠣᠶᠣᠯ︾ ᠤᠨ ᠰᠤᠳᠤᠯᠭᠠᠨ ᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠴᠢᠷᠮᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠢ ᠪᠦᠲᠦᠭᠡᠯᠴᠢ ᠪᠠᠷ ᠬᠤᠪᠢᠷᠠᠭᠤᠯᠬᠤ᠂ᠪᠦᠲᠦᠭᠡᠯᠴᠢ ᠪᠠᠷ ᠬᠥᠭᠵᠢᠭᠦᠯᠬᠦ ᠶᠢ ᠴᠢᠬᠤᠯᠠᠴᠢᠯᠠᠵᠤ᠂ ︽ᠤᠮᠠᠷᠠᠲᠤ ᠬᠢᠯᠢ ᠶᠢᠨ | ᠰᠣᠶᠣᠯ︾ ᠤᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠳᠤ ᠠᠭᠤᠰᠬᠠᠨ ᠣᠷᠣᠭᠤᠯᠤᠨ᠎ᠠ᠃ ︽ᠴᠡᠭ ︱ᠱᠤᠭᠤᠮ ︱ᠭᠠᠳᠠᠷᠭᠤ︾ | ᠶᠢᠨ ᠠᠳᠠᠯᠢ ᠪᠤᠰᠤ ᠬᠠᠷᠠᠭᠠᠰᠤ ᠠᠴᠠ ︽ᠤᠮᠠᠷᠠᠲᠤ ᠬᠢᠯᠢ ᠶᠢᠨ ᠰᠣᠶᠣᠯ︾ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠡᠯ᠎ᠡ ᠵᠦᠢᠯ ᠤᠨ ᠳᠠᠮᠵᠢᠭᠤᠯᠭ᠎ᠠ ᠶᠢᠨ ᠠᠷᠭ᠎ᠠ | ᠵᠠᠮ ᠢᠶᠠᠷ ︽ᠤᠮᠠᠷᠠᠲᠤ ᠬᠢᠯᠢ ᠶᠢᠨ ᠰᠣᠶᠣᠯ︾ ᠤᠨ ᠦᠯᠢᠭᠡᠷ ᠢ ᠴᠢᠷᠮᠠᠶᠢᠨ ᠰᠠᠶᠢᠲᠤᠷ ᠶᠠᠷᠢᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠦᠨ᠎ᠡ᠃ | ︽ᠤᠮᠠᠷᠠᠲᠤ ᠬᠢᠯᠢ ᠶᠢᠨ ᠰᠣᠶᠣᠯ︾ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠤᠪᠢᠷᠠᠭᠤᠯᠬᠤ ᠶᠢ ᠴᠢᠩᠭᠠᠳᠬᠠᠵᠤ᠂ ᠰᠣᠶᠣᠯ ᠤᠨ ᠪᠦᠲᠦᠭᠡᠭᠳᠡᠬᠦᠨ ᠢ | ᠬᠥᠮᠥᠰ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠵᠢᠴᠢ ᠰᠣᠶᠣᠯ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ︽ᠤᠮᠠᠷᠠᠲᠤ ᠬᠢᠯᠢ ᠶᠢᠨ ᠰᠣᠶᠣᠯ︾ ᠤᠨ ᠣᠨᠴᠠᠯᠢᠭ ᠢ ᠲᠣᠪᠤᠶᠢᠯᠭᠠᠨ᠂ ᠣᠨᠴᠠᠯᠢᠭᠲᠤ ᠰᠣᠶᠣᠯ ᠤᠨ | ᠪᠦᠲᠦᠭᠡᠭᠳᠡᠬᠦᠨ ᠤ ᠦᠢᠯᠡᠴᠢᠯᠡᠭᠡ ᠵᠢᠴᠢ ᠵᠢᠭᠤᠯᠴᠢᠯᠠᠯ ᠤᠨ ᠥᠩᠭᠡᠷᠡᠭᠡᠯᠲᠡ ᠳᠤ ᠲᠦᠰᠢᠭᠯᠡᠨ ︽ᠤᠮᠠᠷᠠᠲᠤ ᠬᠢᠯᠢ ᠶᠢᠨ ᠰᠣᠶᠣᠯ︾ ᠳᠤ ᠨᠠᠩ ᠥᠷᠭᠡᠨ ᠳᠡᠯᠭᠡᠷ | ᠰᠣᠶᠣᠯ ᠤᠨ ᠲᠠᠨᠢᠯᠲᠠ ᠲᠠᠢ ᠪᠣᠯᠭᠠᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠴᠣᠭᠴᠠᠯᠠᠬᠤ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ ᠨᠢᠭᠡ ᠲᠠᠯ᠎ᠠ ᠪᠠᠷ ︽ᠤᠮᠠᠷᠠᠲᠤ ᠬᠢᠯᠢ ᠶᠢᠨ ᠰᠣᠶᠣᠯ︾ ᠤᠨ ᠳᠤᠮᠳᠠᠳᠤ ᠶᠢᠨ | ᠰᠣᠶᠣᠯ ᠳᠠᠬᠢ ᠲᠣᠪᠣᠶᠢᠮ᠎ᠠ ᠦᠢᠯᠡᠳᠦᠯ ᠢ ᠵᠥᠪ ᠢᠶᠠᠷ ᠲᠠᠨᠢᠵᠤ᠂ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠬᠤᠶᠠᠳᠠᠭᠢ | ᠤᠶᠠᠯᠳᠤᠯ︾ ᠢ ᠭᠦᠨᠵᠡᠭᠡᠢ ᠦᠢᠯᠡᠳᠦᠯᠭᠡᠵᠢᠭᠦᠯᠵᠦ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠤᠭᠰᠠᠨ ᠰᠠᠭᠤᠷᠢᠨ ᠳᠡᠭᠡᠷ᠎ᠡ ᠵᠠᠮ ᠨᠡᠭᠡᠭᠡᠨ ᠰᠢᠨ᠎ᠡ ᠶᠢ ᠡᠭᠦᠳᠬᠦ ᠬᠡᠷᠡᠭᠲᠡᠢ᠃ ᠨᠥᠭᠦᠭᠡ ᠲᠠᠯ᠎ᠠ ᠪᠠᠷ᠂ ᠡᠯ᠎ᠡ ᠲᠥᠷᠥᠯ ᠤᠨ ᠦᠨᠳᠦᠰᠦᠲᠡᠨ ᠤ | ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠰ ᠮᠡᠲᠦ ᠳᠣᠲᠣᠨᠣ ᠪᠤᠯᠬᠤ︾ | ᠰᠠᠭᠤᠷᠢ ᠶᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠬᠤᠭᠤᠷᠣᠨᠳᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠰᠠᠨ ᠦᠷ᠎ᠡ ᠪᠦᠲᠦᠭᠡᠯ ᠳᠤ | ᠲᠦᠰᠢᠭᠯᠡᠨ᠂ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠦᠨ ᠪᠦᠲᠦᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ | ᠬᠠᠮᠲᠤ ᠪᠠᠷ ᠡᠳ᠋ᠯᠡᠬᠦ ᠬᠡᠷᠡᠭᠲᠡᠢ᠃ | | |