ᠣᠶᠢᠷ᠎ᠠ ᠳᠤ᠂ ︽ᠵᠢᠨᠠᠨ ᠤ ᠡᠮᠡᠭᠲᠡᠶ ᠰᠣᠷᠣᠭᠴᠢ ᠵᠣᠳᠤᠭᠳᠠᠵᠤ ᠪᠠᠶᠢᠨ᠎ᠠ︾ ᠭᠡᠰᠡᠨ ᠭᠠᠷᠴᠠᠭ ᠲᠠᠢ᠂ ᠠᠭᠤᠯᠭ᠎ᠠ ᠨᠢ ᠬᠡᠳᠦᠨ ᠡᠮᠡᠭᠲᠡᠶ ᠰᠣᠷᠣᠭᠴᠢ ᠨᠢᠭᠡ ᠡᠮᠡᠭᠲᠡᠶ | ᠰᠣᠷᠣᠭᠴᠢ ᠶᠢ ᠵᠣᠳᠣᠭᠰᠠᠨ ᠪᠠ ᠳᠣᠷᠣᠮᠵᠢᠯᠠᠭᠰᠠᠨ ᠣᠬᠤᠷ ᠸᠢᠳᠢᠣ᠋ ᠰᠦᠯᠵᠢᠶᠡᠨ ᠤ ᠲᠠᠪᠴᠠᠩ ᠳᠤ ᠶᠡᠭᠡ ᠪᠠᠷ ᠲᠠᠷᠬᠠᠵᠤ᠂ ᠰᠦᠯᠵᠢᠶ᠎ᠡ ᠠᠰᠢᠭᠯᠠᠭᠴᠢᠳ ᠤᠨ | ᠠᠩᠬᠠᠷᠤᠯ ᠢ ᠲᠠᠲᠠᠵᠤ᠂ ᠮᠠᠭᠤ ᠨᠥᠯᠥᠭᠡ ᠭᠠᠷᠭᠠᠭᠰᠠᠨ ᠪᠠᠶᠢᠨ᠎ᠠ᠃ | ᠵᠢᠨᠠᠨ ᠤ ᠰᠦᠯᠵᠢᠶᠡᠨ ᠤ ᠠᠮᠤᠷ ᠲᠦᠪᠰᠢᠨ ᠤ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠠᠩᠬᠠᠷᠴᠤ᠂ ᠲᠡᠷᠡ ᠳᠠᠷᠤᠶ ᠳᠤᠨᠢ ᠬᠠᠷᠢᠶ᠎ᠠ ᠭᠠᠵᠠᠷ ᠤᠨ ᠬᠤᠪᠢᠶᠠᠷᠢ | ᠲᠣᠪᠴᠢᠶ᠎ᠠ ᠲᠠᠢ ᠬᠠᠮᠲᠤᠷᠠᠨ ᠮᠥᠷᠳᠡᠨ ᠪᠠᠶᠢᠴᠠᠭᠠᠯᠲᠠ ᠬᠢᠵᠡᠢ᠃ | ᠬᠢᠨᠠᠨ ᠪᠠᠶᠢᠴᠠᠭᠠᠭᠰᠠᠨ ᠢᠶᠠᠷ᠂ ᠲᠣᠰ ᠮᠡᠳᠡᠭᠡ ᠵᠠᠩᠭᠢ ᠶᠢ ᠨᠡᠶᠢᠲᠡᠯᠡᠬᠦ ᠶᠢᠨ ᠤᠷᠢᠳ ᠬᠤᠵᠢᠳ᠂ ᠲᠤᠬᠠᠶ ᠶᠢᠨ ᠭᠠᠵᠠᠷ ᠲᠤ ᠡᠮᠡᠭᠲᠡᠶ ᠰᠣᠷᠣᠭᠴᠢ ᠵᠣᠳᠤᠭᠳᠠᠭᠰᠠᠨ | ᠶᠠᠪᠤᠳᠠᠯ ᠶᠡᠷᠦ ᠠᠴᠠ ᠭᠠᠷᠤᠭᠰᠠᠨ ᠥᠬᠡᠶ ᠶᠣᠮ ᠪᠠᠶᠢᠨ᠎ᠠ᠃ ᠺᠠᠩ ᠣᠪᠣᠭᠲᠤ ᠵᠡᠷᠭᠡ ᠬᠥᠮᠦᠰ ᠳᠠᠭᠠᠭᠴᠢᠳ ᠤᠨ ᠢᠶᠠᠨ ᠲᠤᠭ᠎ᠠ ᠶᠢ ᠨᠡᠮᠡᠭᠳᠡᠭᠦᠯᠵᠦ᠂ ᠬᠥᠮᠦᠰ ᠤᠨ | ᠠᠩᠬᠠᠷᠤᠯ ᠢ ᠲᠠᠲᠠᠬᠤ ᠶᠢᠨ ᠲᠥᠯᠥᠭᠡ ᠰᠦᠯᠵᠢᠶᠡᠨ ᠳᠡᠭᠡᠷ᠎ᠡ ᠠᠴᠠ ᠡᠷᠢᠵᠦ ᠣᠯᠤᠭᠰᠠᠨ ᠸᠢᠳᠢᠣ᠋ ᠶᠢ ᠬᠠᠶᠢᠴᠢᠯᠠᠨ ᠨᠠᠶᠢᠷᠠᠭᠤᠯᠵᠤ᠂ ᠥᠰᠥᠭ ᠲᠠᠭᠠᠷᠠᠭᠤᠯᠵᠤ᠂ | ᠥᠪᠡᠷ ᠤᠨ ᠢᠶᠠᠨ ᠰᠦᠯᠵᠢᠶᠡᠨ ᠲᠠᠩᠰᠠᠨ ᠳᠤ ᠳᠠᠮᠵᠢᠭᠤᠯᠤᠨ ᠲᠠᠷᠬᠠᠭᠠᠵᠤ᠂ ᠲᠣᠰ ᠭᠠᠵᠠᠷ ᠲᠤ ᠡᠭᠦᠰᠦᠭᠰᠡᠨ ᠭᠡᠵᠦ ᠴᠤᠤᠷᠬᠠᠯ ᠲᠠᠷᠬᠠᠭᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠲᠡᠷᠡ ᠪᠠᠰᠠ ︽ᠨᠢᠭᠡᠨ ᠶᠡᠭᠡ ᠰᠤᠷᠭᠠᠭᠤᠯᠢ ᠶᠢᠨ ᠾᠧ ᠣᠪᠣᠭᠲᠤ︾ ᠵᠡᠷᠭᠡ ᠱᠠᠯᠢᠭ ᠵᠠᠪᠬᠠᠶ ᠵᠦᠢᠯ ᠳᠤ ᠬᠤᠯᠪᠣᠭᠳᠠᠭᠰᠠᠨ᠂ ᠬᠤᠳᠠᠯ | ᠬᠠᠭᠤᠷᠮᠠᠭ ᠸᠢᠳᠢᠣ᠋ ᠶᠢ 300 ᠭᠠᠷᠤᠶ ᠬᠠᠶᠢᠴᠢᠯᠠᠨ ᠨᠡᠶᠢᠯᠡᠭᠦᠯᠵᠦ ᠠᠪᠤᠭᠰᠠᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠣᠯᠵᠤ ᠮᠡᠳᠡᠵᠡᠶ᠃ | ᠪᠠᠶᠢᠴᠠᠭᠠᠯᠲᠠ ᠶᠢ ᠦᠨᠳᠦᠰᠦᠯᠡᠪᠡᠯ᠂ ᠺᠠᠩ ᠣᠪᠣᠭᠲᠤ ᠰᠦᠯᠵᠢᠶᠡᠨ ᠳᠡᠭᠡᠷ᠎ᠡ ᠵᠣᠭᠤᠭᠳᠠᠬᠤ ᠳᠠᠩᠰᠠ ᠶᠢ ᠶᠡᠭᠡ ᠬᠡᠮᠵᠢᠶ᠎ᠡ ᠪᠠᠷ ᠬᠤᠳᠠᠯᠳᠤᠨ ᠠᠪᠴᠤ᠂ ᠮᠢᠩᠭ᠎ᠠ ᠭᠠᠷᠤᠶ | ᠴᠤᠭᠯᠠᠷᠠᠯ ᠪᠠᠶᠢᠭᠤᠯᠵᠠᠢ᠃ ᠲᠡᠷᠡ ᠬᠢᠯᠢ ᠶᠢᠨ ᠭᠠᠳᠠᠨᠠᠬᠢ ᠰᠦᠯᠵᠢᠶᠡᠨ ᠳᠡᠭᠡᠷ᠎ᠡ ᠠᠴᠠ ᠱᠠᠯᠢᠭ ᠵᠠᠪᠠᠭ᠋ᠠᠢ᠂ ᠴᠤᠤᠷᠬᠠᠯ ᠸᠢᠳᠢᠣ᠋ ᠶᠢ ᠴᠤᠭᠯᠠᠭᠤᠯᠵᠤ᠂ ᠪᠠᠭᠤᠯᠭᠠᠨ ᠠᠪᠴᠤ᠂ | ᠡᠮᠬᠢᠳᠬᠡᠨ ᠨᠠᠶᠢᠷᠠᠭᠤᠯᠵᠤ᠂ ᠴᠤᠭᠯᠠᠷᠠᠯ ᠪᠠᠶᠢᠭᠤᠯᠤᠨ ᠳᠠᠮᠵᠢᠭᠤᠯᠤᠨ ᠲᠠᠷᠬᠠᠭᠠᠵᠤ᠂ ᠰᠦᠯᠵᠢᠶᠡᠨ ᠳᠡᠭᠡᠷ᠎ᠡ ᠶᠡᠭᠡ ᠪᠠᠷ ᠨᠡᠶᠢᠲᠡᠯᠡᠵᠦ᠂ ᠰᠦᠯᠵᠢᠶ᠎ᠡ ᠠᠰᠢᠭᠯᠠᠭᠴᠢᠳ ᠢ | ᠲᠡᠳᠡᠨ ᠣᠷᠣᠭᠤᠯᠵᠠᠶ᠃ ᠴᠤᠭᠯᠠᠷᠠᠯ ᠨᠢᠭᠡᠪᠦᠷᠢ ᠨᠢ ᠪᠠᠷᠤᠭ 500 ︱ 2000 ᠬᠥᠮᠦᠨ ᠲᠠᠢ᠂ ᠲᠣᠰ ᠪᠦᠯᠬᠦᠮ ᠨᠢ ᠪᠠᠰᠠ ᠴᠤᠭᠯᠠᠷᠠᠯ ᠳᠤ ᠣᠷᠤᠭᠰᠠᠨ ᠬᠦᠮᠦᠨ | ᠨᠢᠭᠡᠪᠦᠷᠢ ᠶᠢ 1.2 ︱ 1.5 ᠲᠥᠭᠦᠷᠢᠭ ᠤᠨ ᠠᠳᠠᠯᠢ ᠪᠤᠰᠤ ᠦᠨ᠎ᠡ ᠪᠠᠷ ᠬᠤᠳᠠᠯᠳᠤᠨ᠂ ᠡᠴᠦᠰ ᠲᠡᠭᠡᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ | ᠲᠠᠪᠴᠠᠩ ᠳᠤ ᠣᠷᠣᠭᠤᠯᠵᠤ᠂ ᠬᠠᠤᠯᠢ ᠪᠤᠰᠤ ᠪᠠᠷ ᠣᠯᠤᠭᠰᠠᠨ ᠠᠰᠢᠭ ᠨᠢ 100 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ | ᠡᠴᠦᠰ ᠲᠤ᠂ ᠵᠢᠨᠠᠨ ᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠰ ᠡᠪᠰᠡᠯ ᠪᠦᠯᠦᠭ ᠤᠨ ᠺᠠᠩ ᠣᠪᠣᠭᠲᠤ ᠵᠡᠷᠭᠡ | ᠬᠠᠤᠯᠢ ᠶᠢ ᠵᠥᠷᠢᠴᠡᠭᠰᠡᠨ 5 ᠰᠡᠵᠢᠭᠳᠡᠨ ᠢ ᠨᠢᠭᠡ ᠯᠡ ᠳᠡᠭᠡᠷ᠎ᠡ ᠪᠠᠷᠢᠪᠴᠢᠯᠠᠵᠤ᠂ ᠲᠡᠭᠦᠨ ᠤ 1000 ᠭᠠᠷᠤᠶ ᠴᠤᠭᠯᠠᠷᠠᠯ ᠪᠠᠶᠢᠭᠤᠯᠤᠭᠰᠠᠨ᠂ 30 ᠭᠠᠷᠤᠢ ᠲᠦᠮᠡᠨ | ᠵᠤᠷᠪᠤᠰ ᠱᠠᠯᠢᠭ ᠵᠠᠪᠬᠠᠶ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭᠠᠭᠰᠠᠨ᠂ 50 ᠭᠠᠷᠤᠢ ᠲᠦᠮᠡᠨ ᠬᠦᠮᠦᠨ ᠢ ᠲᠡᠳᠡᠨ ᠠᠪᠴᠢᠷᠠᠭᠰᠠᠨ᠂ 100 ᠲᠦᠮᠡᠨ | ᠲᠥᠭᠦᠷᠢᠭ ᠤᠨ ᠠᠰᠢᠭ ᠣᠯᠵᠠᠪᠤᠷᠢ ᠣᠯᠤᠭᠰᠠᠨ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠳᠣᠲᠣᠯᠠᠵᠠᠶ᠃ | ᠣᠳᠣᠬᠠᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠺᠠᠩ ᠣᠪᠣᠭᠲᠤ ᠵᠡᠷᠭᠡ 5 ᠬᠥᠮᠦᠨ ᠳᠤ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠴᠢᠨᠠᠭᠰᠢᠳᠠ ᠮᠥᠷᠳᠡᠨ ᠰᠢᠢᠳᠪᠦᠷᠢᠯᠡᠵᠤ ᠪᠠᠶᠢᠨ᠎ᠠ᠃ | ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠬᠤ ᠪᠤᠶᠤ ᠵᠣᠷᠢᠭᠤᠳᠠ ᠲᠠᠷᠬᠠᠭᠠᠵᠤ᠂ ᠰᠦᠯᠵᠢᠶ᠎ᠡ ᠶᠢ ᠠᠰᠢᠭᠯᠠᠨ ᠮᠠᠭᠤ ᠬᠡᠷᠡᠭ ᠦᠢᠯᠡᠳᠪᠡᠯ᠂ ᠬᠥᠩᠭᠡᠨ ᠪᠣᠯ | ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠵᠦ᠂ ᠬᠦᠨᠳᠦ ᠪᠣᠯ ᠵᠣᠭᠤᠰ ᠢᠶᠠᠷ ᠲᠣᠷᠭᠠᠵᠤ ᠲᠦᠷ ᠬᠤᠷᠢᠵᠤ᠂ ᠴᠢᠨᠠᠭᠰᠢᠯᠠᠪᠠᠯ ᠶᠠᠯ᠎ᠠ ᠬᠢᠭᠰᠡᠨ ᠳᠤ ᠲᠣᠭᠠᠴᠠᠭᠳᠠᠨ᠎ᠠ | ᠭᠡᠵᠤ ᠰᠦᠯᠵᠢᠶᠡᠨ ᠤ ᠴᠠᠭᠳᠠᠭ᠎ᠠ ᠰᠠᠨᠠᠭᠤᠯᠵᠤ ᠪᠠᠶᠢᠨ᠎ᠠ᠃ | |