ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠨᠠᠰᠤᠲᠠᠶᠢᠴᠤᠳ ᠤᠨ | ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ᠂ ᠪᠦᠷᠢᠨ ᠭᠦᠢᠴᠡᠳ᠂ ᠳᠥᠭᠦᠮ ᠳᠥᠲᠡ ᠪᠠᠷ ᠣᠷᠣᠯᠴᠠᠬᠤ ᠪᠠ ᠨᠡᠶᠢᠬᠡᠮ ᠤᠨ ᠠᠮᠢᠳᠤᠷᠠᠯ ᠳᠤ ᠠᠭᠤᠰᠤᠯᠴᠠᠬᠤ ᠶᠢ | ᠪᠠᠲᠤᠯᠠᠵᠤ᠂ ᠨᠡᠶᠢᠭᠡᠮ ᠤᠨ ᠪᠦᠬᠦ ᠬᠥᠮᠥᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠬᠤ ᠶᠢ ᠠᠬᠢᠭᠤᠯᠬᠤ ᠶᠢᠨ ᠲᠥᠯᠥᠭᠡ᠂ ᠦᠨᠳᠦᠰᠦᠨ ᠬᠠᠤᠯᠢ ᠪᠠ ᠬᠤᠯᠪᠣᠭᠳᠠᠯ ᠪᠦᠬᠦᠢ ᠬᠠᠤᠯᠢ | ᠴᠠᠭᠠᠵᠠ ᠶᠢ ᠦᠨᠳᠦᠰᠦᠯᠡᠨ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ᠄ ᠤᠯᠤᠰ ᠠᠴᠠ ᠠᠷᠭ᠎ᠠ ᠠᠪᠴᠤ ᠪᠠᠶᠢᠭᠠᠳ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠵᠡᠮᠳᠡᠭᠴᠦᠳ᠂ ᠨᠠᠰᠤᠲᠠᠶᠢᠴᠤᠳ ᠤᠨ ᠵᠠᠮ ᠨᠡᠪᠲᠡᠷᠡᠯᠭᠡ᠂ ᠪᠠᠷᠢᠯᠭ᠎ᠠ ᠪᠠᠷ ᠣᠷᠣᠵᠤ ᠭᠠᠷᠬᠤ ᠪᠠ ᠲᠡᠭᠦᠨ ᠤ ᠳᠠᠭᠠᠯᠲᠠ ᠲᠥᠬᠦᠭᠡᠷᠦᠮᠵᠢ ᠶᠢ ᠬᠡᠷᠡᠭᠯᠡᠬᠦ᠂ ᠤᠯᠠᠨ | ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠳᠤ ᠰᠠᠭᠤᠬᠤ᠂ ᠮᠡᠳᠡᠭᠡ ᠵᠠᠩᠭᠢ ᠶᠢ ᠣᠯᠬᠤ᠂ ᠬᠡᠷᠡᠭᠯᠡᠬᠦ ᠪᠠ ᠰᠣᠯᠢᠯᠴᠠᠬᠤ᠂ ᠨᠡᠶᠢᠭᠡᠮ ᠤᠨ | ᠦᠢᠯᠡᠴᠢᠯᠡᠭᠡ ᠬᠦᠷᠳᠡᠬᠦ ᠵᠡᠷᠭᠡ ᠳᠤ ᠲᠦᠬᠦᠮ ᠦᠵᠡᠭᠦᠯᠦᠨ᠎ᠡ᠃ ᠵᠡᠮᠳᠡᠭᠴᠦᠳ᠂ ᠨᠠᠰᠤᠲᠠᠶᠢᠴᠤᠳ ᠠᠴᠠ ᠪᠤᠰᠤᠳ ᠬᠦᠮᠦᠰ ᠰᠠᠭᠠᠳ ᠦᠬᠡᠢ ᠤᠷᠴᠢᠨ ᠲᠤᠭᠤᠷᠢᠨ ᠢ | ᠬᠡᠷᠡᠭᠯᠡᠬᠦ ᠴᠢᠬᠤᠯᠠᠳᠠᠢ ᠪᠤᠯ ᠮᠥᠨ ᠬᠡᠷᠡᠭᠯᠡᠵᠤ ᠪᠤᠯᠤᠨ᠎ᠠ᠃ | ᠭᠤᠷᠪᠠᠳᠤᠭᠠᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠳᠡᠪᠬᠢᠵᠢᠯ ᠢ | ᠲᠠᠶᠢᠴᠢᠯᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠤᠯᠠᠨ ᠨᠡᠶᠢᠲᠡ ᠶᠢᠨ ᠥᠷᠭᠡᠨ ᠢᠶᠠᠷ ᠣᠷᠣᠯᠴᠠᠬᠤ ᠶᠢ ᠵᠢᠯᠤᠭᠤᠳᠴᠤ᠂ ᠨᠡᠶᠢᠭᠡᠮ ᠲᠠᠶᠠᠭᠠᠷ ᠢᠶᠠᠨ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ᠃ | ᠳᠥᠷᠪᠡᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠯᠦᠭᠡ | ᠤᠶᠠᠯᠳᠤᠭᠤᠯᠵᠤ᠂ ᠠᠶᠤᠯ ᠦᠭᠡᠢ ᠪᠥᠭᠡᠳ ᠳᠥᠭᠦᠮ ᠳᠥᠲᠡ᠂ ᠬᠡᠷᠡᠭᠯᠡᠬᠦ ᠲᠤ ᠲᠦᠬᠦᠮ᠂ ᠥᠷᠭᠡᠨ ᠢᠶᠠᠷ ᠠᠰᠢᠭ ᠬᠥᠷᠳᠡᠬᠦ ᠵᠠᠷᠴᠢᠮ ᠢ ᠵᠢᠷᠤᠮᠯᠠᠬᠤ ᠬᠡᠷᠡᠭᠲᠡᠢ᠃ | ᠲᠠᠪᠤᠳᠤᠭᠠᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠲᠦᠪᠰᠢᠨ ᠯᠦᠭᠡ ᠵᠣᠬᠢᠴᠠᠭᠤᠯᠤᠨ᠂ ᠬᠤᠲᠠ ᠪᠠᠯᠭᠠᠰᠤ ᠪᠣᠯᠣᠨ ᠬᠥᠳᠡᠭᠡ ᠲᠣᠰᠬᠤᠨ ᠤ ᠬᠦᠭᠵᠢᠬᠦᠯᠤᠯᠳᠡ ᠶᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠶᠢᠨ | ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ | ᠵᠢᠷᠭᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠰᠠᠭᠠᠳ ᠦᠭᠡᠢ ᠣᠷᠴᠢᠨ ᠠᠬᠤᠢ ᠶᠢᠨ | ᠪᠦᠲᠦᠭᠡᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠬᠦᠯᠤᠯᠳᠡ ᠶᠢᠨ ᠲᠥᠯᠦᠪᠵᠢᠭᠦᠯᠭᠡ ᠳᠤ ᠣᠷᠣᠭᠤᠯᠵᠤ᠂ ᠬᠡᠷᠡᠭᠰᠡᠬᠦ | ᠵᠠᠷᠤᠳᠠᠯ ᠢ ᠲᠤᠰ ᠱᠠᠲᠤᠨ ᠤ ᠲᠥᠰᠥᠪ ᠲᠤ ᠪᠠᠨ ᠣᠷᠣᠭᠤᠯᠵᠤ᠂ ᠵᠠᠷᠤᠳᠠᠯ ᠢ ᠪᠠᠲᠤᠯᠠᠬᠤ ᠲᠣᠭᠲᠠᠪᠤᠷᠢᠲᠠᠢ ᠲᠣᠭᠲᠠᠴᠠ ᠶᠢ ᠪᠠᠶᠢᠭᠤᠯᠬᠤ ᠬᠡᠷᠡᠭᠲᠡᠢ᠃ | ᠳᠣᠯᠣᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠴᠤ ᠪᠠᠶᠢᠭᠠᠳ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠨᠢ ᠰᠠᠶᠢᠲᠤᠷ ᠬᠢᠯᠭᠡᠬᠦ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ᠂ ᠵᠠᠮ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ | ᠰᠠᠯᠠᠭ᠎ᠠ ᠮᠥᠴᠢᠷ ᠤᠨ ᠬᠢᠨ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠢ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠬᠢᠬᠦ ᠬᠡᠷᠡᠭᠳᠡᠢ᠃ | ᠨᠠᠢᠮᠠᠳᠤᠭᠠᠷ ᠵᠦᠢᠯ᠄ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠳᠠ ᠨᠤᠭᠤᠳ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠲᠤᠰ ᠲᠤᠰ ᠤᠨ ᠳᠦᠷᠢᠮ ᠤᠨ ᠶᠣᠰᠣᠭᠠᠷ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠲᠡᠬᠦᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠬᠠᠮᠵᠢᠨ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠯᠬᠡᠬᠦ ᠬᠡᠷᠡᠭᠲᠡᠢ᠃ | ᠶᠢᠰᠦᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ᠂ ᠲᠥᠯᠦᠪᠵᠢᠭᠦᠯᠭᠡ ᠪᠣᠯᠣᠨ ᠪᠤᠰᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠤ | ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠠ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ | ᠪᠠᠶᠢᠭᠤᠯᠤᠯᠲᠠ ᠶᠢᠨ ᠬᠢᠨ ᠤ ᠰᠠᠨᠠᠯ ᠢ ᠬᠤᠷᠢᠶᠠᠬᠤ ᠬᠡᠷᠡᠭᠲᠡᠢ᠃ | ᠠᠷᠪᠠᠳᠤᠭᠠᠷ ᠵᠦᠢᠯ᠄ ᠤᠯᠤᠰ ᠠᠴᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠥᠨ ᠵᠡᠷᠭᠡ | ᠨᠡᠶᠢᠭᠡᠮ ᠤᠨ ᠬᠦᠴᠦᠨ ᠤ ᠬᠠᠨᠳᠢᠪᠯᠡᠨ ᠬᠦᠷᠭᠡᠬᠦ᠂ ᠰᠠᠶᠢᠨ ᠲᠤᠷᠠᠴᠤᠤᠯ ᠤᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷ ᠰᠠᠭᠠᠳ ᠦᠭᠡᠢ ᠣᠷᠴᠢᠨ ᠲᠤᠭᠤᠷᠢᠨ ᠤ | ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠲᠡᠮᠵᠢᠨ᠎ᠠ᠃ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠶᠢ ᠤᠯᠤᠰ ᠠᠴᠠ ᠲᠡᠮᠵᠢᠨ᠎ᠠ᠃ | ᠠᠷᠪᠠᠨ ᠨᠢᠭᠡᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠ ᠢᠯᠡᠳᠲᠡ ᠠᠮᠵᠢᠯᠲᠠ | ᠭᠠᠷᠭᠠᠭᠰᠠᠨ ᠨᠢᠬᠡᠴᠢ ᠪᠣᠯᠣᠨ ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | |