ᠰᠦᠨ ᠱᠤᠤ ᠴᠧᠩ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠵᠠᠩ ᠵᠢᠶᠦ᠋ᠨ ᠲᠠᠢ ᠪᠠᠷᠠᠳᠠᠨ ᠠᠭᠤᠯᠵᠠᠪᠠ
ᠨᠡᠶᠢᠲᠡᠯᠡᠭᠰᠡᠨ ᠴᠠᠭ᠄
2023/9/15
       9 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠠᠩ ᠵᠢᠶᠦ᠋ᠨ ᠲᠠᠢ ᠪᠠᠷᠠᠳᠠᠨ ᠠᠭᠤᠯᠵᠠᠪᠠ᠃
0915-1.jpg
0915-2.jpg
       9 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠠᠩ ᠵᠢᠶᠦ᠋ᠨ ᠲᠠᠢ ᠪᠠᠷᠠᠳᠠᠨ ᠠᠭᠤᠯᠵᠠᠪᠠ᠃       ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ       ᠵᠠᠩ ᠵᠢᠶᠦ᠋ᠨ ᠡᠩ ᠲᠡᠷᠢᠭᠦᠨ ᠳᠤ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠪᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠢᠭᠦᠬᠦ ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠥᠪᠥᠷ ᠮᠣᠩᠭᠤᠯ ᠤᠨ ᠰᠢᠭᠦᠬᠦ ᠬᠤᠷᠢᠶ᠎ᠠ ᠶᠢᠨ ᠰᠢᠭᠦᠨ ᠲᠠᠰᠤᠯᠬᠤ ᠠᠵᠢᠯ ᠢ ᠨᠤᠲᠠᠯᠠᠪᠠ᠃ ᠲᠡᠷᠡ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠪᠢᠳᠡ ᠥᠪᠥᠷ ᠮᠣᠩᠭᠤᠯ ᠤᠨ ᠰᠢᠭᠦᠬᠦ ᠬᠤᠷᠢᠶ᠎ᠠ ᠶᠢᠨ ᠠᠵᠢᠯ ᠤᠨ ᠣᠯᠣᠭᠰᠠᠨ ᠠᠮᠵᠢᠯᠲᠠ ᠪᠦᠲᠦᠮᠵᠢ ᠶᠢ ᠪᠡᠶᠡᠴᠢᠯᠡᠨ ᠮᠡᠳᠡᠷᠡᠵᠦ᠂ ᠥᠪᠥᠷ ᠮᠣᠩᠭᠤᠯ ᠤᠨ ᠰᠢᠭᠦᠬᠦ ᠬᠤᠷᠢᠶ᠎ᠠ ᠶᠢᠨ ᠺᠠᠳ᠋ᠷ ᠤᠨ ᠪᠡᠶ᠎ᠡ ᠳᠡᠭᠡᠷᠡᠬᠢ ᠠᠵᠢᠯ ᠬᠢᠵᠦ ᠦᠢᠯᠡᠰ ᠴᠣᠭᠴᠠᠯᠠᠬᠤ ᠴᠤᠭ ᠵᠢᠪᠬᠤᠭ᠎ᠠ ᠶᠢ ᠮᠡᠳᠡᠷᠡᠪᠡ᠃ ᠬᠠᠤᠯᠢᠵᠢᠯ ᠤᠨ ᠪᠠᠶᠢᠭᠤᠯᠤᠯᠲᠠ ᠨᠢ ᠡᠴᠦᠰ ᠲᠤᠨᠢ ᠲᠤᠯᠲᠠᠯ᠎ᠠ ᠠᠳᠬᠤᠵᠤ᠂ ᠨᠢᠭᠡᠨᠲᠡ ᠪᠠᠶᠢᠭ᠎ᠠ ᠡᠪᠡᠳᠴᠢᠨ ᠢ ᠵᠠᠰᠠᠬᠤ ᠪᠠᠷ ᠪᠠᠷᠠᠬᠤ ᠦᠭᠡᠢ ᠪᠠᠰᠠ ᠡᠬᠢᠨ ᠠᠴᠠ ᠨᠢ ᠠᠳᠬᠤᠵᠤ᠂ ᠡᠪᠡᠳᠴᠢᠯᠡᠭᠡᠳᠦᠢ ᠶᠢ ᠵᠠᠰᠠᠬᠤ ᠬᠡᠷᠡᠭᠲᠡᠢ᠂ ᠥᠪᠥᠷ ᠮᠣᠩᠭᠤᠯ ᠡᠬᠢ ᠡᠭᠦᠰᠦᠯ ᠠᠴᠠ ᠨᠢ ᠵᠠᠰᠠᠬᠤ ᠶᠢ ᠠᠳᠬᠤᠬᠤ ᠲᠠᠯ᠎ᠠ ᠪᠠᠷ ᠴᠥᠭᠡᠨ ᠪᠤᠰᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠦᠷᠢᠯᠳᠦᠭᠦᠯᠵᠡᠢ᠃ ᠠᠷᠠᠳ ᠤᠨ ᠳᠡᠭᠡᠳᠦ ᠰᠢᠭᠦᠬᠦ ᠬᠤᠷᠢᠶ᠎ᠠ ᠳ᠋ᠦᠩᠨᠡᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠤ ᠡᠬᠢ ᠡᠭᠦᠰᠦᠯ ᠠᠴᠠ ᠨᠢ ᠵᠠᠰᠠᠬᠤ ᠶᠢ ᠢᠳᠡᠪᠬᠢᠲᠡᠢ ᠠᠬᠢᠭᠤᠯᠵᠤ᠂ ︽ᠹᠧᠩᠴᠢᠶᠣᠤ ᠶᠢᠨ ᠲᠤᠷᠰᠢᠯᠭ᠎ᠠ︾ ᠶᠢ ᠰᠠᠶᠢᠲᠤᠷ ᠦᠢᠯᠡᠳᠦᠯᠭᠡᠵᠢᠭᠦᠯᠵᠦ᠂ ᠵᠥᠷᠢᠴᠡᠯ ᠵᠠᠭᠤᠷᠠᠯᠳᠤᠭᠠᠨ ᠢ ᠰᠠᠶᠢᠲᠤᠷ ᠠᠷᠢᠯᠭᠠᠵᠤ᠂ ᠵᠠᠷᠭᠤ ᠶᠢᠨ ᠨᠡᠮᠡᠭᠳᠡᠯ ᠢ ᠪᠠᠭᠠᠰᠬᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠩ ᠰᠠᠶᠢᠲᠤᠷ ᠪᠣᠳᠠᠲᠠᠢ ᠳᠤ ᠨᠠᠶᠢᠳᠠᠪᠤᠷᠢᠵᠢᠭᠤᠯᠤᠨ᠎ᠠ ᠭᠡᠪᠡ᠃       ᠰᠦᠨ ᠱᠤᠤ ᠴᠧᠩ ᠵᠠᠩ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠥᠪᠥᠷ ᠮᠣᠩᠭᠤᠯ ᠳᠤ ᠥᠭᠭᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠰᠡᠳᠬᠢᠴᠡ ᠪᠣᠯᠣᠨ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃ ᠲᠡᠷᠡ᠂ ᠡᠨᠡ ᠬᠤᠶᠠᠷ ᠵᠢᠯ ᠳᠤ ᠪᠢᠳᠡ ᠬᠠᠨᠳᠤᠯᠭᠠᠲᠤ ᠴᠢᠨᠠᠷᠲᠠᠢ ᠬᠡᠰᠡᠭ ᠠᠷᠭ᠎ᠠ ᠬᠡᠮᠵᠢᠶ᠎ᠡ ᠠᠪᠴᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ ᠪᠢᠳᠡ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ᠲᠣᠭᠲᠠᠴᠠ ᠪᠠᠶᠢᠭᠤᠯᠬᠤ ᠪᠠᠷ ᠳᠠᠮᠵᠢᠭᠤᠯᠤᠨ ︽ᠠᠷᠪᠠᠨ ᠶᠡᠭᠡ ᠬᠢᠨᠠᠯᠲᠠ︾ ᠶᠢ ᠨᠡᠪᠲᠡᠷᠡᠯᠴᠡᠭᠦᠯᠦᠨ ᠵᠣᠬᠢᠴᠠᠭᠤᠯᠬᠤ ᠪᠠ ᠲᠥᠯᠥᠭᠡᠯᠡᠭᠴᠢ ᠭᠡᠰᠢᠭᠦᠳ ᠤᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠬᠦᠴᠦᠯᠡᠨ ᠴᠢᠩᠭᠠᠳᠬᠠᠪᠠ᠃        ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠨᠡᠩ ᠤᠯᠠᠨ ᠵᠢᠯᠣᠭᠤᠳᠤᠯᠭ᠎ᠠ ᠥᠭᠴᠦ᠂ ᠪᠢᠳᠠᠨ ᠢ ᠬᠠᠪᠰᠤᠷᠤᠨ ᠬᠠᠤᠯᠢᠵᠢᠯ ᠤᠨ ᠠᠵᠢᠯ ᠤᠨ ᠲᠦᠪᠰᠢᠨ ᠢ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ᠃ ᠪᠦᠭᠦ ᠣᠷᠣᠨ ᠤ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠢᠨ ᠵᠠᠷᠭᠤ ᠶᠢᠨ ᠡᠬᠢ ᠶᠢ ᠵᠠᠰᠠᠬᠤ ᠵᠡᠷᠭᠡ ᠲᠠᠯ᠎ᠠ ᠪᠠᠷ ᠭᠦᠨᠵᠡᠭᠡᠢ ᠰᠦᠪᠡᠭᠴᠢᠯᠡᠨ ᠦᠢᠯᠡᠳᠦᠯᠭᠡᠵᠢᠭᠦᠯᠵᠦ᠂ ︽ᠫᠧᠩᠰᠡᠲᠦ ᠦᠵᠡᠮᠵᠢ︾ ᠶᠢ ︽ᠤᠢ ᠰᠢᠭᠤᠢ︾ ᠪᠣᠯᠭᠠᠨ ᠬᠤᠪᠢᠷᠠᠭᠤᠯᠤᠨ᠎ᠠ ᠭᠡᠪᠡ᠃       ᠶᠠᠩ ᠸᠧᠢ ᠳ᠋ᠦᠩ᠂ ᠶᠠᠩ ᠽᠥᠩ ᠷᠧᠨ ᠠᠵᠢᠯᠯᠠᠭ᠎ᠠ ᠳᠤ ᠣᠷᠣᠯᠴᠠᠵᠠᠢ᠃   
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ