ᠳ᠋ᠦ᠋·ᠳᠣᠷᠵᠢ ᠠᠭᠰᠠᠨ ᠤ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ ᠪᠣᠯᠵᠤ ᠥᠩᠭᠡᠷᠡᠯ᠎ᠡ
ᠨᠡᠶᠢᠲᠡᠯᠡᠭᠰᠡᠨ ᠴᠠᠭ᠄
2023/9/15
       9 ᠰᠠᠷ᠎ᠠ ᠶᠢᠨ12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ ︽ᠳ᠋ᠦ᠋·ᠳᠣᠷᠵᠢ ᠠᠭᠰᠠᠨ ᠤ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ︾ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠬᠤᠷᠠᠯᠳᠤᠪᠠ᠃
640 (1).jpg
       ᠳᠤᠰ ᠰᠤᠳᠤᠯᠤᠨ ᠶᠠᠷᠢᠯᠴᠠᠬᠤ ᠬᠤᠷᠠᠯ ᠳᠤ ᠤᠯᠤᠰ᠂ ᠣᠷᠣᠨ᠂ ᠬᠤᠳᠠ ᠶᠢᠨ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠦᠬᠦᠢ ᠤᠳᠤᠷᠢᠳᠤᠯᠭ᠎ᠠ᠂  ᠡᠯ᠎ᠡ ᠶᠡᠭᠡ ᠰᠤᠷᠭᠠᠭᠤᠯᠢ ᠶᠢᠨ ᠡᠷᠳᠡᠮᠲᠡᠨ᠂ ᠫᠷᠤᠹᠧᠰᠰᠤᠷ ᠪᠠᠭᠰᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠷᠡᠳᠦ ᠡᠷᠳᠡᠮᠲᠡᠳ᠂ ᠡᠷᠳᠡᠮ ᠰᠤᠳᠤᠯᠭᠠᠨ ᠤ ᠡᠲᠡᠭᠡᠳ ᠤᠨ ᠬᠢᠨ᠂ ᠡᠯ᠎ᠡ ᠰᠤᠳᠤᠯᠭᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠳ᠂ ᠳ᠋ᠦ᠋·ᠳᠣᠷᠵᠢ ᠠᠭᠰᠠᠨ ᠤ ᠦᠷ᠎ᠡ ᠬᠡᠦᠬᠡᠳ ᠤᠳ ᠤᠷᠤᠯᠴᠠᠵᠤ᠂ ᠲᠤᠰ ᠲᠤᠰ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠳ ᠡᠸᠡᠩᠬᠢ ᠦᠨᠳᠦᠰᠦᠲᠡᠨ ᠤ ᠡᠷᠳᠡᠮᠲᠡᠨ ᠰᠤᠳᠤᠯᠤᠭᠠᠴᠢ ᠳ᠋ᠦ᠋·ᠳᠣᠷᠵᠢ ᠠᠭᠰᠠᠨ ᠤ ᠭᠤᠣᠯ ᠪᠦᠲᠦᠭᠡᠯ ᠪᠤᠯᠬᠤ ︽ᠡᠸᠡᠩᠬᠢ ᠬᠢᠲᠠᠳ ᠲᠣᠯᠢ︾᠂ ︽ᠡᠸᠡᠩᠬᠢ ᠮᠣᠩᠭᠤᠯ ᠲᠣᠯᠢ ᠪᠢᠴᠢᠭ︾᠂ ︽ᠡᠸᠡᠩᠬᠢ ᠬᠡᠯᠡ ᠮᠣᠩᠭᠤᠯ ᠬᠡᠯᠡ ᠬᠢᠲᠠᠳ ᠬᠡᠯᠡ ᠠᠩᠭ᠍ᠯᠢ ᠬᠡᠯᠡᠨ ᠤ ᠡᠯᠧᠺᠲᠷᠣᠨ ᠲᠣᠯᠢ ᠪᠢᠴᠢᠭ︾ ᠤᠨ ᠲᠤᠬᠠᠢ ᠰᠤᠳᠤᠯᠤᠨ ᠶᠠᠷᠢᠯᠴᠠᠵᠤ᠂ ᠦᠵᠡᠯ ᠪᠤᠳᠤᠯ ᠢᠶᠠᠨ ᠴᠢᠯᠦᠭᠡᠲᠡᠢ ᠢᠯᠡᠳᠬᠡᠭᠰᠡᠨ ᠪᠠᠶᠢᠨ᠎ᠠ᠃
640 (2).jpg
       ᠳ᠋ᠦ᠋·ᠳᠣᠷᠵᠢ ᠠᠭᠰᠠᠨ ︽ᠡᠸᠡᠩᠬᠢ ᠬᠢᠲᠠᠳ ᠲᠣᠯᠢ︾᠂ ︽ᠡᠸᠡᠩᠬᠢ  ᠮᠣᠩᠭᠤᠯ ᠲᠣᠯᠢ ᠪᠢᠴᠢᠭ︾ ᠵᠡᠷᠭᠡ ᠬᠡᠯᠡᠨ ᠤ ᠰᠢᠨᠵᠢᠯᠡᠯ ᠤᠨ ᠲᠣᠯᠢ ᠪᠢᠴᠢᠭ ᠢ ᠨᠠᠶᠢᠷᠠᠭᠤᠯᠤᠨ ᠵᠣᠬᠢᠶᠠᠭᠰᠠᠨ ᠢᠶᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠲᠦᠩᠭᠦᠰ ᠰᠢᠨᠵᠢᠯᠡᠭᠡᠨ ᠤ ᠬᠦᠷᠢᠶᠡᠯᠡᠩ ᠳᠤ ᠠᠯᠳᠠᠷᠰᠢᠭᠰᠠᠨ ᠪᠠᠶᠢᠳᠠᠭ᠃ ᠲᠡᠭᠦᠨ ᠤ ᠡᠷᠭᠢᠯᠡᠨ ᠨᠠᠶᠢᠷᠠᠭᠤᠯᠤᠭᠰᠠᠨ︽ᠡᠸᠡᠩᠬᠢ ᠮᠣᠩᠭᠤᠯ ᠲᠣᠯᠢ ᠪᠢᠴᠢᠭ︾ ᠢᠶᠠᠷ ᠡᠬᠡ ᠳᠡᠪᠲᠡᠷ ᠪᠤᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠰᠣᠶᠣᠯ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭ᠎ᠠ ᠲᠠᠢ ᠰᠤᠳᠤᠯᠭᠠᠨ ᠤ ᠰᠠᠭᠤᠷᠢᠨ ᠭᠠᠵᠠᠷ ᠤᠨ︽ᠮᠣᠩᠭᠤᠯ ᠵᠢᠴᠢ ᠤᠮᠠᠷᠠᠲᠤ ᠶᠢᠨ ᠣᠯᠠᠨ ᠦᠨᠳᠦᠰᠦᠲᠡᠨ ᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠲᠥᠪ︾ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠤᠨ ᠰᠤᠳᠤᠯᠤᠨ ᠨᠡᠭᠡᠭᠡᠭᠰᠡᠨ︽ᠡᠸᠡᠩᠬᠢ ᠬᠡᠯᠡ ᠮᠣᠩᠭᠤᠯ ᠬᠡᠯᠡ ᠬᠢᠲᠠᠳ ᠬᠡᠯᠡ ᠠᠩᠭ᠍ᠯᠢ ᠬᠡᠯᠡᠨ ᠤ ᠡᠯᠧᠺᠲᠷᠣᠨ ᠲᠣᠯᠢ ᠪᠢᠴᠢᠭ︾ ᠢ ᠤᠳᠠᠯ ᠦᠭᠡᠢ ᠨᠡᠶᠢᠲᠡᠯᠡᠬᠦ ᠪᠠᠷ ᠪᠤᠢ᠃
640 (3).jpg
       ᠳᠡᠭᠡᠷᠡᠬᠢ ᠭᠤᠷᠪᠠᠨ ᠲᠣᠯᠢ ᠪᠢᠴᠢᠭ ᠨᠢ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠪᠣᠯᠪᠠᠰᠤᠨ ᠢ ᠬᠠᠷᠢᠯᠴᠠᠨ ᠲᠣᠯᠢᠯᠠᠬᠤ ᠪᠠᠷ ᠵᠢᠯᠣᠭᠤᠳᠤᠮᠵᠢ ᠪᠤᠯᠭᠠᠵᠤ᠂ ᠡᠸᠡᠩᠬᠢ ᠦᠨᠳᠦᠰᠦᠲᠡᠨ ᠤ ᠦᠭᠡ ᠬᠡᠯᠡ ᠪᠣᠯᠣᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠤᠭᠤᠷᠣᠨᠳᠣᠭᠢ ᠬᠥᠭᠦᠷᠭᠡ ᠶᠢ ᠪᠣᠰᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠰᠣᠶᠣᠯ ᠤᠨ ᠰᠣᠯᠢᠯᠴᠠᠭ᠎ᠠ᠂ ᠶᠠᠪᠤᠯᠴᠠᠭ᠎ᠠ ᠪᠠ ᠨᠡᠪᠲᠡᠷᠡᠯᠴᠡᠭᠡ ᠳᠤ ᠳᠥᠭᠦᠮ ᠦᠵᠡᠭᠦᠯᠦᠭᠰᠡᠨ ᠢᠶᠠᠷ ᠪᠠᠷᠠᠬᠤ ᠦᠭᠡᠢ᠂ ᠡᠸᠡᠩᠬᠢ ᠦᠨᠳᠦᠰᠦᠲᠡᠨ ᠤ ᠦᠭᠡ ᠬᠡᠯᠡ ᠪᠠ ᠰᠣᠶᠣᠯ ᠤᠨ ᠨᠡᠩ ᠲᠦᠷᠭᠡᠨ ᠢᠶᠠᠷ ᠣᠳᠣᠬᠢᠴᠢᠯᠠᠯᠲᠠ ᠳᠤ ᠣᠷᠣᠬᠤ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠰᠣᠶᠣᠯ ᠪᠠ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠰᠣᠶᠣᠯ ᠳᠤ ᠨᠡᠩ ᠰᠠᠶᠢᠲᠤᠷ ᠠᠭᠤᠰᠤᠯᠴᠠᠵᠤ᠂ ᠡᠸᠡᠩᠬᠢ ᠦᠨᠳᠦᠰᠦᠲᠡᠨ ᠤ ᠠᠬ᠎ᠠ ᠳᠡᠭᠦᠦ ᠨᠠᠷ ᠢ ᠬᠥᠲᠥᠯᠥᠨ ᠵᠢᠯᠤᠭᠤᠳᠴᠤ ᠴᠠᠭ ᠦᠶ᠎ᠡ ᠲᠠᠢ ᠬᠠᠮᠲᠤ ᠪᠠᠷ ᠤᠷᠤᠭᠰᠢᠯᠠᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠨᠡᠩ ᠵᠣᠯ ᠵᠢᠷᠭᠠᠯᠲᠤ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠭᠤᠯᠤᠭᠰᠠᠨ ᠪᠠᠶᠢᠨ᠎ᠠ᠃
640 (4).jpg
       ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠨᠡᠩ ᠴᠦ ᠠᠯᠤᠰ ᠭᠡᠳᠦ ᠶᠢᠨ ᠠᠴᠢ ᠬᠤᠯᠪᠣᠭᠳᠠᠯ ᠲᠠᠢ ᠪᠠᠶᠢᠵᠤ᠂ ᠣᠨ ᠴᠠᠭ ᠤᠨ ᠡᠷᠴᠢᠮ ᠳᠤ ᠲᠣᠬᠢᠷᠠᠵᠤ᠂ ᠨᠢᠭᠡᠨ ᠴᠢᠬᠤᠯᠠ ᠦᠷᠲᠡᠭ ᠪᠦᠬᠦᠢ ᠡᠷᠳᠡᠮ ᠰᠢᠨᠵᠢᠯᠡᠭᠡᠨ ᠤ ᠬᠤᠷᠠᠯ ᠪᠣᠯᠵᠤ ᠥᠨᠳᠥᠷᠯᠡᠭᠰᠡᠨ ᠪᠠᠶᠢᠨ᠎ᠠ᠃
640 (5).jpg
640 (9).jpg
640 (6).jpg
640 (8).jpg
640.jpg
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ