ᠰᠢᠨ᠎ᠡ ᠪᠠᠷᠭᠤ ᠵᠡᠭᠦᠨ ᠬᠤᠰᠢᠭᠤᠨ ᠳᠤ ᠭᠤᠴᠢ ᠶᠢᠰᠦᠳᠡᠬᠢ ᠪᠠᠭᠰᠢ ᠶᠢᠨ ᠪᠠᠶᠠᠷ ᠢ ᠪᠡᠯᠭᠡᠯᠡᠬᠦ ︽ᠠᠯᠲᠠᠨ ᠵᠠᠬᠢᠶ᠎ᠠ ᠬᠤᠨᠳᠠᠭᠠᠲᠤ︾ ᠵᠥᠪ ᠪᠢᠴᠢᠯᠭᠡ ᠶᠢᠨ ᠤᠷᠤᠯᠳᠤᠭᠠᠨ ᠪᠣᠯᠪᠠ
ᠨᠡᠶᠢᠲᠡᠯᠡᠭᠰᠡᠨ ᠴᠠᠭ᠄
2023/9/15
       ᠡᠩ ᠦᠭᠡᠢ ᠣᠷᠴᠢᠯᠠᠩ ᠢ ᠭᠡᠶᠢᠭᠦᠯᠬᠦ ᠢᠯᠴᠢᠲᠦ ᠨᠠᠷᠠᠨ ᠤ ᠲᠤᠶᠠᠭ᠎ᠠ ᠰᠢᠭ᠋ ᠡᠷᠳᠡᠮ ᠤᠶᠤᠨ ᠢᠶᠠᠨ ᠬᠠᠶᠢᠷᠠᠯᠠᠭᠰᠠᠨ ᠬᠥᠮᠥᠨ ᠭᠦᠨᠳᠦᠳᠭᠡᠯᠳᠡᠢ᠃ ᠡᠶᠢᠨ ᠬᠦ ᠭᠤᠴᠢ ᠶᠢᠰᠦᠳᠡᠬᠢ ᠪᠠᠭᠰᠢ ᠶᠢᠨ ᠪᠠᠶᠠᠷ ᠤᠨ ᠡᠳᠦᠷ ᠲᠤ ᠵᠣᠷᠢᠭᠤᠯᠤᠭᠰᠠᠨ ︽ᠦᠨᠳᠦᠰᠦᠲᠡᠨ ᠤ ᠪᠦᠯᠬᠦᠮᠳᠡᠯ·ᠨᠣᠮ ᠤᠨ ᠭᠡᠭᠡ ᠶᠢ ᠭᠦᠷᠲᠡᠭᠦᠢ ᠵᠢᠴᠢ ᠰᠤᠷᠭᠠᠨ ᠬᠥᠮᠦᠵᠢᠯ ᠳᠤ ᠬᠦᠴᠦᠯᠡᠨ ᠵᠢᠳᠬᠦᠵᠦ᠂ ᠤᠯᠤᠰ ᠢᠶᠠᠨ ᠬᠦᠴᠦᠷᠬᠡᠭᠵᠢᠭᠦᠯᠬᠦ ᠳᠤ ᠬᠤᠪᠢ ᠨᠡᠮᠡᠷᠢᠯᠡᠬᠦ︾ᠭᠤᠣᠯ ᠰᠡᠳᠦᠪᠲᠦ ︽ᠠᠯᠲᠠᠨ ᠵᠠᠬᠢᠶ᠎ᠠ ᠬᠤᠨᠳᠠᠭᠠᠲᠤ︾ ᠵᠥᠪ ᠪᠢᠴᠢᠯᠭᠡ ᠶᠢᠨ ᠤᠷᠤᠯᠳᠤᠭᠠᠨ 2023 ᠣᠨ ᠤ 9 ᠰᠠᠷ᠎ᠠ ᠶᠢᠨ 7 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠲᠥᠪ ᠠᠮᠤᠭᠤᠯᠠᠩ ᠪᠠᠯᠭᠠᠰᠤᠨ ᠳᠤ ᠠᠮᠵᠢᠯᠲᠠᠲᠠᠢ ᠶᠠᠪᠤᠭᠳᠠᠵᠤ ᠥᠩᠭᠡᠷᠡᠯ᠎ᠡ᠃ ᠳᠤᠰ ᠠᠵᠢᠯᠯᠠᠭ᠎ᠠ ᠶᠢ ᠬᠥᠯᠥᠨ ᠪᠤᠶᠢᠷ ᠤᠨ ᠡᠳᠦᠷ ᠤᠨ ᠰᠣᠨᠢᠨ ᠤ ᠬᠤᠷᠢᠶ᠎ᠠ᠂ ᠬᠥᠯᠥᠨ ᠪᠤᠶᠢᠷ ᠬᠤᠲᠠ ᠶᠢᠨ ᠨᠣᠮ ᠤᠨ ᠰᠠᠩ ᠠᠴᠠ ᠭᠤᠣᠯᠯᠠᠨ ᠡᠷᠭᠢᠯᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠭᠠᠨᠵᠤᠤᠷ ᠰᠤᠮᠤᠨ ᠤ ᠤᠯᠠᠭᠠᠨᠪᠤᠯᠠᠭ ᠭᠠᠴᠠᠭ᠎ᠠ ᠠᠴᠠ ᠳᠠᠭᠠᠭᠠᠴᠢᠯᠠᠨ ᠡᠷᠭᠢᠯᠡᠭᠰᠡᠨ ᠶᠤᠮ᠃
640 (1).jpg
       ᠠᠬᠠᠮᠠᠳ ᠵᠠᠯᠠᠭᠤ ᠦᠶ᠎ᠡ ᠶᠢᠨ ᠪᠠᠭᠰᠢ ᠨᠠᠷ ᠢᠶᠠᠷ ᠭᠤᠣᠯᠯᠠᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤᠷᠤᠯᠴᠠᠬᠰᠠᠨ ᠳᠤᠰ ᠤᠷᠤᠯᠳᠤᠭᠠᠨ ᠳᠤ 40 ᠰᠢᠬᠠᠮ ᠬᠥᠮᠥᠨ ᠤᠷᠤᠯᠴᠠᠵᠤ᠂ ᠰᠣᠨᠣᠰᠴᠤ ᠪᠢᠴᠢᠬᠦ︵ᠳᠠᠩ ᠦᠭᠡ᠂ ᠬᠤᠯᠪᠤᠭ᠎ᠠ ᠬᠤᠷᠰᠢᠶ᠎ᠠ ᠦᠭᠡ᠂ ᠬᠡᠯᠡᠴᠡ ᠦᠭᠡ᠂ ᠥᠭᠦᠯᠡᠪᠦᠷᠢ︶᠂ ᠥᠭᠦᠯᠡᠪᠦᠷᠢ ᠶᠢᠨ ᠡᠮᠵᠡᠭ ᠢ ᠵᠠᠰᠠᠬᠤ᠂ ᠦᠰᠦᠭ ᠳᠠᠭᠠᠪᠤᠷᠢ ᠶᠢᠨ ᠲᠠᠰᠢᠶ᠎ᠠ ᠶᠢ ᠵᠠᠯᠠᠷᠠᠭᠤᠯᠬᠤ ᠪᠠ ᠬᠢᠲᠠᠳ ᠢ ᠮᠣᠩᠭᠤᠯᠴᠢᠯᠠᠬᠤ ᠳᠦᠷᠪᠡᠨ ᠠᠭᠤᠯᠭ᠎ᠠ ᠪᠠᠷ ᠶᠠᠪᠤᠭᠳᠠᠵᠤ᠂ ᠣᠷᠣᠯᠴᠠᠭᠰᠠᠳ ᠲᠤᠬᠠᠢ  ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠷᠤᠯᠳᠤᠭᠠᠨ ᠭᠦᠷ ᠬᠥᠭᠵᠢᠶᠡᠨᠲᠡᠢ ᠶᠠᠪᠤᠭᠳᠠᠭᠰᠠᠨ ᠪᠠᠶᠢᠨ᠎ᠠ᠃ ᠰᠢᠯᠭᠠᠯᠲᠠ ᠶᠢᠨ ᠵᠠᠪᠰᠠᠷ ᠲᠤ ︽ᠲᠡᠮᠦᠷ ᠬᠡᠦᠬᠡᠨᠴᠦᠳ︾ ᠤᠨ ᠲᠤᠬᠯᠠᠯᠲᠠ᠂ ᠠᠵᠠ ᠶᠢᠨ ᠳᠥᠷᠪᠡ ᠤᠷᠭᠢᠬᠤ ᠱᠠᠭ᠎ᠠ ᠶᠢᠨ ᠤᠷᠤᠯᠳᠤᠭᠠᠨ ᠶᠠᠪᠤᠭᠤᠯᠤᠨ᠂ ᠰᠠᠶᠢᠨ ᠳᠤᠷᠠᠴᠤᠳ ᠠᠴᠠ ᠴᠠᠭ ᠦᠶ᠎ᠡ ᠶᠢᠨ ᠰᠡᠳᠬᠢᠯ  ᠳᠤ ᠬᠤᠨᠤᠭᠰᠢᠭᠰᠠᠨ ᠰᠢᠯᠦᠭ ᠳᠠᠭᠤᠤ ᠪᠠᠨ ᠡᠷᠭᠦᠨ ᠪᠠᠷᠢᠵᠤ᠂ ᠰᠡᠯᠡᠭᠦᠦ ᠴᠠᠭ ᠢᠶᠠᠨ ᠴᠢᠯᠦᠭᠡᠲᠡᠢ ᠠᠰᠢᠭᠯᠠᠵᠤ᠂ ᠬᠢᠨᠠᠭᠴᠢᠳ ᠤᠨ ᠰᠡᠳᠦᠪ ᠬᠢᠨᠠᠬᠤ ᠴᠠᠭ ᠢ ᠬᠠᠩᠭᠠᠯᠲᠠᠲᠠᠢ ᠪᠤᠯᠭ᠋ᠵᠤ᠂ ᠤᠷᠢᠭᠳᠠᠭᠰᠠᠨ ᠲᠠᠪᠤᠨ ᠬᠢᠨᠠᠭᠴᠢᠳ ᠡᠷᠬᠡ ᠲᠡᠭᠰᠢ ᠲᠥᠪ ᠭᠤᠤᠯᠴᠢ ᠪᠠᠷ ᠠᠵᠢᠯᠯᠠᠵᠤ᠂ ᠤᠷᠤᠯᠳᠤᠭᠠᠨ ᠤ ᠠᠮᠵᠢᠯᠲᠠᠲᠠᠢ ᠶᠠᠪᠤᠭᠳᠠᠬᠤ ᠶᠢ ᠪᠠᠲᠤᠯᠠᠪᠠ᠃
640 (2).jpg
       ᠤᠷᠤᠯᠳᠤᠭᠠᠨ ᠤ ᠳ᠋ᠦᠩ ᠳᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠬᠠᠷᠠᠬᠦᠦ ᠠᠯᠲᠠᠨ ᠬᠤᠨᠳᠠᠭ᠎ᠠ ᠶᠢᠨ ᠡᠵᠡᠨ ᠢᠶᠠᠷ ᠦᠵᠦᠭᠦᠷ ᠲᠡᠷᠢᠭᠦᠨ ᠳᠤ ᠲᠣᠳᠣᠷᠠᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠵᠢ᠊·ᠴᠡᠴᠡᠭ ᠪᠣᠯᠣᠨ ᠮᠠᠯᠴᠢᠨ ᠠᠷᠢᠭᠤᠨ᠎ᠠ ᠮᠥᠩᠭᠦᠨ ᠬᠤᠨᠳᠠᠭ᠎ᠠ ᠶᠢ ᠲᠤᠰᠤᠨ ᠳᠡᠳ᠋ ᠪᠠᠶᠢᠷᠢᠨ ᠳᠤ ᠣᠷᠣᠵᠤ᠂ ᠮᠠᠯᠴᠢᠨ ᠴᠡᠷᠡᠨᠳᠤᠯᠮ᠎ᠠ᠂ ᠪᠤᠳ᠋᠂ ᠰᠡᠴᠡᠨᠬᠤᠸᠠᠷ ᠨᠠᠷ ᠬᠦᠷᠡᠯ ᠬᠤᠨᠳᠠᠭ᠎ᠠ ᠶᠢᠨ ᠡᠵᠡᠨ ᠢᠶᠠᠷ ᠭᠤᠲᠠᠭᠠᠷ ᠲᠤ ᠴᠣᠯᠭᠤᠷᠠᠨ᠂ ᠲᠡᠮᠦᠷ᠎ᠡ᠂ ᠤᠯᠠᠭᠠᠨᠲᠤᠶᠠᠭ᠎ᠠ ᠵᠡᠷᠭᠡ 4 ᠨᠥᠬᠦᠳ ᠣᠨᠴᠠ ᠳᠡᠰ ᠲᠤ ᠵᠢᠭᠰᠠᠭᠠᠭᠳᠠᠵᠤ᠂ ᠮᠠᠰᠢᠪᠢᠯᠢᠭ᠌᠂ ᠰᠣᠳᠣᠪᠢᠯᠢᠭ᠌ ᠵᠡᠷᠭᠡ ᠪᠠᠭᠰᠢ ᠶᠢᠨ ᠡᠩᠨᠡᠭᠡᠨ ᠤ ᠲᠥᠯᠥᠭᠡᠯᠡᠭᠴᠢ ᠪᠠ ᠪᠤᠰᠤᠳ ᠠᠵᠢᠯ ᠲᠦᠷᠦᠯ ᠤᠨ 10 ᠬᠥᠮᠥᠨ︽ᠤᠶᠤᠨ ᠤ ᠳᠠᠷᠬᠠᠳ︾ ᠢᠶᠠᠷ ᠲᠣᠳᠣᠷᠠᠵᠤ᠂ ᠪᠤᠰᠤᠳ ᠣᠷᠣᠯᠴᠠᠭᠰᠠᠳ ᠢ ᠰᠢᠯᠢᠳᠡᠭ ᠪᠠᠶᠢᠷᠢ ᠶᠢᠨ ᠳᠤᠷᠠᠰᠬᠠᠯ ᠤᠨ ᠨᠣᠮ ᠳᠡᠪᠲᠡᠷ ᠪᠠ ᠦᠨᠡᠮᠯᠡᠯ ᠢᠶᠠᠷ ᠬᠥᠬᠢᠭᠦᠯᠦᠭᠰᠡᠨ ᠪᠠᠶᠢᠨ᠎ᠠ᠃ ᠤᠷᠤᠯᠳᠤᠭᠠᠨ ᠢ ᠰᠢᠨ᠎ᠡ ᠪᠠᠷᠭᠤ ᠵᠡᠭᠦᠨ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠪᠠᠭᠰᠢ᠂ ᠬᠥᠯᠥᠨ ᠪᠤᠶᠢᠷ ᠬᠤᠲᠠ ᠶᠢᠨ ᠨᠣᠮ ᠤᠨ ᠰᠠᠩ ᠤᠨ ︽ᠰᠣᠯᠣᠩᠭ᠎ᠠ︾ ᠨᠡᠭᠦᠳᠡᠯ ᠨᠣᠮ ᠤᠨ ᠥᠷᠥᠭᠡᠨ ᠤ ᠡᠷᠭᠢᠯᠡᠭᠴᠢ᠂ ᠠᠵᠢᠯ ᠤᠨ ᠴᠢᠯᠦᠭᠡᠨ ᠤ ᠬᠥᠲᠥᠯᠥᠭᠴᠢ ᠤᠷᠠᠩᠭᠤᠸ᠎ᠠ ᠬᠥᠲᠥᠯᠥᠨ ᠶᠠᠪᠤᠭᠳᠠᠭᠤᠯᠤᠭᠰᠠᠨ ᠪᠥᠭᠡᠳ ᠲᠡᠷᠡ ᠪᠠᠷ ᠰᠢᠨ᠎ᠡ ᠪᠠᠷᠭᠤ ᠵᠡᠭᠦᠨ ᠬᠤᠰᠢᠭᠤᠨ ᠤ ᠨᠡᠶᠢᠭᠡᠮ ᠤᠨ ᠪᠦᠯᠭᠦᠮ ᠤᠨ ᠰᠣᠶᠣᠯ ᠤᠷᠠᠯᠢᠭ ᠤᠨ ᠬᠥᠳᠡᠯᠭᠡᠭᠡᠨ ᠢ ᠤᠯᠠᠨ ᠤᠳᠠᠭ᠎ᠠ ᠠᠮᠵᠢᠯᠲᠠᠲᠠᠢ ᠵᠣᠬᠢᠶᠠᠨ ᠪᠠᠶᠢᠭᠤᠯᠵᠤ᠂ ᠤᠯᠠᠨ ᠲᠦᠮᠡᠨᠴᠢ ᠰᠣᠶᠣᠯ ᠤᠨ ᠦᠢᠯᠡᠰ ᠲᠤ ᠥᠪᠡᠷ ᠤᠨ ᠤᠶᠢᠭ᠎ᠠ ᠦᠭᠡᠢ ᠭᠦᠳᠡᠯᠮᠦᠷᠢ ᠪᠠᠨ ᠥᠭᠴᠦ ᠪᠠᠶᠢᠭ᠎ᠠ ᠨᠢᠭᠡᠨ ᠪᠢᠯᠡ᠃
640 (3).jpg
       ᠤᠯᠠᠮᠵᠢᠯᠠᠯᠲᠤ ᠰᠣᠶᠣᠯ ᠢᠶᠠᠨ ᠳᠡᠭᠡᠳᠦᠯᠡᠳᠡᠭ ᠭᠡᠷ ᠪᠦᠯᠢ ᠶᠢᠨ ᠬᠢᠨ ᠢ ᠪᠢᠰᠢᠷᠡᠭᠦᠰᠢᠲᠡᠢ᠃ ︽ᠤᠶᠤᠨ ᠤ ᠳᠠᠷᠬᠠᠳ︾ ᠢᠶᠠᠷ ᠲᠣᠳᠣᠷᠠᠭᠰᠠᠨ ᠣᠶᠤᠨᠴᠡᠴᠡᠭ ᠲᠡᠭᠦᠨ ᠤ ᠠᠪᠤ ᠪᠣᠯᠣᠨ ᠬᠠᠳᠠᠮ ᠡᠵᠢ ᠲᠠᠢ ᠪᠠᠨ ᠤᠷᠤᠯᠳᠤᠭᠠᠨ ᠳᠤ ᠤᠷᠤᠯᠴᠠᠵᠤ᠂ ᠲᠡᠷᠢᠭᠦᠨ᠂ ᠳᠡᠳ᠋ ᠪᠠᠶᠢᠷᠢᠨ ᠤ ᠬᠠᠷᠠᠬᠦᠦ ᠪᠣᠯᠣᠨ ᠵᠢ᠊·ᠴᠡᠴᠡᠭ ᠪᠣᠯ ᠨᠢᠭᠡ ᠭᠡᠷ ᠪᠦᠯᠢ ᠶᠢᠨ ᠬᠢᠨ ᠪᠥᠭᠡᠳ ᠣᠨᠴᠠ ᠳᠡᠰ ᠲᠤ ᠰᠢᠯᠭᠠᠷᠠᠭᠰᠠᠨ ᠲᠡᠮᠦᠷ᠎ᠡ ᠲᠡᠳᠡᠨ ᠤ  ᠪᠡᠷᠢ ᠨᠢ ᠪᠠᠶᠢᠵᠤ᠂ ᠨᠢᠭᠡᠨ ᠡᠪ ᠵᠦᠢ ᠪᠠᠲᠤᠵᠢᠩᠭᠤᠢ᠂ ᠥᠪ ᠰᠣᠶᠣᠯ ᠰᠠᠴᠤᠷᠠᠩᠭᠤᠢ ᠭᠡᠷ ᠪᠦᠯᠢ ᠶᠢᠨ ᠦᠯᠢᠭᠡᠷ ᠵᠢᠱᠢᠶ᠎ᠡ ᠶᠢ ᠬᠠᠷᠠᠭᠤᠯᠤᠭᠰᠠᠨ ᠨᠢ ᠡᠨᠡ ᠤᠳᠠᠭᠠᠨ ᠤ ᠤᠷᠤᠯᠳᠤᠭᠠᠨ ᠤ ᠨᠢᠭᠡᠨ ᠭᠢᠯᠡᠰ ᠴᠡᠭ ᠪᠣᠯᠵᠤ᠂ ᠤᠷᠮ᠎ᠠ ᠲᠠᠢ ᠰᠠᠶᠢᠬᠠᠨ ᠤᠷᠤᠯᠳᠤᠭᠠᠨ ᠪᠣᠯᠵᠤ ᠥᠨᠳᠥᠷᠯᠡᠯ᠎ᠡ᠃
640 (4).jpg
640 (6).jpg
640 (8).jpg
640 (7).jpg
640 (10).jpg
640.jpg
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ