ᠪᠠᠶᠢᠭᠠᠯᠢ ᠣᠷᠴᠢᠨ ᠲᠠᠢ ᠪᠠᠨ ᠣᠶᠢᠷᠠᠲᠤᠭᠰᠠᠨ ᠤᠴᠢᠷᠲᠠᠢ ᠠᠶᠠᠯᠠᠯ
ᠨᠡᠶᠢᠲᠡᠯᠡᠭᠰᠡᠨ ᠴᠠᠭ᠄
2023/9/15
       ︽ᠨᠣᠮ ᠲᠠᠢ ᠬᠦᠦ︾ ᠵᠢᠷᠤᠭᠲᠤ ᠨᠣᠮ ᠤᠩᠰᠢᠬᠤ ᠺᠯᠦ᠋ᠪ ᠠᠴᠠ ᠵᠣᠬᠢᠶᠠᠨ ᠪᠠᠶᠢᠭᠤᠯᠤᠭᠰᠠᠨ ᠠᠩᠬᠠᠳᠤᠭᠠᠷ ᠤᠳᠠᠭᠠᠨ ᠤ︽ᠬᠡᠦᠬᠡᠳ ᠤᠳ ᠪᠠᠶᠢᠭᠠᠯᠢ ᠣᠷᠴᠢᠨ  ᠲᠠᠢ ᠪᠠᠨ ᠣᠶᠢᠷᠠᠲᠤᠶ᠎ᠠ︾ ᠠᠶᠠᠯᠠᠯ ᠲᠦᠷᠦᠭᠦᠬᠡᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠪᠠᠷᠠᠭᠤᠨ ᠬᠤᠶᠢᠨ᠎ᠠ ᠵᠠᠬ᠎ᠠ ᠳᠤ ᠪᠠᠶᠢᠷᠢᠯᠠᠭ᠎ᠠ ᠪᠣᠷᠣ ᠰᠢᠷ᠎ᠠ ᠶᠢᠨ ᠷᠠᠰᠢᠶᠠᠨ ᠤ ᠬᠠᠪᠢ ᠪᠠᠷ ᠪᠣᠯᠵᠤ ᠥᠩᠭᠡᠷᠡᠯ᠎ᠡ᠃ ᠡᠨᠡ  ᠤᠳᠠᠭᠠᠨ ᠤ ᠠᠶᠠᠯᠠᠯ ᠨᠢ ᠬᠡᠦᠬᠡᠳ ᠤᠳ ᠤᠷᠭᠤᠮᠠᠯ ᠲᠠᠢ ᠲᠠᠨᠢᠯᠴᠠᠬᠤ ᠲᠤᠰᠬᠠᠢ ᠰᠡᠳᠦᠪ ᠢᠶᠠᠷ ᠶᠠᠪᠤᠭᠳᠠᠵᠤ᠂ ᠨᠢᠭᠡ ᠤᠢ ᠲᠠᠢ ᠨᠢᠯᠬ᠎ᠠ ᠠᠴᠠ ᠡᠬᠢᠯᠡᠭᠡᠳ 12 ᠨᠠᠰᠤᠲᠠᠢ ᠵᠢᠭᠠᠯ ᠭᠦᠷᠲᠡᠯ᠎ᠠ ᠠᠷᠪᠠᠭᠠᠳ ᠬᠡᠦᠬᠡᠳ ᠣᠷᠣᠯᠴᠠᠪᠠ᠃
640 (1).jpg
       ᠨᠢᠭᠡ ᠡᠳᠦᠷ ᠤᠨ ᠠᠶᠠᠯᠠᠯ ᠨᠢ ᠡᠯᠪᠡᠭ ᠠᠭᠤᠯᠭ᠎ᠠ ᠪᠠᠷ ᠶᠠᠪᠤᠭᠳᠠᠵᠠᠢ᠃ ᠬᠡᠦᠬᠡᠳ ᠤᠳ ᠬᠠᠮᠲᠤ ᠲᠣᠭᠯᠠᠵᠤ ᠬᠤᠭᠤᠷᠣᠨᠳᠤ ᠪᠠᠨ ᠲᠠᠨᠢᠯᠴᠠᠨ᠂ ᠨᠠᠶᠢᠵᠠ  ᠨᠤᠭᠤᠳ ᠪᠣᠯᠣᠯᠴᠠᠵᠤ᠂ ᠪᠠᠶᠢᠭᠠᠯᠢ ᠶᠢᠨ ᠲᠤᠬᠠᠢ ᠥᠪᠡᠷ ᠤᠨ ᠭᠡᠰᠡᠨ ᠣᠶᠢᠯᠠᠭᠠᠯᠲᠠ ᠪᠤᠲᠤᠯ ᠢᠶᠠᠨ ᠶᠠᠷᠢᠵᠤ᠂ ᠪᠠᠭᠰᠢ ᠨᠠᠷ ᠠᠴᠠ ᠬᠡᠦᠬᠡᠳ ᠤᠳ ᠲᠤ᠂ ᠪᠢᠲᠡᠨ ᠤ ᠣᠷᠣᠰᠢᠨ ᠠᠮᠢᠳᠤᠷᠠᠵᠤ ᠪᠠᠶᠢᠭ᠎ᠠ᠂ ᠬᠡᠰᠢᠭ ᠪᠤᠶᠠᠨ ᠢ ᠨᠢ ᠬᠦᠷᠲᠡᠵᠦ ᠪᠠᠶᠢᠭ᠎ᠠ ᠪᠠᠶᠢᠭᠠᠯᠢ ᠳᠡᠯᠡᠬᠡᠢ ᠳᠡᠭᠡᠨ ᠪᠠᠶᠠᠷᠯᠠᠨ ᠲᠠᠯᠠᠷᠬᠠᠬᠤ᠂ ᠲᠡᠭᠦᠨ ᠢ ᠪᠠᠨ ᠬᠠᠶᠢᠷᠠᠯᠠᠨ ᠬᠢᠮᠠᠭᠠᠳᠠᠵᠤ ᠶᠠᠪᠤᠬᠤ ᠶᠢᠨ ᠤᠴᠢᠷ ᠶᠣᠰᠣ ᠶᠢ ᠬᠡᠯᠡᠵᠦ ᠲᠠᠶᠢᠯᠪᠤᠷᠢᠯᠠᠵᠤ᠂ ᠨᠡᠩ ᠪᠠᠶᠢᠭᠠᠯᠢ ᠶᠢᠷᠲᠢᠨᠴᠦ ᠶᠢᠨ ᠲᠦᠮᠡᠨ ᠪᠣᠳᠠᠰ ᠢ ᠰᠤᠳᠤᠯᠤᠨ ᠰᠢᠨᠵᠢᠯᠡᠬᠦ ᠶᠢᠨ ᠤᠴᠢᠷ ᠤᠬᠠᠭᠠᠨ ᠢ ᠵᠢᠭᠠᠵᠤ᠂ ᠬᠠᠩᠭᠠᠢ ᠳᠡᠯᠡᠬᠡᠢ ᠳᠡᠭᠡᠨ ᠲᠠᠯᠠᠷᠬᠠᠵᠤ ᠡᠷᠭᠦᠯ ᠡᠷᠭᠦᠪᠡ᠃ ᠲᠠᠷᠠᠭ᠎ᠠ ᠨᠢ ᠬᠡᠦᠬᠡᠳ ᠤᠳ ᠪᠠᠭ ᠬᠤᠪᠢᠶᠠᠵᠤ᠂ ᠤᠷᠭᠤᠮᠠᠯ ᠤᠨ ᠥᠩᠭᠡ ᠴᠤᠭᠯᠠᠭᠤᠯᠵᠤ᠂ ᠠᠳᠠᠯᠢ ᠪᠤᠰᠤ ᠤᠷᠭᠤᠮᠠᠯ ᠤᠨ ᠥᠩᠭᠡ ᠶᠢ ᠲᠠᠨᠢᠵᠤ᠂ ᠪᠠᠶᠢᠭᠠᠯᠢ ᠣᠷᠴᠢᠨ ᠠᠴᠠ ᠪᠠᠨ ᠮᠡᠳᠡᠷᠡᠮᠵᠢ ᠠᠪᠴᠤ︵ᠬᠠᠲᠠᠭᠤ᠂ ᠵᠥᠭᠡᠯᠡᠨ᠂ ᠬᠦᠨᠳᠦ᠂ ᠦᠰᠦᠯᠢᠭ᠂ ᠭᠥᠯᠢᠭᠡᠷ᠂ ᠬᠥᠩᠭᠡᠨ ᠭᠡᠬᠦ ᠮᠡᠲᠦᠴᠢᠯᠡᠨ︶᠂ ᠤᠷᠭᠤᠮᠠᠯ ᠤᠨ ᠵᠠᠭᠪᠤᠷ ᠴᠤᠭᠯᠠᠭᠤᠯᠵᠤ᠂ ᠬᠥᠭᠡᠷᠦᠬᠦᠨ ᠬᠥᠭᠡᠷᠦᠬᠦᠨ ᠪᠦᠲᠦᠭᠡᠯ ᠭᠠᠷᠭᠠᠪᠠ᠃
640 (2).jpg
       ᠪᠠᠰᠠ ᠪᠠᠶᠢᠭᠠᠯᠢ ᠣᠷᠴᠢᠨ ᠲᠠᠢ ᠬᠠᠮᠢᠶᠠᠲᠠᠢ ᠣᠨᠢᠰᠤᠭ᠎ᠠ ᠲᠠᠭᠠᠵᠦ᠂ ᠵᠦᠢᠷ ᠰᠡᠴᠡᠨ ᠦᠭᠡ ᠶᠢ ᠪᠦᠷᠢᠨ ᠪᠤᠯᠭᠠᠵᠦ᠂ ᠣᠷᠴᠢᠨ ᠲᠣᠭᠤᠷᠢᠨ ᠢᠶᠠᠨ ᠴᠡᠪᠡᠷᠯᠡᠵᠦ᠂ ᠬᠠᠮᠲᠤ ᠶᠢᠨ ᠵᠢᠷᠤᠭ ᠠᠪᠬᠠᠭᠤᠯᠵᠤ ᠡᠨᠡ ᠨᠢᠭᠡᠨ ᠡᠳᠦᠷ ᠢᠶᠠᠨ ᠪᠠᠶᠠᠷ ᠭᠦᠷ ᠲᠠᠢ᠂ ᠤᠳᠬ᠎ᠠ ᠠᠭᠤᠯᠭ᠎ᠠ ᠲᠠᠢ ᠥᠩᠭᠡᠷᠡᠭᠦᠯᠵᠡᠢ᠃
640 (3).jpg
       ︽ᠨᠣᠮ ᠲᠠᠢ ᠬᠦᠦ︾ᠵᠢᠷᠤᠭᠲᠤ ᠨᠣᠮ ᠤᠩᠰᠢᠬᠤ  ᠺᠯᠦ᠋ᠪ ᠤᠨ ᠨᠣᠮ ᠤᠩᠰᠢᠬᠤ ᠠᠵᠢᠯᠯᠠᠭ᠎ᠠ ᠶᠢ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠳᠠᠬᠢ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠪᠠᠭᠰᠢ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤ ᠪᠠᠷ ᠨᠤᠲᠤᠭᠲᠠᠢ ᠨᠣᠮᠢᠨ 2019 ᠣᠨ ᠤ 4 ᠰᠠᠷ᠎ᠠ ᠶᠢᠨ 23 ᠤ ᠡᠳᠦᠷ ᠪᠤᠶᠤ ᠳᠡᠯᠡᠬᠡᠢ ᠶᠢᠨ ᠨᠣᠮ ᠤᠩᠰᠢᠬᠤ ᠡᠳᠦᠷ ᠲᠤ ᠲᠣᠬᠢᠶᠠᠯᠳᠤᠭᠤᠯᠤᠨ᠂ ᠥᠪᠡᠷ ᠤᠨ ᠬᠦᠦ ᠳᠡᠭᠡᠨ ᠨᠣᠮ  ᠤᠩᠰᠢᠵᠤ ᠪᠠᠷᠢᠮᠲᠠᠯᠠᠭᠰᠠᠨ ᠠᠴᠠ ᠪᠠᠨ ᠡᠬᠢᠯᠡᠭᠦᠯᠵᠡᠢ᠃
640 (4).jpg
       ︽ᠬᠤᠷᠳᠤᠨ ᠶᠠᠪᠤᠬᠤ ᠶᠢ ᠪᠤᠲᠤᠪᠠᠯ ᠭᠠᠭᠴᠠᠭᠠᠷ ᠶᠠᠪᠤ᠂ ᠬᠤᠯᠠ ᠶᠠᠪᠤᠬᠤ ᠶᠢ ᠪᠤᠲᠤᠪᠠᠯ ᠣᠯᠠᠭᠤᠯᠠ ᠶᠠᠪᠤ︾ᠭᠡᠲᠡᠭ᠃ 2023 ᠣᠨ ᠪᠤᠯᠬᠤ ᠳᠤ᠂ ᠨᠣᠮᠢᠨ ᠨᠡᠩ ᠤᠯᠠᠨ ᠬᠡᠦᠬᠡᠳ ᠲᠤ ᠨᠣᠮ ᠤᠩᠰᠢᠬᠤ ᠣᠷᠴᠢᠨ ᠢ ᠪᠦᠷᠢᠯᠳᠦᠭᠦᠯᠵᠦ ᠥᠭᠬᠦ ᠶᠢᠨ ᠲᠥᠯᠥᠭᠡ᠂  ᠨᠠᠶᠢᠵᠠ ᠳᠣᠷᠵᠢᠫᠥ᠋ᠷᠪᠦ᠂ ᠠᠯᠢᠶ᠎ᠠ᠂ ᠵᠠᠶᠠᠭ᠎ᠠ ᠡᠭᠡᠴᠢ ᠲᠠᠢ ᠪᠠᠨ ᠬᠠᠮᠲᠤᠷᠠᠵᠤ᠂ ᠸᠢᠴᠠᠲ ᠬᠤᠯᠪᠤᠭ᠎ᠠ ᠪᠠᠶᠢᠭᠤᠯᠵᠤ᠂ ᠨᠣᠮ ᠤᠩᠰᠢᠬᠤ ᠠᠵᠢᠯᠯᠠᠭ᠎ᠠ ᠪᠠᠨ ᠤᠯᠠᠮ ᠡᠷᠴᠢᠮᠲᠡᠢ ᠶᠠᠪᠤᠭᠳᠠᠭᠤᠯᠵᠤ ᠡᠳᠦᠭᠡ ᠭᠦᠷᠪᠡ᠃
640 (5).jpg
       ᠨᠣᠮ ᠤᠩᠰᠢᠬᠤ ᠠᠵᠢᠯᠯᠠᠭ᠎ᠠ ᠨᠢ ᠨᠢᠭᠡ ᠰᠠᠷ᠎ᠠ ᠪᠠᠷ ᠨᠢᠭᠡ ᠬᠤᠭᠤᠴᠠᠭ᠎ᠠ ᠪᠤᠯᠭᠠᠵᠦ᠂ ᠬᠡᠦᠬᠡᠳ ᠤᠳ ᠡᠳᠦᠷ ᠪᠦᠷᠢ 20 ᠮᠢᠨᠦ᠋ᠲ ᠤᠨ ᠤᠩᠰᠢᠯᠭ᠎ᠠ ᠪᠠᠨ ᠪᠠᠲᠤᠯᠠᠵᠤ᠂ 2 - 6 ᠨᠠᠰᠤᠨ ᠤ ᠬᠡᠦᠬᠡᠳ ᠢ ᠠᠪᠤ ᠡᠵᠢ ᠨᠢ ᠳᠠᠭᠠᠭᠤᠯᠵᠤ ᠤᠩᠰᠢᠬᠤ ᠪᠤᠶᠤ ᠥᠪᠡᠷ ᠢᠶᠠᠨ ᠵᠢᠷᠤᠭ ᠦᠵᠡᠵᠦ ᠶᠠᠷᠢᠳᠠᠭ᠂ 7 - 12 ᠨᠠᠰᠤᠨ ᠤ ᠬᠡᠦᠬᠡᠳ ᠪᠣᠯ ᠥᠪᠡᠷ ᠲᠡᠭᠡᠨ ᠤᠩᠰᠢᠵᠤ ᠠᠪᠤ ᠡᠵᠢ ᠨᠢ ᠬᠢᠨᠠᠳᠠᠭ᠃ ᠬᠤᠶᠠᠷ ᠭᠠᠷᠠᠭ ᠲᠤ᠂ ᠨᠢᠭᠡ ᠤᠳᠠᠭᠠᠨ ᠤ ᠨᠣᠮ ᠤᠩᠰᠢᠯᠭ᠎ᠠ ᠪᠠᠨ ᠬᠤᠪᠢᠶᠠᠯᠴᠠᠳᠠᠭ᠃ ᠪᠠᠰᠠ ᠭᠠᠷᠠᠭ ᠪᠦᠷᠢ ᠨᠢᠭᠡ ᠵᠦᠢᠷ ᠰᠡᠴᠡᠨ ᠦᠭᠡ ᠴᠡᠭᠡᠵᠢᠯᠡᠵᠦ ᠪᠤᠢ᠃
640 (6).jpg
       ᠨᠣᠮᠢᠨ᠄ ︽ᠡᠨᠡ ᠵᠢᠯ ᠨᠣᠮ ᠤᠩᠰᠢᠬᠤ ᠠᠵᠢᠯᠯᠠᠭ᠎ᠠ ᠪᠠᠨ ᠡᠬᠢᠯᠡᠭᠦᠯᠦᠭᠡᠳ᠂ ᠲᠠᠪᠤᠳᠠᠭᠢ ᠬᠤᠭᠤᠴᠠᠭ᠎ᠠ ᠪᠠᠨ ᠶᠠᠪᠤᠭᠳᠠᠭᠤᠯᠵᠤ ᠪᠠᠶᠢᠨ᠎ᠠ᠃ ᠨᠡᠩ ᠤᠯᠠᠨ  ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ  ᠨᠣᠮ ᠤᠩᠰᠢᠬᠤ ᠶᠢ ᠤᠷᠢᠶᠠᠯᠠᠵᠤ ᠪᠠᠶᠢᠨ᠎ᠠ᠃ ᠪᠢᠲᠡᠨ ᠤ ᠨᠣᠮ ᠤᠨ ᠺᠯᠦ᠋ᠪ ᠨᠢ ᠪᠠᠰᠠ ᠬᠡᠦᠬᠡᠳ ᠤᠳ ᠲᠤ ᠪᠠᠶᠢᠭᠠᠯᠢ ᠣᠷᠴᠢᠨ ᠤ ᠲᠠᠯ᠎ᠠ ᠪᠠᠷ ᠬᠢ  ᠬᠥᠮᠦᠵᠢᠯ ᠢ ᠬᠡᠷᠬᠢᠨ ᠮᠡᠳᠡᠭᠦᠯᠵᠦ ᠲᠠᠨᠢᠭᠤᠯᠬᠤ᠂ ᠪᠠᠶᠢᠭᠠᠯᠢ ᠣᠷᠴᠢᠨ ᠢᠶᠠᠨ ᠬᠡᠷᠬᠢᠨ ᠰᠢᠨᠵᠢᠯᠡᠵᠦ ᠰᠤᠳᠤᠯᠬᠤ ᠲᠠᠯ᠎ᠠ ᠪᠠᠷ ᠬᠢ ᠬᠢᠴᠢᠶᠡᠯ ᠢ ᠬᠡᠷᠬᠢᠨ ᠡᠷᠭᠢᠯᠡᠵᠦ ᠶᠠᠪᠤᠭᠳᠠᠭᠤᠯᠬᠤ ᠶᠢ ᠢᠮᠠᠭᠲᠠ ᠰᠤᠳᠤᠯᠵᠤ ᠲᠥᠰᠥᠪᠯᠡᠵᠦ ᠪᠠᠶᠢᠨ᠎ᠠ︾ ᠭᠡᠯ᠎ᠡ᠃
640 (7).jpg
 
640 (10).jpg
 
640 (8).jpg
 
640 (11).jpg
 
640 (9).jpg
 
640 (12).jpg
 
640.jpg
 
640 (14).jpg
 
640 (13).jpg
  
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ