| | ᠳ᠋ᠦ᠋ · ᠳᠣᠷᠵᠢ ᠠᠭᠰᠠᠨ ᠤ ᠲᠣᠪᠴᠢ ᠨᠠᠮᠲᠠᠷ᠄ | ᠳ᠋ᠦ᠋·ᠳᠣᠷᠵᠢ᠂ ᠡᠷᠡᠭᠲᠡᠢ᠂ ᠡᠸᠡᠩᠬᠢ ᠦᠨᠳᠦᠰᠦᠲᠡᠨ᠂1937 ᠣᠨ ᠤ 4 ᠰᠠᠷ᠎ᠠ ᠳᠤ ᠮᠡᠨᠳᠦᠯᠡᠵᠠᠢ᠂ 1965 ᠣᠨ ᠳᠤ ᠠᠵᠢᠯ ᠳᠤ ᠭᠠᠷᠴᠤ᠂ 1974 | ᠣᠨ ᠳᠤ ᠡᠪ ᠬᠠᠮᠲᠤ ᠨᠠᠮ ᠳᠤ ᠡᠯᠰᠡᠭᠳᠡᠪᠡ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠷᠢᠶ᠎ᠠ ᠶᠢᠨ ᠠᠵᠢᠯ ᠠᠴᠠ ᠪᠠᠨ ᠠᠮᠠᠷᠠᠭᠰᠠᠨ | ᠺᠠᠳ᠋ᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ᠂ 2022 | ᠣᠨ ᠤ 10 ᠰᠠᠷ᠎ᠠ ᠶᠢᠨ 17 ᠤ ᠡᠳᠦᠷ ᠡᠪᠡᠳᠴᠢᠨ ᠢᠶᠠᠷ ᠨᠠᠰᠤ ᠪᠠᠷᠠᠪᠠ᠂ ᠨᠠᠰᠤᠨ ᠰᠡᠭᠦᠳᠡᠷ 86᠃ | ᠨᠢᠭᠡ᠂ ᠠᠵᠢᠯᠯᠠᠵᠤ ᠰᠤᠷᠤᠯᠴᠠᠬᠰᠠᠨ ᠥᠩᠭᠡᠷᠡᠯᠲᠡ | ᠳ᠋ᠦ᠋·ᠳᠣᠷᠵᠢ ᠠᠭᠰᠠᠨ 1937 ᠣᠨ ᠤ 4 ᠰᠠᠷ᠎ᠠ ᠶᠢᠨ 23 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ | ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠶ ᠰᠤᠮᠤᠨ ᠳᠤ ᠮᠡᠨᠳᠦᠯᠡᠵᠠᠢ᠃ 1948 ᠣᠨ ᠠᠴᠠ 1952 ᠣᠨ ᠤ ᠬᠤᠭᠤᠷᠣᠨᠳᠤ | ᠰᠣᠯᠣᠨ ᠬᠤᠰᠢᠭᠤᠨ ᠤ ᠬᠤᠢ ᠪᠠᠭ᠎ᠠ ᠰᠤᠷᠭᠠᠭᠤᠯᠢ ᠳᠤ ᠰᠤᠷᠤᠯᠴᠠᠵᠤ᠂1952 ᠣᠨ ᠠᠴᠠ 1954 ᠣᠨ ᠤ ᠬᠤᠭᠤᠷᠣᠨᠳᠤ ᠰᠣᠯᠣᠨ ᠬᠤᠰᠢᠭᠤᠨ ᠤ ᠪᠠᠶᠠᠨᠲᠤᠬᠤᠢ | ᠪᠠᠭ᠎ᠠ ᠰᠤᠷᠭᠠᠭᠤᠯᠢ ᠳᠤ ᠰᠤᠷᠤᠯᠴᠠᠵᠤ᠂ 1954 ᠣᠨ ᠠᠴᠠ 1957 ᠣᠨ ᠤ ᠬᠤᠭᠤᠷᠣᠨᠳᠤ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠳᠤ | ᠰᠤᠷᠤᠯᠴᠠᠵᠤ᠂ 1958 ᠣᠨ ᠠᠴᠠ 1961 ᠣᠨ ᠤ ᠬᠤᠭᠤᠷᠣᠨᠳᠤ ᠲᠥᠪ ᠤᠨ ᠦᠨᠳᠦᠰᠦᠲᠡᠨ ᠤ ᠳᠡᠭᠡᠳᠦ ᠰᠤᠷᠭᠠᠭᠤᠯᠢ︵ᠤᠤᠯ ᠤᠨ︶ ᠶᠢᠨ ᠬᠠᠷᠢᠶᠠᠲᠤ ᠳᠤᠮᠳᠠᠳᠤ | ᠰᠤᠷᠭᠠᠭᠤᠯᠢ ᠳᠤ ᠰᠤᠷᠤᠯᠴᠠᠵᠤ᠂ 1961 ᠣᠨ ᠠᠴᠠ 1965 ᠣᠨ ᠤ ᠬᠤᠭᠤᠷᠣᠨᠳᠤ ᠲᠥᠪ ᠤᠨ ᠦᠨᠳᠦᠰᠦᠲᠡᠨ ᠤ ᠳᠡᠭᠡᠳᠦ ᠰᠤᠷᠭᠠᠭᠤᠯᠢ︵ᠤᠤᠯ ᠤᠨ︶ ᠳᠤ | ᠰᠤᠷᠤᠯᠴᠠᠪᠠ᠃ | 1965 ᠣᠨ ᠠᠴᠠ 1974 ᠣᠨ ᠪᠤᠯᠲᠠᠯ᠎ᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠲᠤ ᠠᠵᠢᠯᠯᠠᠵᠤ᠂ 1974 ᠣᠨ ᠠᠴᠠ 1980 ᠣᠨ ᠪᠤᠯᠲᠠᠯ᠎ᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠷᠴᠢᠭᠤᠯᠭ᠎ᠠ ᠶᠢᠨ | ᠰᠠᠯᠠᠭᠠᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ 1980 ᠣᠨ ᠠᠴᠠ 1984 ᠣᠨ ᠪᠤᠯᠲᠠᠯ᠎ᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠶᠢᠨ ᠲᠤᠰᠢᠶᠠᠯ ᠢ ᠬᠠᠷᠢᠭᠤᠴᠠᠵᠤ᠂ 1984 ᠣᠨ ᠠᠴᠠ 1992 ᠣᠨ ᠪᠤᠯᠲᠠᠯ᠎ᠠ ᠬᠥᠯᠥᠨ | ᠪᠤᠶᠢᠷ ᠠᠶᠢᠮᠠᠭ ᠤᠨ ᠠᠷᠠᠳ ᠤᠨ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 1992 ᠣᠨ ᠠᠴᠠ 1996 ᠣᠨ ᠪᠤᠯᠲᠠᠯ᠎ᠠ | ᠬᠥᠯᠥᠨ ᠪᠤᠶᠢᠷ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ 1996 ᠣᠨ ᠠᠴᠠ | 1998 ᠣᠨ ᠪᠤᠯᠲᠠᠯ᠎ᠠ ᠬᠥᠯᠥᠨ ᠪᠤᠶᠢᠷ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ | ᠲᠡᠷᠡ᠂ 1984 ᠣᠨ ᠠᠴᠠ ᠡᠬᠢᠯᠡᠨ᠂ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ | ᠰᠤᠳᠤᠯᠭᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠪᠠᠶᠢᠩᠭᠤ ᠶᠢᠨ ᠬᠡᠷᠡᠭ ᠡᠷᠭᠢᠯᠡᠭᠴᠢ᠂ ᠳᠡᠳ᠋ ᠨᠠᠷᠢᠨ | ᠪᠢᠴᠢᠭ ᠤᠨ ᠳᠠᠷᠤᠭ᠎ᠠ᠂ ᠬᠤᠶᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠪᠠᠶᠢᠩᠭᠤ ᠶᠢᠨ ᠬᠡᠷᠡᠭ ᠡᠷᠭᠢᠯᠡᠭᠴᠢ︵1989 ᠣᠨ︶᠂ ᠭᠤᠷᠪᠠᠳᠤᠭᠠᠷ | ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠳᠡᠳ᠋ ᠳᠠᠷᠤᠭ᠎ᠠ᠂ ᠪᠠᠶᠢᠩᠭᠤ ᠶᠢᠨ ᠬᠡᠷᠡᠭ ᠡᠷᠭᠢᠯᠡᠭᠴᠢ ︵1993 ᠣᠨ︶᠂ ᠳᠥᠷᠪᠡᠳᠦᠭᠡᠷ ᠬᠤᠭᠤᠴᠠᠭᠠᠨ ᠤ | ᠬᠡᠷᠡᠭ ᠡᠷᠭᠢᠯᠡᠭᠴᠢᠳ ᠤᠨ ᠬᠤᠷᠠᠯ ᠤᠨ ᠳᠡᠳ᠋ ᠳᠠᠷᠤᠭ᠎ᠠ᠂ ᠪᠠᠶᠢᠩᠭᠤ ᠶᠢᠨ ᠬᠡᠷᠡᠭ ᠡᠷᠭᠢᠯᠡᠭᠴᠢ ︵2002 ᠣᠨ︶᠂ ᠲᠠᠪᠤᠳᠤᠭᠠᠷ ᠬᠤᠭᠤᠴᠠᠭᠠᠨ ᠤ ᠬᠡᠷᠡᠭ | ᠡᠷᠭᠢᠯᠡᠭᠴᠢᠳ ᠤᠨ ᠬᠤᠷᠠᠯ ᠤᠨ ᠨᠡᠷ᠎ᠡ ᠬᠦᠨᠳᠦᠲᠦ ᠳᠠᠷᠤᠭ᠎ᠠ ︵2006 ᠣᠨ︶᠂ ᠵᠢᠷᠭᠤᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠨᠡᠷ᠎ᠡ | ᠬᠦᠨᠳᠦᠲᠦ ᠳᠠᠷᠤᠭ᠎ᠠ ︵2013 ᠣᠨ︶᠂ ᠳᠣᠯᠣᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠨᠡᠷ᠎ᠡ ᠬᠦᠨᠳᠦᠲᠦ ᠳᠠᠷᠤᠭ᠎ᠠ︵2018 ᠣᠨ︶ | ᠪᠠᠶᠢᠵᠠᠢ᠃ | ᠬᠤᠶᠠᠷ᠂ ᠠᠮᠵᠢᠯᠲᠠ ᠪᠦᠲᠦᠭᠡᠯ | ᠡᠯᠪᠡᠭ ᠪᠠᠶᠠᠯᠢᠭ ᠠᠵᠢᠯ ᠤᠨ ᠲᠤᠷᠰᠢᠯᠭ᠎ᠠ᠂ ᠭᠦᠨᠵᠡᠭᠡᠢ ᠰᠤᠷᠤᠯᠴᠠᠯᠭ᠎ᠠ ᠪᠠ ᠤᠯᠠᠨ ᠶᠠᠩᠵᠤ ᠶᠢᠨ ᠦᠭᠡ ᠬᠡᠯᠡᠨ ᠤ ᠣᠷᠴᠢᠨ ᠲᠣᠭᠤᠷᠢᠨ ᠠᠴᠠ ᠪᠣᠯᠵᠤ ᠲᠡᠷᠡ | ᠡᠸᠡᠩᠬᠢ ᠬᠡᠯᠡ᠂ ᠣᠷᠴᠣᠨ ᠬᠡᠯᠡ᠂ ᠳᠠᠭᠤᠷ ᠬᠡᠯᠡ᠂ ᠮᠣᠩᠭᠤᠯ ᠬᠡᠯᠡ᠂ ᠬᠢᠲᠠᠳ ᠬᠡᠯᠡ᠂ ᠤᠷᠤᠰ ᠬᠡᠯᠡ ᠵᠡᠷᠭᠡ ᠤᠯᠠᠨ ᠵᠦᠢᠯ ᠤᠨ ᠦᠭᠡ ᠬᠡᠯᠡ ᠶᠢ ᠶᠠᠷᠢᠵᠤ ᠴᠢᠳᠠᠳᠠᠭ | ᠪᠥᠭᠡᠳ ᠬᠢᠲᠠᠳ᠂ ᠮᠣᠩᠭᠤᠯ᠂ ᠤᠷᠤᠰ ᠵᠡᠷᠭᠡ ᠤᠯᠠᠨ ᠵᠦᠢᠯ ᠤᠨ ᠦᠰᠦᠭ ᠪᠢᠴᠢᠭ ᠲᠤ ᠨᠡᠪᠲᠡᠷᠡᠪᠡ᠃ | 1990 ᠣᠨ ᠠᠴᠠ ᠡᠬᠢᠯᠡᠨ᠂ ᠲᠡᠷᠡ ᠬᠥᠮᠥᠨ ᠢ ᠰᠣᠴᠢᠭᠠᠮ᠎ᠠ ᠬᠠᠲᠠᠭᠤ ᠵᠣᠷᠢᠭ ᠢᠶᠠᠷ 100 ᠲᠦᠮᠡᠨ ᠦᠰᠦᠭ ᠲᠠᠢ ︽ᠡᠸᠡᠩᠬᠢ ᠬᠢᠲᠠᠳ ᠲᠣᠯᠢ︾ ᠶᠢ | ᠨᠠᠶᠢᠷᠠᠭᠤᠯᠤᠨ ᠪᠢᠴᠢᠵᠦ᠂ 1998 ᠣᠨ ᠤ 7 ᠰᠠᠷ᠎ᠠ ᠳᠤ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ ᠡᠨᠡ ᠪᠣᠯ | ᠳᠤᠮᠳᠠᠳᠤ ᠤᠯᠤᠰ ᠤᠨ ᠠᠩᠬᠠᠳᠤᠬᠴᠢ ᠡᠸᠡᠩᠬᠢ ᠬᠢᠲᠠᠳ ᠬᠡᠯᠡᠨ ᠤ ᠲᠣᠯᠢ ᠪᠢᠴᠢᠭ ᠪᠣᠯᠣᠨ᠎ᠠ᠃ ᠡᠶᠢᠨ ᠬᠦ ᠡᠸᠡᠩᠬᠢ ᠦᠨᠳᠦᠰᠦᠲᠡᠨ ᠤ ᠤᠷᠲᠤ ᠬᠤᠭᠤᠴᠠᠭᠠᠨ ᠤ | ᠲᠤᠷᠰᠢ ᠥᠪᠡᠷ ᠤᠨ ᠦᠨᠳᠦᠰᠦᠲᠡᠨ ᠤ ᠦᠰᠦᠭ ᠪᠢᠴᠢᠭ ᠦᠭᠡᠢ᠂ ᠥᠪᠡᠷ ᠤᠨ ᠦᠨᠳᠦᠰᠦᠲᠡᠨ ᠤ ᠲᠣᠯᠢ ᠪᠢᠴᠢᠭ ᠦᠭᠡᠢ ᠪᠠᠶᠢᠭᠰᠠᠨ ᠬᠤᠭᠤᠰᠤᠨ ᠢ ᠨᠥᠬᠦᠪᠦᠷᠢᠯᠡᠵᠦ᠂ | ᠣᠲᠣ ᠪᠤᠯᠲᠠᠯ᠎ᠠ ᠮᠥᠨ ᠴᠦ ︽ᠮᠠᠨ ᠤ ᠤᠯᠤᠰ ᠤᠨ ᠬᠠᠮᠤᠭ ᠤᠨ ᠣᠯᠠᠨ ᠦᠭᠡᠰ ᠣᠷᠣᠭᠤᠯᠤᠭᠰᠠᠨ᠂ ᠬᠠᠮᠤᠭ ᠤᠨ ᠣᠯᠠᠨ ᠥᠰᠥᠭ ᠤᠨ ᠲᠤᠭ᠎ᠠ ᠲᠠᠢ᠂ ᠬᠠᠮᠤᠭ ᠤᠨ | ᠣᠯᠠᠨ ᠵᠢᠱᠢᠶ᠎ᠡ ᠥᠭᠦᠯᠡᠪᠦᠷᠢ ᠲᠠᠢ᠂ ᠠᠭᠤᠯᠭ᠎ᠠ ᠪᠠᠷ ᠴᠤ ᠬᠠᠮᠤᠭ ᠤᠨ ᠪᠠᠶᠠᠯᠢᠭ ᠡᠸᠡᠩᠬᠢ ᠬᠢᠲᠠᠳ ᠬᠡᠯᠡᠨ ᠤ ᠲᠣᠯᠢ︾ᠪᠠᠶᠢᠵᠤ᠂ ᠦᠨᠳᠦᠰᠦᠲᠡᠨ ᠰᠤᠳᠤᠯᠤᠯ᠂ ᠬᠥᠮᠥᠨ | ᠰᠣᠶᠣᠯ ᠰᠤᠳᠤᠯᠤᠯ ᠵᠡᠷᠭᠡ ᠬᠦᠷᠢᠶᠡᠨ ᠳᠠᠬᠢ ᠬᠠᠮᠢᠶ᠎ᠠ ᠪᠦᠬᠦᠢ ᠡᠷᠳᠡᠮᠲᠡᠳ ᠤᠨ ᠰᠠᠶᠢᠨ ᠦᠨᠡᠯᠡᠯᠲᠡ ᠶᠢ ᠣᠯᠣᠭᠰᠠᠨ ᠪᠥᠭᠡᠳ ᠺᠤᠷᠢᠶᠠ᠂ ᠶᠠᠫᠤᠨ᠂ ᠮᠣᠩᠭᠤᠯ᠂ ᠣᠷᠣᠰ᠂ | ᠬᠠᠩᠭᠠᠷᠢ᠂ ᠠᠦ᠋ᠰᠲᠷᠠᠯᠢᠶ᠎ᠠ ᠵᠡᠷᠭᠡ ᠤᠯᠤᠰ ᠪᠠ ᠤᠮᠠᠷᠠᠲᠤ ᠡᠸᠦ᠋ᠷᠦᠫᠡ ᠶᠢᠨ ᠣᠯᠠᠨ ᠤᠯᠤᠰ ᠤᠨ ᠲᠦᠩᠭᠦᠰ ᠡᠷᠳᠡᠮᠲᠡᠳ ᠤᠨ ᠠᠩᠬᠠᠷᠤᠯ ᠢ ᠲᠠᠲᠠᠵᠤ ᠪᠢᠯᠡ᠃ | ᠨᠢᠭᠡ ᠨᠠᠰᠤᠨ ᠳᠠᠭᠠᠨ ᠮᠠᠰᠢ ᠤᠯᠠᠨ ᠱᠠᠩᠨᠠᠯ ᠬᠥᠬᠢᠭᠦᠯᠦᠯ᠂ ᠢᠷᠠᠭᠤ ᠠᠯᠳᠠᠷ ᠢᠶᠠᠷ ᠡᠩᠭᠡᠷ ᠶᠦᠭᠡᠨ ᠮᠢᠯᠢᠶᠠᠯᠭᠠᠵᠤ ᠢᠷᠡᠭᠰᠡᠨ ᠲᠡᠷᠡ ᠪᠠᠷ 1999 ᠣᠨ ᠳᠤ | ᠠᠵᠢᠯ ᠠᠴᠠ ᠪᠠᠨ ᠠᠮᠠᠷᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠤᠨ ᠠᠵᠢᠯ ᠤᠨ | ᠲᠣᠬᠢᠷᠠᠭᠤᠯᠤᠯᠲᠠ ᠶᠢ ᠭᠥᠯᠢᠶᠡᠨ᠂ ᠭᠤᠣᠯ ᠨᠠᠶᠢᠷᠠᠭᠤᠯᠤᠭᠴᠢ ᠶᠢᠨ ᠠᠵᠢᠯ ᠢ ᠬᠠᠷᠢᠭᠤᠴᠠᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ︽ᠡᠸᠡᠩᠬᠢ ᠮᠣᠩᠭᠤᠯ ᠲᠣᠯᠢ | ᠪᠢᠴᠢᠭ︾ ᠢ ᠨᠠᠶᠢᠷᠠᠭᠤᠯᠬᠤ ᠠᠵᠢᠯ ᠳᠤ ᠣᠷᠣᠯᠴᠠᠪᠠ᠃ 2014 ᠣᠨ ᠤ 10 ᠰᠠᠷ᠎ᠠ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠲᠤᠰᠠᠯᠠᠮᠵᠢ ᠶᠢᠨ ᠳᠣᠣᠷ᠎ᠠ᠂ 15 ᠵᠢᠯ ᠤᠨ ᠰᠢᠷᠭᠠᠭᠤ ᠴᠢᠷᠮᠠᠶᠢᠯᠭ᠎ᠠ ᠪᠠᠷ᠂ 200 ᠲᠦᠮᠡᠨ | ᠥᠰᠥᠭ ᠲᠠᠢ︽ᠡᠸᠡᠩᠬᠢ ᠮᠣᠩᠭᠤᠯ ᠲᠣᠯᠢ ᠪᠢᠴᠢᠭ︾ ᠢ ᠨᠠᠶᠢᠷᠠᠭᠤᠯᠤᠨ ᠳᠠᠭᠤᠰᠬᠠᠵᠤ᠂ ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠂ ᠡᠨᠡ | ᠨᠢ ᠥᠩᠭᠡᠷᠡᠭᠰᠡᠨ ᠳᠤ ᠡᠸᠡᠩᠬᠢ ᠬᠡᠯᠡ ᠪᠠ ᠮᠣᠩᠭᠤᠯ ᠬᠡᠯᠡᠨ ᠤ ᠬᠠᠷᠢᠴᠠᠭᠤᠯᠤᠭᠰᠠᠨ ᠲᠣᠯᠢ ᠪᠢᠴᠢᠭ ᠪᠠᠶᠢᠭᠰᠠᠨ ᠦᠭᠡᠢ ᠬᠤᠭᠤᠰᠤᠨ ᠢ ᠨᠥᠬᠦᠪᠦᠷᠢᠯᠡᠪᠡ᠃ ︽ᠡᠸᠡᠩᠬᠢ | ᠮᠣᠩᠭᠤᠯ ᠲᠣᠯᠢ ᠪᠢᠴᠢᠭ︾ ᠤᠨ ᠴᠢᠬᠤᠯᠠ ᠶᠡᠭᠡ ᠡᠷᠳᠡᠮ ᠰᠢᠨᠵᠢᠯᠡᠭᠡᠨ ᠤ ᠨᠥᠯᠥᠭᠡ ᠠᠴᠠ ᠪᠣᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ | ᠰᠣᠶᠣᠯ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭ᠎ᠠ ᠲᠠᠢ ᠰᠤᠳᠤᠯᠭᠠᠨ ᠤ ᠰᠠᠭᠤᠷᠢᠨ ᠭᠠᠵᠠᠷ ᠤᠨ ︽ᠮᠣᠩᠭᠤᠯ ᠵᠢᠴᠢ ᠤᠮᠠᠷᠠᠲᠤ ᠶᠢᠨ ᠣᠯᠠᠨ | ᠦᠨᠳᠦᠰᠦᠲᠡᠨ ᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠲᠥᠪ︾ ᠬᠢᠭᠡᠳ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠬᠠᠮᠲᠤᠷᠠᠨ︽ᠡᠸᠡᠩᠬᠢ ᠬᠡᠯᠡ ᠮᠣᠩᠭᠤᠯ ᠬᠡᠯᠡ ᠬᠢᠲᠠᠳ ᠬᠡᠯᠡ ᠠᠩᠭ᠍ᠯᠢ ᠬᠡᠯᠡᠨ ᠤ | ᠡᠯᠧᠺᠲᠷᠣᠨ ᠲᠣᠯᠢ ᠪᠢᠴᠢᠭ︾ ᠢ ᠨᠠᠶᠢᠷᠠᠭᠤᠯᠬᠤ ᠢᠨᠵᠧᠨᠧᠷᠢᠩ ᠢ ᠡᠬᠢᠯᠡᠭᠦᠯᠵᠦ᠂ ︽ᠡᠸᠡᠩᠬᠢ ᠮᠣᠩᠭᠤᠯ ᠲᠣᠯᠢ ᠪᠢᠴᠢᠭ︾ ᠢᠶᠠᠷ ᠡᠬᠡ ᠳᠡᠪᠲᠡᠷ ᠪᠤᠯᠭᠠᠵᠤ᠂ ᠡᠸᠡᠩᠬᠢ | ᠬᠡᠯᠡ᠂ ᠮᠣᠩᠭᠤᠯ ᠬᠡᠯᠡ᠂ ᠬᠢᠲᠠᠳ ᠬᠡᠯᠡ᠂ ᠠᠩᠭ᠍ᠯᠢ ᠬᠡᠯᠡ ᠵᠡᠷᠭᠡ ᠳᠥᠷᠪᠡᠨ ᠵᠦᠢᠯ ᠤᠨ ᠬᠡᠯᠡ ᠶᠢ ᠬᠠᠷᠢᠴᠠᠭᠤᠯᠤᠭᠰᠠᠨ ᠡᠯᠧᠺᠲᠷᠣᠨ ᠲᠣᠯᠢ ᠪᠢᠴᠢᠭ ᠢ ᠡᠬᠢᠯᠡᠨ | ᠰᠤᠳᠤᠯᠵᠤ ᠦᠢᠯᠡᠳᠦᠭᠰᠡᠨ ᠪᠠᠶᠢᠨ᠎ᠠ᠃ | 2007 ᠣᠨ ᠤ 7 ᠰᠠᠷ᠎ᠠ ᠳᠤ᠂ ᠳ᠋ᠦ᠋·ᠳᠣᠷᠵᠢ ᠠᠭᠰᠠᠨ ᠤ ᠡᠷᠭᠢᠯᠡᠨ ᠨᠠᠶᠢᠷᠠᠭᠤᠯᠤᠭᠰᠠᠨ 55 ᠲᠦᠮᠡᠨ ᠦᠰᠦᠭ ᠲᠠᠢ ︽ᠡᠸᠡᠩᠬᠢ ᠭᠠᠵᠠᠷ ᠤᠨ ᠨᠡᠷ᠎ᠡ ᠶᠢᠨ | ᠰᠤᠳᠤᠯᠤᠯ︾ ᠬᠡᠮᠡᠬᠦ ᠨᠣᠮ ᠢ ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ ᠲᠤᠰ ᠨᠣᠮ ᠳᠤ ᠳᠤᠮᠳᠠᠳᠤ ᠤᠯᠤᠰ ᠤᠨ ᠬᠢᠯᠢ ᠳᠣᠲᠣᠷᠠᠬᠢ | ᠡᠸᠡᠩᠬᠢ ᠦᠨᠳᠦᠰᠦᠲᠡᠨ ᠤ ᠣᠷᠣᠰᠢᠨ ᠠᠮᠢᠳᠤᠷᠠᠵᠤ ᠥᠩᠭᠡᠷᠡᠭᠰᠡᠨ ᠭᠠᠵᠠᠷ ᠣᠷᠣᠨ᠂ ᠠᠭᠤᠯᠠ ᠰᠢᠭᠤᠢ᠂ ᠭᠤᠣᠯ ᠮᠥᠷᠡᠨ᠂ ᠠᠶᠢᠯ ᠲᠣᠰᠬᠤᠨ ᠢ ᠣᠷᠣᠭᠤᠯᠵᠠᠢ᠃ | ᠨᠠᠶᠢᠷᠠᠭᠤᠯᠤᠭᠴᠢ ᠠᠴᠠ ᠡᠸᠡᠩᠬᠢ ᠬᠡᠯᠡᠨ ᠤ ᠦᠭᠡ ᠶᠢᠨ ᠭᠠᠷᠤᠯ ᠢ ᠰᠢᠯᠭᠠᠨ ᠨᠤᠲᠠᠯᠠᠬᠤ ᠡᠭᠦᠳᠡᠨ ᠠᠴᠠ ᠡᠳᠡᠭᠡᠷ ᠭᠠᠵᠠᠷ ᠤᠨ ᠨᠡᠷ᠎ᠡ ᠶᠢᠨ ᠡᠭᠦᠰᠦᠯ ᠭᠠᠷᠤᠯ ᠤᠨ | ᠲᠤᠬᠠᠢ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠲᠠᠶᠢᠯᠪᠤᠷᠢ ᠳᠤ ᠲᠡᠦᠬᠡ᠂ ᠭᠠᠵᠠᠷ ᠵᠦᠢ᠂ ᠰᠣᠶᠣᠯ᠂ ᠱᠠᠰᠢᠨ ᠰᠤᠷᠲᠠᠬᠤᠨ᠂ ᠵᠠᠰᠠᠭ ᠵᠠᠬᠢᠷᠭᠠᠨ ᠤ ᠪᠠᠶᠢᠭᠤᠯᠤᠮᠵᠢ ᠶᠢᠨ | ᠤᠯᠠᠷᠢᠯ ᠬᠤᠪᠢᠰᠤᠯ ᠵᠡᠷᠭᠡ ᠲᠠᠯ᠎ᠠ ᠶᠢᠨ ᠡᠯᠪᠡᠭ ᠪᠠᠶᠠᠯᠢᠭ ᠮᠡᠳᠡᠭᠡ ᠵᠠᠩᠭᠢ ᠶᠢ ᠠᠭᠤᠯᠵᠤ᠂ ᠬᠠᠮᠢᠶ᠎ᠠ ᠪᠦᠬᠦᠢ ᠬᠦᠷᠢᠶᠡᠨ ᠤ ᠡᠷᠳᠡᠮ ᠰᠢᠨᠵᠢᠯᠡᠭᠡᠨ ᠤ ᠰᠤᠳᠤᠯᠭᠠᠨ ᠳᠤ | ᠴᠢᠬᠤᠯᠠ ᠯᠠᠪᠯᠠᠯᠲᠠ ᠶᠢᠨ ᠦᠨ᠎ᠡ ᠥᠷᠲᠡᠭ ᠲᠠᠢ ᠪᠠᠶᠢᠵᠤ᠂ ᠳᠤᠮᠳᠠᠳᠤ ᠤᠯᠤᠰ ᠤᠨ ᠤᠮᠠᠷᠠᠲᠤ ᠣᠷᠣᠨ᠂ ᠴᠢᠨᠠᠭᠰᠢᠯᠠᠪᠠᠯ ᠵᠡᠭᠦᠨ ᠠᠽᠢᠶ᠎ᠠ᠂ ᠵᠡᠭᠦᠨ ᠬᠤᠶᠢᠲᠤ | ᠠᠽᠢᠶ᠎ᠠ ᠶᠢᠨ ᠭᠠᠵᠠᠷ ᠣᠷᠣᠨ ᠤ ᠲᠡᠦᠬᠡ ᠬᠢᠭᠡᠳ ᠬᠥᠮᠥᠨ ᠰᠣᠶᠣᠯ ᠤᠨ ᠰᠤᠳᠤᠯᠭᠠᠨ ᠢ ᠰᠢᠨ᠎ᠡ ᠬᠠᠷᠠᠭᠠᠰᠤ ᠠᠴᠠ ᠬᠠᠷᠠᠬᠤ ᠣᠷᠣᠨ ᠵᠠᠢ ᠣᠯᠭᠤᠭᠰᠠᠨ ᠪᠠᠶᠢᠨ᠎ᠠ᠃ | | | |