ᠬᠤᠶᠠᠳᠤᠭᠠᠷ ᠪᠦᠯᠦᠭ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠠᠷᠪᠠᠨ ᠬᠤᠶᠠᠳᠤᠭᠠᠷ ᠵᠦᠢᠯ᠄ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠣᠷᠣᠨ ᠰᠠᠭᠤᠴᠠ ᠶᠢᠨ | ᠪᠠᠷᠢᠯᠭ᠎ᠠ᠂ ᠬᠤᠷᠢᠶᠠᠯᠠᠯ᠂ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ᠂ ᠬᠤᠳᠠ ᠬᠥᠳᠡᠭᠡ ᠶᠢᠨ ᠵᠠᠮ | ᠵᠡᠷᠭᠡ ᠨᠢ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠰᠠᠭᠠᠳ ᠦᠭᠡᠢ | ᠲᠦᠬᠦᠬᠡᠷᠤᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠵᠢᠷᠤᠭᠯᠠᠨ ᠲᠥᠯᠥᠪᠯᠡᠵᠦ᠂ ᠵᠡᠷᠭᠡ ᠪᠠᠷ ᠪᠠᠷᠢᠵᠤ᠂ ᠵᠡᠷᠭᠡ ᠪᠠᠷ | ᠰᠢᠯᠭᠠᠨ ᠠᠪᠴᠤ᠂ ᠵᠡᠷᠭᠡ ᠪᠠᠷ ᠲᠤᠰᠢᠶᠠᠨ ᠥᠭᠴᠦ ᠬᠡᠷᠡᠭᠯᠡᠭᠦᠯᠬᠦ ᠶᠢᠨ ᠬᠠᠮᠲᠤ ᠡᠷᠬᠢᠨ ᠲᠣᠭᠤᠷᠢᠨ ᠤ ᠰᠠᠭᠠᠳ ᠦᠭᠡᠢ ᠲᠦᠬᠦᠬᠡᠷᠤᠮᠵᠢ ᠯᠦᠭᠡ ᠪᠦᠲᠦᠮᠵᠢᠲᠡᠶ | ᠵᠣᠯᠭᠠᠭᠤᠯᠵᠤ᠂ ᠨᠡᠪᠲᠡᠷᠡᠭᠦᠯᠬᠦ ᠬᠡᠷᠡᠭᠲᠡᠢ᠃ ᠰᠠᠭᠠᠳ ᠦᠭᠡᠢ ᠲᠥᠬᠦᠭᠡᠷᠦᠮᠵᠢ ᠳᠤ ᠪᠠᠷᠢᠮᠵᠢᠶ᠎ᠠ ᠳᠤ ᠨᠡᠶᠢᠴᠡᠭᠰᠡᠨ ᠰᠠᠭᠠᠳ ᠦᠭᠡᠢ ᠵᠠᠮ ᠤᠨ ᠢᠯᠡᠳᠬᠡᠮᠵᠢ ᠲᠡᠮᠳᠡᠭ | ᠲᠠᠯᠪᠢᠬᠤ ᠬᠡᠷᠡᠭᠲᠡᠢ ᠪᠥᠭᠡᠳ ᠡᠷᠬᠢᠨ ᠲᠣᠭᠤᠷᠢᠨ ᠤ ᠪᠠᠷᠢᠯᠭ᠎ᠠ ᠶᠢᠨ ᠳᠣᠲᠣᠭᠠᠳᠤ ᠶᠢᠨ ᠵᠢᠯᠤᠭᠤᠳᠬᠤ ᠢᠯᠡᠳᠬᠡᠮᠵᠢ ᠲᠡᠮᠳᠡᠭ ᠤᠨ ᠰᠢᠰᠲ᠋ᠧᠮ ᠳᠤ ᠣᠷᠣᠭᠤᠯᠬᠤ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠵᠡᠷᠭᠡ ᠨᠢᠭᠡᠴᠢ ᠶᠢᠨ | ᠲᠡᠷᠢᠭᠦᠨ ᠤ ᠣᠶᠢᠯᠠᠭᠠᠭᠳᠠᠬᠤᠨ ᠪᠠ ᠮᠡᠷᠭᠡᠵᠢᠯ ᠢ ᠬᠡᠷᠡᠭᠯᠡᠵᠦ᠂ ᠬᠥᠮᠥᠨᠴᠢᠯᠡᠭᠰᠡᠨ᠂ ᠰᠢᠰᠲ᠋ᠧᠮᠵᠢᠭᠰᠡᠨ᠂ ᠣᠶᠤᠨᠴᠢᠯᠠᠭᠰᠠᠨ ᠪᠥᠭᠡᠳ ᠡᠷᠬᠢᠨ ᠲᠣᠭᠤᠷᠢᠨ ᠤ ᠣᠷᠴᠢᠨ | ᠲᠣᠭᠤᠷᠢᠨ ᠲᠠᠢ ᠵᠣᠬᠢᠴᠠᠯᠳᠤᠭᠰᠠᠨ ᠰᠠᠭᠠᠳ ᠦᠭᠡᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠶᠢ ᠤᠯᠤᠰ ᠠᠴᠠ ᠵᠣᠷᠢᠭᠵᠢᠭᠤᠯᠤᠨ᠎ᠠ᠃ | ᠠᠷᠪᠠᠨ ᠳᠥᠷᠪᠡᠳᠦᠭᠡᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠬᠡᠴᠢ ᠨᠦᠭᠦᠳ ᠰᠠᠭᠠᠳ ᠦᠭᠡᠢ ᠲᠦᠬᠦᠬᠡᠷᠤᠮᠵᠢ ᠶᠢᠨ ᠪᠦᠲᠦᠭᠡᠨ | ᠪᠠᠶᠢᠭᠤᠯᠤᠯᠲᠠ ᠶᠢᠨ ᠵᠠᠷᠤᠳᠠᠯ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠦᠢᠮᠣ ᠲᠥᠰᠥᠪ ᠲᠤ ᠪᠠᠨ ᠣᠷᠣᠭᠤᠯᠬᠤ ᠬᠡᠷᠡᠭᠲᠡᠢ᠃ | ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠢ ᠬᠢᠨ ᠤ ᠰᠠᠭᠠᠳ ᠦᠬᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠠᠴᠠ | ᠵᠦᠷᠢᠴᠡᠭᠰᠡᠨ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠢᠨ ᠢᠯᠡ ᠪᠠᠷ ᠪᠤᠶᠤ ᠳᠠᠯᠳᠠ ᠪᠠᠷ ᠮᠡᠳᠡᠭᠳᠡᠵᠦ ᠪᠣᠯᠬᠤ ᠦᠬᠡᠢ᠃ ᠰᠢᠯᠭᠠᠵᠤ | ᠬᠦᠯᠢᠶᠡᠨ ᠠᠪᠤᠬᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠰᠠᠭᠠᠳ ᠦᠭᠡᠢ ᠲᠥᠬᠦᠭᠡᠷᠦᠮᠵᠢ ᠶᠢ ᠳᠤᠷ᠎ᠠ ᠪᠠᠷ ᠢᠶᠠᠨ ᠲᠤᠰᠢᠶᠠᠨ ᠥᠭᠴᠦ | ᠬᠡᠷᠡᠭᠯᠡᠭᠦᠯᠵᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ᠄ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠨᠢᠭᠡᠴᠢ ᠶᠢᠨ ᠬᠢᠨ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠵᠢᠷᠤᠭ ᠲᠥᠯᠥᠪᠯᠡᠭᠡ ᠬᠢᠬᠦ ᠬᠡᠷᠡᠭᠲᠡᠢ᠃ ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢ | ᠬᠠᠤᠯᠢ ᠶᠣᠰᠣᠭᠠᠷ ᠬᠢᠨᠠᠨ ᠪᠠᠶᠢᠴᠠᠭᠠᠬᠤ ᠴᠢᠬᠤᠯᠠᠲᠠᠢ ᠪᠤᠯ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ | ᠪᠠ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠤᠰᠤᠭᠠᠷ ᠰᠠᠭᠠᠳ ᠦᠭᠡᠢ ᠲᠦᠬᠦᠬᠡᠷᠤᠮᠵᠢ ᠶᠢᠨ ᠵᠢᠷᠤᠵᠤ | ᠲᠥᠯᠥᠪᠯᠡᠭᠰᠡᠨ ᠠᠭᠤᠯᠭ᠎ᠠ ᠶᠢ ᠬᠢᠨᠠᠨ ᠪᠠᠶᠢᠴᠠᠭᠠᠬᠤ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠤᠯ ᠬᠢᠨᠠᠯᠳᠠ ᠶᠢ ᠦᠡᠭᠭᠡᠷᠡᠬᠦᠯᠵᠤ ᠪᠤᠯᠬᠤ | ᠦᠭᠡᠢ᠃ | ᠠᠷᠪᠠᠨ ᠵᠢᠷᠭᠤᠳᠤᠭᠠᠷ ᠵᠦᠢᠯ᠄ ᠪᠠᠷᠢᠯᠭ᠎ᠠ ᠪᠠᠷᠢᠬᠤ ᠳᠤ ᠬᠢᠨᠠᠨ ᠬᠠᠮᠢᠶᠠᠷᠬᠤ ᠨᠢᠭᠡᠴᠢ ᠨᠦᠭᠦᠳ ᠪᠠᠷᠢᠯᠭ᠎ᠠ ᠶᠢᠨ ᠵᠢᠷᠤᠭ ᠲᠦᠯᠤᠪᠯᠡᠭᠡ ᠪᠢᠴᠢᠭ ᠮᠠᠲ᠋ᠧᠷᠢᠶᠠᠯ ᠪᠠ | ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠪᠠᠷᠢᠬᠤ ᠶᠢ ᠬᠢᠨᠠᠨ ᠬᠠᠮᠢᠶᠠᠷᠬᠤ ᠬᠡᠷᠡᠭᠲᠡᠢ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠠᠭᠠᠳ | ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠰᠢᠯᠭᠠᠨ ᠠᠪᠬᠤ ᠠᠵᠢᠯ | ᠥᠷᠨᠢᠭᠦᠯᠦᠭᠰᠡᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠤᠯ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠲᠠᠩᠰᠠᠯᠠᠬᠰᠠᠨ ᠭᠠᠷᠳᠠᠮ ᠢ | ᠭᠦᠢᠴᠡᠳᠬᠡᠵᠦ ᠥᠭᠬᠦ ᠦᠭᠡᠢ᠃ | ᠠᠷᠪᠠᠨ ᠳᠣᠯᠣᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ | ᠵᠡᠷᠭᠡ ᠵᠠᠩᠭᠢᠯᠠᠭ᠎ᠠ ᠳᠤ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠤᠯᠤᠨ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ | ᠵᠣᠬᠢᠶᠠᠨ ᠪᠠᠶᠢᠭᠤᠯᠤᠯᠲᠠ ᠶᠢ ᠤᠷᠢᠵᠤ ᠰᠠᠨᠠᠯ ᠬᠤᠷᠢᠶᠠᠬᠤ ᠪᠠ ᠪᠡᠶᠡᠴᠢᠯᠡᠨ ᠤᠶᠢᠯᠠᠭᠠᠵᠤ ᠲᠤᠷᠰᠢᠨ ᠬᠡᠷᠡᠭᠯᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠬᠤ ᠶᠢ | ᠤᠯᠤᠰ ᠠᠴᠠ ᠵᠣᠷᠢᠭᠵᠢᠭᠤᠯᠤᠨ᠎ᠠ᠃ | ᠠᠷᠪᠠᠨ ᠨᠠᠢᠮᠠᠳᠤᠭᠠᠷ ᠵᠦᠢᠯ᠄ ᠨᠢᠭᠡᠨᠲᠡ ᠪᠠᠶᠢᠭ᠎ᠠ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠦᠯᠦ ᠨᠡᠶᠢᠴᠡᠬᠦ ᠣᠷᠣᠨ ᠰᠠᠭᠤᠴᠠ ᠶᠢᠨ ᠪᠠᠷᠢᠯᠭ᠎ᠠ᠂ ᠬᠤᠷᠢᠶᠠᠯᠠᠯ᠂ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ | ᠲᠥᠬᠦᠭᠡᠷᠦᠮᠵᠢ᠂ ᠬᠤᠳᠠ ᠬᠥᠳᠡᠭᠡ ᠶᠢᠨ ᠵᠠᠮ ᠵᠡᠷᠭᠡ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ | ᠦᠨᠳᠦᠰᠦᠯᠡᠨ᠂ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠨ ᠵᠠᠰᠠᠬᠤ ᠬᠠᠨᠳᠤᠯᠭᠠᠲᠤ ᠴᠢᠨᠠᠷᠲᠠᠢ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠠᠵᠢᠯ ᠢ ᠥᠮᠴᠢᠯᠡᠯ ᠤᠨ ᠡᠷᠬᠡᠲᠦ ᠬᠥᠮᠥᠨ ᠪᠤᠶᠤ ᠬᠠᠮᠢᠶᠠᠷᠤᠬᠴᠢ ᠨᠢ | ᠬᠠᠷᠢᠭᠤᠴᠠᠨ᠎ᠠ᠃ ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠶᠢᠨ ᠬᠤᠭᠤᠷᠣᠨᠳᠤ ᠪᠠᠨ ᠥᠭᠡᠷᠡᠴᠢᠯᠡᠬᠦ ᠬᠠᠷᠢᠭᠤᠴᠠᠯᠭ᠎ᠠ ᠶᠢ ᠪᠣᠯᠵᠣᠨ | ᠲᠣᠭᠲᠠᠭᠰᠠᠨ ᠪᠤᠯ ᠪᠣᠯᠵᠣᠨ ᠲᠣᠭᠲᠠᠭᠰᠠᠨ ᠬᠠᠷᠢᠭᠤᠴᠠᠯᠭ᠎ᠠ ᠲᠠᠢ ᠬᠥᠮᠥᠨ ᠨᠢ ᠬᠠᠷᠢᠭᠤᠴᠠᠨ᠎ᠠ᠃ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠨᠥᠬᠦᠴᠡᠯ ᠢ | ᠪᠦᠷᠢᠯᠳᠦᠭᠦᠯᠦᠭᠰᠡᠨ ᠦᠭᠡᠢ ᠪᠤᠯ ᠬᠠᠷᠢᠭᠤᠴᠠᠯᠭ᠎ᠠ ᠲᠠᠢ ᠬᠥᠮᠥᠨ ᠴᠢᠬᠤᠯᠠ ᠪᠦᠬᠦᠢ ᠤᠷᠤᠯᠠᠭᠤᠯᠬᠤ ᠠᠷᠭ᠎ᠠ ᠠᠪᠬᠤ ᠬᠡᠷᠡᠭᠲᠡᠢ᠃ | ᠠᠷᠪᠠ ᠶᠢᠰᠦᠳᠦᠭᠡᠷ ᠵᠦᠢ᠊ᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠡᠷ ᠪᠦᠯᠢ ᠶᠢᠨ ᠰᠠᠭᠠᠳ ᠦᠭᠡᠢ | ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠠᠮᠵᠢᠨ ᠵᠢᠯᠤᠭᠤᠳᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠵᠡᠮᠳᠡᠭᠴᠦᠳ᠂ ᠨᠠᠰᠤᠲᠠᠶᠢᠴᠤᠳ ᠤᠨ ᠭᠡᠷ ᠪᠦᠯᠢ ᠳᠤ | ᠵᠣᠬᠢᠬᠤ ᠨᠥᠬᠦᠪᠦᠷᠢ ᠥᠭᠬᠦ ᠬᠡᠷᠡᠭᠲᠡᠢ᠃ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ᠂ ᠣᠷᠣᠨ ᠰᠠᠭᠤᠴᠠ ᠶᠢᠨ ᠲᠣᠭᠤᠷᠢᠭ ᠤᠨ | ᠬᠠᠮᠢᠶᠠᠷᠤᠯᠲᠠ ᠦᠢᠯᠡᠴᠢᠯᠡᠭᠡᠨ ᠤ ᠨᠢᠭᠡᠴᠢ ᠪᠤᠯᠤᠨ ᠥᠮᠴᠢᠲᠡᠨ ᠤ ᠵᠦᠪᠯᠡᠯ ︵业主委员会︶ ᠤᠨ ᠬᠢᠨ ᠭᠡᠷ ᠪᠦᠯᠢ ᠶᠢᠨ ᠰᠠᠭᠠᠳ ᠦᠭᠡᠢ | ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠬᠦ ᠶᠢᠨ ᠬᠠᠮᠲᠤ ᠬᠠᠮᠵᠢᠯᠴᠠᠬᠤ ᠬᠡᠷᠡᠭᠲᠡᠢ᠃ | ᠬᠤᠷᠢᠳᠤᠭᠠᠷ ᠵᠦᠢᠯ᠄ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ ᠨᠦᠭᠦᠳ ᠬᠤᠯᠪᠣᠭᠳᠠᠯ ᠪᠦᠬᠦᠢ ᠪᠠᠷᠢᠮᠵᠢᠶ᠎ᠠ ᠪᠠ ᠱᠠᠭᠠᠷᠳᠠᠯᠭ᠎ᠠ | ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠪᠠᠶᠢᠭᠤᠯᠬᠤ ᠪᠠ ᠥᠭᠡᠷᠡᠴᠢᠯᠡᠬᠦ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠶᠢᠨ ᠠᠵᠢᠯ ᠣᠯᠬᠤ ᠲᠠᠯᠠᠪᠤᠷ ᠤᠨ ᠰᠠᠭᠠᠳ | ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠬᠦ ᠶᠢ ᠤᠯᠤᠰ ᠠᠴᠠ ᠵᠣᠷᠢᠭᠵᠢᠭᠤᠯᠤᠨ ᠲᠡᠮᠵᠢᠵᠤ᠂ ᠵᠡᠮᠳᠡᠭ ᠠᠵᠢᠯᠲᠠᠨ | ᠠᠵᠢᠯᠴᠢᠨ ᠳᠤ ᠴᠢᠬᠤᠯᠠ ᠪᠦᠬᠦᠢ ᠬᠥᠳᠡᠯᠮᠦᠷᠢ ᠶᠢᠨ ᠨᠥᠬᠦᠴᠡᠯ ᠪᠠ ᠲᠦᠬᠦᠮ ᠦᠵᠡᠭᠦᠯᠦᠨ᠎ᠡ᠃ | ᠬᠤᠷᠢᠨ ᠨᠢᠭᠡᠳᠦᠭᠡᠷ ᠵᠦᠢᠯ᠄ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠬᠡᠬᠡᠪᠤᠷᠢ ᠶᠢᠨ ᠲᠥᠬᠦᠭᠡᠷᠦᠮᠵᠢ ᠪᠠ | ᠬᠤᠷᠢᠶᠠᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ | ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠥᠬᠦᠭᠡᠷᠦᠮᠵᠢ ᠶᠢ ᠢᠵᠢ | ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠢ᠃ ᠡᠮᠦᠨ᠎ᠡ ᠦᠬᠦᠯᠡᠭᠰᠡᠨ ᠨᠢᠬᠡᠨᠳᠡ ᠪᠠᠶᠢᠭ᠎ᠠ ᠪᠠᠷᠢᠯᠭ᠎ᠠ᠂ ᠲᠠᠯᠠᠪᠤᠷ ᠭᠠᠵᠠᠷ ᠪᠠ ᠲᠥᠬᠦᠭᠡᠷᠦᠮᠵᠢ ᠨᠢ ᠰᠠᠭᠠᠳ | ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠤ ᠨᠡᠶᠢᠴᠡᠪᠡᠯ ᠴᠢᠬᠤᠯᠠ ᠪᠦᠬᠦᠢ ᠥᠭᠡᠷᠡᠴᠢᠯᠡᠯᠲᠡ ᠬᠢᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ᠄ ᠬᠤᠳᠠ ᠪᠠᠯᠭᠠᠰᠤᠨ ᠤ ᠬᠠᠭᠤᠴᠢᠨ ᠬᠤᠷᠢᠶᠠᠯᠠᠯ ᠤᠨ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ | ᠪᠤᠰᠤᠳ ᠰᠠᠭᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠶᠢ ᠤᠯᠤᠰ ᠠᠴᠠ ᠲᠡᠮᠵᠢᠵᠤ᠂ ᠵᠡᠮᠳᠡᠭᠴᠦᠳ᠂ ᠨᠠᠰᠤᠲᠠᠶᠢᠴᠤᠳ ᠲᠤ ᠲᠦᠬᠦᠮ ᠦᠵᠡᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠯᠤᠨ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠭ᠎ᠠ ᠠᠪᠴᠤ ᠪᠠᠶᠢᠭᠠᠳ | ᠨᠥᠬᠦᠴᠡᠯ ᠪᠦᠷᠢᠯᠳᠤᠬᠦᠯᠵᠤ ᠦᠭᠭᠦ ᠶᠢᠨ ᠬᠠᠮᠲᠤ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ | ᠨᠢᠭᠡᠨᠲᠡ ᠪᠠᠶᠢᠭ᠎ᠠ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠰᠠᠭᠠᠳ ᠦᠭᠡᠢ ᠪᠤᠰᠤᠳ ᠲᠥᠬᠦᠭᠡᠷᠦᠮᠵᠢ ᠨᠡᠮᠡᠵᠦ ᠤᠭᠰᠠᠷᠠᠬᠤ ᠶᠢ | ᠠᠬᠢᠭᠤᠯᠬᠤ ᠬᠡᠷᠡᠭᠲᠡᠢ᠃ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠬᠥᠷᠰᠢ ᠬᠤᠭᠤᠷᠤᠨᠳᠤ ᠪᠠᠨ ᠰᠠᠶᠢᠬᠠᠨ ᠶᠠᠪᠤᠯᠴᠠᠬᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠡᠪᠲᠡᠷᠡᠯᠴᠡᠨ ᠵᠥᠪᠳᠡᠯᠴᠡᠬᠦ ᠪᠠᠨ ᠴᠢᠩᠭᠠᠳᠬᠠᠵᠤ᠂ | ᠨᠢᠭᠡᠨᠲᠡ ᠪᠠᠶᠢᠭ᠎ᠠ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠪᠤᠰᠤᠳ ᠰᠠᠭᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠳᠤ | ᠬᠠᠤᠯᠢ ᠶᠣᠰᠣᠭᠠᠷ ᠬᠠᠮᠵᠢᠯᠴᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ | ᠨᠥᠬᠦᠴᠡᠯ ᠢ ᠪᠦᠷᠢᠯᠳᠦᠭᠦᠯᠦᠭᠰᠡᠨ ᠬᠤᠳᠠ ᠶᠢᠨ ᠭᠤᠣᠯ ᠵᠠᠮ᠂ ᠭᠤᠣᠯ ᠬᠤᠳᠠᠯᠳᠤᠭᠠᠨ ᠤ ᠲᠣᠭᠤᠷᠢᠭ ᠪᠠ ᠲᠣᠮᠣ ᠬᠡᠯᠪᠡᠷᠢ ᠶᠢᠨ ᠬᠤᠷᠢᠶᠠᠯᠠᠯ ᠤᠨ ᠶᠠᠪᠠᠭᠠᠨ ᠤ | ᠬᠥᠭᠦᠷᠭᠡ ᠪᠠ ᠶᠠᠪᠠᠭᠠᠨ ᠤ ᠨᠦᠬᠡᠨ ᠵᠠᠮ ᠢ ᠪᠠᠶᠢᠭᠤᠯᠬᠤ ᠳᠤ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ | ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠪᠦᠲᠦᠭᠡᠨ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠬᠡᠷᠡᠭᠲᠡᠢ᠃ ᠬᠤᠳᠠ ᠶᠢᠨ ᠭᠤᠣᠯ ᠵᠠᠮ᠂ ᠭᠤᠣᠯ | ᠬᠤᠳᠠᠯᠳᠤᠭᠠᠨ ᠤ ᠲᠣᠭᠤᠷᠢᠭ ᠵᠡᠷᠭᠡ ᠰᠠᠭᠠᠳ ᠦᠭᠡᠢ ᠲᠦᠬᠦᠬᠡᠷᠤᠮᠵᠢ ᠶᠢᠨ ᠬᠡᠷᠡᠭᠴᠡᠭᠡ ᠨᠡᠯᠢᠶᠡᠳ ᠲᠥᠪᠯᠡᠷᠡᠭᠰᠡᠨ ᠣᠷᠣᠨ ᠤ ᠶᠠᠪᠠᠭᠠᠨ ᠤ ᠵᠠᠮ ᠳᠤ ᠪᠠᠷᠢᠮᠵᠢᠶ᠎ᠠ | ᠶᠣᠰᠣᠭᠠᠷ ᠰᠣᠬᠤᠷ ᠬᠥᠮᠥᠨ ᠤ ᠵᠠᠮ ᠭᠠᠷᠭᠠᠬᠤ ᠬᠡᠷᠡᠭᠲᠡᠢ᠃ ᠬᠤᠳᠠ ᠶᠢᠨ ᠲᠥᠪ ᠲᠣᠭᠤᠷᠢᠭ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ | ᠪᠣᠯᠣᠨ ᠲᠥᠪᠯᠡᠷᠡᠭᠦᠯᠦᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠶᠠᠪᠠᠭᠠᠨ ᠤ ᠬᠥᠨᠳᠡᠯᠡᠨ ᠵᠠᠮ ᠤᠨ ᠳᠤᠬᠢᠶᠠᠨ ᠤ ᠲᠥᠬᠦᠭᠡᠷᠦᠮᠵᠢ ᠳᠤ ᠵᠠᠮ | ᠤᠬᠳᠤᠯᠬᠤ ᠳᠠᠭᠤ ᠴᠢᠮᠡᠭᠡᠨ ᠤ ᠰᠠᠨᠠᠭᠤᠯᠤᠮᠵᠢ ᠶᠢᠨ ᠲᠥᠬᠦᠭᠡᠷᠦᠮᠵᠢ ᠶᠢ ᠪᠠᠷᠢᠮᠵᠢᠶ᠎ᠠ ᠶᠣᠰᠣᠭᠠᠷ ᠤᠭᠰᠠᠷᠠᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ᠄ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠶᠣᠰᠣᠭᠠᠷ ᠲᠡᠷᠭᠡᠨ | ᠵᠣᠭᠰᠣᠭᠠᠯ ᠲᠡᠬᠡᠷ᠎ᠡ ᠲᠡᠷᠭᠡ ᠵᠣᠭᠰᠤᠭᠠᠬᠤ ᠰᠠᠭᠠᠳ ᠦᠭᠡᠢ ᠪᠠᠶᠢᠷᠢ ᠪᠠᠶᠢᠷᠢᠯᠠᠭᠤᠯᠬᠤ ᠶᠢᠨ ᠬᠠᠮᠲᠤ ᠢᠯᠡᠷᠬᠡᠢ ᠲᠡᠮᠳᠡᠭ ᠭᠠᠷᠭᠠᠬᠤ ᠬᠡᠷᠡᠭᠲᠡᠢ᠃ ᠲᠡᠷᠭᠡ ᠵᠣᠭᠰᠣᠬᠤ | ᠰᠠᠭᠠᠳ ᠦᠭᠡᠢ ᠪᠠᠶᠢᠷᠢ ᠶᠢ ᠵᠡᠮᠳᠡᠭᠴᠤᠳ ᠤᠨ ᠵᠢᠯᠤᠭᠤᠳᠴᠤ ᠪᠠᠶᠢᠭ᠎ᠠ ᠪᠤᠶᠤ ᠰᠠᠭᠤᠵᠤ ᠪᠠᠶᠢᠭ᠎ᠠ ᠪᠠᠶᠢᠭ᠎ᠠ ᠮᠠᠰᠢᠨ ᠲᠡᠷᠭᠡᠨᠴᠢᠷ ᠳᠤ ᠤᠷᠢᠳ ᠢᠶᠠᠷ ᠬᠡᠷᠡᠭᠯᠡᠭᠦᠯᠦᠨ᠎ᠡ᠃ | ᠲᠡᠷᠭᠡ ᠵᠣᠭᠰᠤᠭᠠᠬᠤ ᠰᠠᠭᠠᠳ ᠦᠭᠡᠢ ᠪᠠᠶᠢᠷᠢ ᠶᠢ ᠤᠷᠢᠳ ᠢᠶᠠᠷ ᠬᠡᠷᠡᠭᠯᠡᠭᠴᠢᠳ ᠲᠤ ᠵᠡᠮᠳᠡᠭᠴᠦᠳ ᠤᠨ ᠲᠡᠷᠭᠡ ᠬᠥᠰᠬᠡ ᠶᠢᠨ ᠲᠤᠰᠬᠠᠢ ᠬᠡᠷᠡᠭᠯᠡᠬᠦ ᠲᠡᠮᠳᠡᠭ ᠲᠠᠯᠪᠢᠬᠤ | ᠪᠤᠶᠤ ᠵᠡᠮᠳᠡᠭᠴᠦᠳ ᠤᠨ ᠦᠨᠡᠮᠯᠡᠯ ᠬᠠᠩᠭᠠᠬᠤ ᠬᠡᠷᠡᠭᠲᠡᠢ᠃ ᠲᠡᠷᠭᠡ ᠵᠣᠭᠰᠣᠬᠤ ᠰᠠᠭᠠᠳ ᠦᠭᠡᠢ ᠪᠠᠶᠢᠷᠢ ᠭᠦᠢᠴᠡᠳ ᠪᠠᠶᠢᠬᠤ ᠪᠠᠶᠢᠳᠠᠯ ᠳᠤ ᠬᠥᠳᠡᠯᠵᠦ | ᠪᠠᠷᠢᠬᠤ ᠳᠤ ᠪᠠᠨ ᠲᠦᠬᠦᠮ ᠦᠭᠡᠢ ᠪᠤᠰᠤᠳ ᠵᠡᠮᠳᠡᠭᠴᠦᠳ᠂ ᠨᠠᠰᠤᠲᠠᠶᠢᠴᠤᠳ᠂ ᠵᠢᠷᠮᠦᠰᠦᠨ ᠪᠦᠰᠡᠬᠦᠢ᠂ ᠨᠢᠯᠬ᠎ᠠ ᠪᠠᠯᠴᠢᠷ ᠬᠡᠦᠬᠡᠳ ᠤᠨ ᠵᠢᠯᠤᠭᠤᠳᠬᠤ ᠪᠤᠶᠤ | ᠰᠠᠭᠤᠬᠤ ᠮᠠᠰᠢᠨ ᠢ ᠴᠦ ᠵᠤᠬᠰᠤᠭᠠᠵᠤ ᠪᠣᠯᠣᠨ᠎ᠠ᠃ | ᠬᠤᠷᠢᠨ ᠲᠠᠪᠤᠳᠤᠭᠠᠷ ᠵᠦᠢᠯ᠄ ᠡᠵᠡᠩᠨᠡᠯᠲᠡ ᠳᠤ ᠰᠢᠨ᠎ᠡ ᠪᠠᠷ ᠣᠷᠣᠭᠤᠯᠤᠭᠰᠠᠨ ᠠᠶᠠᠨᠴᠢᠨ ᠤ ᠨᠢᠰᠬᠡᠯ᠂ ᠠᠶᠠᠨᠴᠢᠳ ᠤᠨ ᠭᠠᠯᠲᠤ ᠲᠡᠷᠭᠡ᠂ ᠠᠶᠠᠨᠴᠢᠳ ᠤᠨ | ᠲᠡᠭᠡᠭᠡᠪᠦᠷᠢ ᠶᠢᠨ ᠣᠩᠭᠤᠴᠠ ᠰᠠᠯ᠂ ᠤᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡ᠂ ᠬᠤᠳᠠ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠵᠡᠷᠭᠡ ᠤᠯᠠᠨ | ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠵᠣᠬᠢᠬᠤ ᠬᠠᠷᠢᠴᠠᠯ ᠢᠶᠠᠷ ᠰᠠᠭᠠᠳ ᠦᠭᠡᠢ ᠪᠠᠷᠢᠮᠵᠢᠶ᠎ᠠ ᠳᠤ ᠨᠡᠶᠢᠴᠡᠬᠦᠯᠬᠦ ᠬᠡᠷᠡᠭᠲᠡᠢ᠃ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠨᠢ ᠥᠭᠡᠷᠡᠴᠢᠯᠡᠬᠦ ᠨᠥᠬᠦᠴᠡᠯ ᠢ ᠪᠦᠷᠢᠯᠳᠤᠬᠦᠯᠪᠡᠯ ᠰᠠᠭᠠᠳ ᠦᠭᠡᠢ ᠶᠢᠨ ᠥᠭᠡᠷᠡᠴᠢᠯᠡᠯᠲᠡ | ᠬᠢᠵᠦ᠂ ᠠᠯᠬᠤᠮ ᠠᠯᠬᠤᠮ ᠢᠶᠠᠷ ᠰᠠᠭᠠᠳ ᠦᠭᠡᠢ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠥᠭᠡᠷᠡᠴᠢᠯᠡᠬᠦ ᠨᠥᠬᠦᠴᠡᠯ ᠢ ᠪᠦᠷᠢᠳᠦᠭᠦᠯᠦᠭᠰᠡᠨ | ᠦᠭᠡᠢ ᠪᠣᠯ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠶᠢᠨ ᠡᠵᠡᠩᠨᠡᠯᠲᠡ ᠶᠢᠨ ᠨᠢᠬᠡᠴᠢ ᠨᠦᠭᠦᠳ ᠴᠢᠬᠤᠯᠠ ᠪᠦᠬᠦᠢ ᠤᠷᠤᠭᠠᠤᠯᠬᠤ ᠠᠷᠭ᠎ᠠ | ᠠᠪᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠬᠠᠢ ᠶᠢᠨ ᠭᠠᠵᠠᠷ ᠤᠨ | ᠪᠠᠶᠢᠳᠠᠯ ᠢᠶᠠᠨ ᠦᠨᠳᠦᠰᠦᠯᠡᠨ ᠬᠤᠳᠠ ᠶᠢᠨ ᠰᠠᠭᠠᠳ ᠤᠶᠢᠭᠡᠢ ᠨᠡᠶᠢᠲᠡ ᠶᠢᠨ ᠮᠠᠰᠢᠨ ᠲᠡᠷᠭᠡᠨ ᠤ ᠵᠠᠮᠴᠢᠯᠠᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ | ᠰᠠᠭᠠᠳ ᠦᠬᠡᠢ ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ᠄ ᠬᠠᠷᠰᠢ ᠦᠭᠡᠢ ᠲᠦᠬᠦᠬᠡᠷᠤᠮᠵᠢ ᠶᠢᠨ ᠥᠮᠴᠢᠯᠡᠬᠦ ᠡᠷᠬᠡᠲᠦ ᠬᠥᠮᠥᠨ ᠪᠤᠶᠤ ᠬᠠᠮᠢᠶᠠᠷᠤᠬᠴᠢ ᠨᠢ ᠰᠠᠭᠠᠳ ᠦᠭᠡᠢ | ᠲᠦᠬᠦᠬᠡᠷᠤᠮᠵᠢ ᠳᠤ ᠲᠠᠷᠠᠭᠠᠬᠢ ᠮᠡᠲᠦ ᠬᠠᠮᠠᠭᠠᠯᠠᠬᠤ ᠪᠠ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠬᠡᠵᠦ᠂ ᠰᠠᠭᠠᠳ ᠦᠭᠡᠢ ᠲᠦᠬᠦᠬᠡᠷᠤᠮᠵᠢ ᠶᠢᠨ ᠴᠢᠳᠠᠮᠵᠢ ᠶᠢᠨ | ᠬᠡᠪ ᠤᠨ ᠪᠠᠶᠢᠬᠤ ᠪᠠ ᠬᠡᠷᠡᠭᠯᠡᠯᠲᠡ ᠶᠢᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠄ ︵ᠨᠢᠭᠡ︶ ᠡᠪᠳᠡᠷᠡᠵᠦ ᠰᠦᠢᠳᠦᠭᠰᠡᠨ ᠰᠠᠭᠠᠳ ᠦᠭᠡᠢ ᠲᠥᠬᠦᠭᠡᠷᠦᠮᠵᠢ | ᠪᠠ ᠢᠯᠡᠳᠬᠡᠭᠴᠢ ᠲᠡᠮᠳᠡᠭ ᠢ ᠰᠡᠯᠪᠢᠨ ᠵᠠᠰᠠᠬᠤ ᠪᠤᠶᠤ ᠰᠣᠯᠢᠬᠤ᠃ ︵ᠬᠤᠶᠠᠷ︶ ᠥᠭᠡᠷᠡᠴᠢᠯᠡᠬᠦ ᠴᠢᠬᠤᠯᠠᠲᠠᠢ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ᠃ | ︵ᠭᠤᠷᠪᠠ︶ ᠰᠠᠭᠠᠳ ᠦᠭᠡᠢ ᠲᠥᠬᠦᠭᠡᠷᠦᠮᠵᠢ ᠶᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ᠃ ︵ᠲᠦᠷᠪᠡ︶ ᠪᠤᠰᠤᠳ ᠴᠢᠬᠤᠯᠠ ᠪᠦᠬᠦᠢ | ᠬᠠᠮᠠᠭᠠᠯᠠᠯᠲᠠ ᠪᠠ ᠠᠷᠠᠴᠢᠯᠠᠯᠲᠠ ᠬᠢᠬᠦ᠃ ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠬᠤᠭᠤᠷᠣᠨᠳᠤ ᠪᠠᠨ ᠪᠤᠯᠵᠤᠬᠰᠠᠨ ᠦᠬᠡᠢ ᠪᠤᠯ | ᠪᠣᠯᠵᠣᠨ ᠲᠣᠭᠲᠠᠭᠰᠠᠨ ᠬᠠᠷᠢᠭᠤᠴᠠᠯᠭ᠎ᠠ ᠲᠠᠢ ᠬᠥᠮᠥᠨ ᠬᠠᠷᠢᠭᠤᠴᠠᠨ ᠬᠠᠮᠠᠭᠠᠯᠠᠵᠤ ᠬᠠᠮᠢᠶᠠᠷᠤᠨ᠎ᠠ᠃ | ᠬᠤᠷᠢᠨ ᠳᠣᠯᠣᠳᠤᠭᠠᠷ ᠵᠦᠢᠯ᠄ ᠤᠨᠴᠠᠭᠠᠢ ᠪᠠᠶᠢᠳᠠᠯ ᠠᠴᠠ ᠪᠣᠯᠵᠤ ᠲᠣᠬᠢᠷᠠᠭᠤᠯᠤᠭᠰᠠᠨ ᠲᠦᠷ ᠴᠠᠭ ᠤᠨ ᠰᠠᠭᠠᠳ ᠦᠭᠡᠢ ᠲᠦᠬᠦᠬᠡᠷᠤᠮᠵᠢ ᠨᠢ ᠰᠠᠭᠠᠳ | ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠬᠤᠷᠢᠨ ᠨᠠᠢᠮᠠᠳᠤᠭᠠᠷ ᠵᠦᠢᠯ᠄ | ᠶᠠᠮᠠᠷᠪᠠ ᠨᠢᠭᠡᠴᠢ ᠪᠠ ᠬᠤᠪᠢ ᠬᠥᠮᠥᠨ ᠰᠠᠭᠠᠳ ᠦᠭᠡᠢ ᠲᠥᠬᠦᠭᠡᠷᠦᠮᠵᠢ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠰᠠᠭᠠᠳ ᠦᠭᠡᠢ | ᠲᠥᠬᠦᠭᠡᠷᠦᠮᠵᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠪᠳᠡᠨ ᠰᠦᠢᠳᠬᠡᠵᠦ ᠪᠣᠯᠬᠤ ᠦᠭᠡᠢ᠃ ᠣᠨᠴᠠᠭᠠᠶ ᠪᠠᠶᠢᠳᠠᠯ ᠠᠴᠠ ᠪᠣᠯᠵᠤ ᠰᠠᠭᠠᠳ ᠦᠬᠡᠢ | ᠲᠥᠬᠦᠭᠡᠷᠦᠮᠵᠢ ᠶᠢ ᠲᠦᠢᠷ ᠴᠠᠭ ᠡᠵᠡᠯᠡᠨ ᠬᠡᠷᠡᠭᠯᠡᠭᠰᠡᠨ ᠪᠤᠯ ᠠᠯᠪᠠᠨ ᠵᠡᠷ ᠨᠡᠶᠢᠲᠡᠯᠡᠬᠦ ᠶᠢᠨ ᠬᠠᠮᠲᠤ ᠬᠠᠯᠬᠠᠪᠴᠢ ᠬᠡᠷᠡᠰᠬᠡ᠂ ᠰᠡᠷᠡᠮᠵᠢ ᠶᠢᠨ ᠲᠡᠮᠳᠡᠭ ᠪᠤᠶᠤ | ᠲᠤᠬᠢᠶᠡᠠ ᠤ ᠲᠥᠬᠦᠭᠡᠷᠦᠮᠵᠢ ᠶᠢ ᠪᠠᠶᠢᠷᠢᠯᠠᠭᠤᠯᠬᠤ ᠶᠢᠨ ᠬᠠᠮᠲᠤ ᠴᠢᠬᠤᠯᠠ ᠪᠦᠬᠦᠢ ᠤᠷᠤᠭᠤᠯᠬᠤ ᠠᠷᠭ᠎ᠠ ᠠᠪᠬᠤ ᠬᠡᠷᠡᠭᠲᠡᠢ᠃ ᠲᠦᠷ ᠴᠠᠭ ᠡᠵᠡᠯᠡᠨ ᠬᠡᠷᠡᠭᠯᠡᠬᠦ | ᠬᠤᠭᠤᠴᠠᠭ᠎ᠠ ᠨᠢ ᠲᠤᠯᠪᠠᠯ ᠤᠤᠯ ᠤᠨ ᠪᠠᠶᠢᠳᠠᠯ ᠳᠤ ᠨᠢ ᠲᠠᠷᠤᠢ ᠤᠷᠤᠭᠤᠯᠬᠤ ᠬᠡᠷᠡᠭᠲᠡᠢ᠃ | |