ᠭᠤᠷᠪᠠᠳᠤᠭᠠᠷ ᠪᠦᠯᠦᠭ ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠭ᠎ᠠ | ᠬᠤᠷᠢ ᠶᠢᠰᠦᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠯᠤᠨ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠵᠡᠮᠳᠡᠭᠴᠦᠳ᠂ ᠨᠠᠰᠤᠲᠠᠶᠢᠴᠤᠳ ᠤᠨ ᠤᠯᠠᠨ ᠨᠡᠶᠢᠲᠡ ᠶᠢᠨ ᠮᠡᠳᠡᠭᠡ ᠵᠠᠩᠭᠢ ᠶᠢ ᠣᠯᠬᠤ ᠳᠤ ᠲᠦᠬᠦᠮ ᠦᠵᠡᠭᠦᠯᠬᠦ ᠬᠡᠷᠡᠭᠲᠡᠢ᠃ ᠪᠠᠶᠢᠭᠠᠯᠢ ᠶᠢᠨ ᠭᠠᠮᠰᠢᠭ᠂ ᠠᠳᠡᠯ ᠤᠨ | ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠮᠡᠳᠡᠭᠡ | ᠵᠠᠩᠭᠢ ᠶᠢ ᠨᠡᠶᠢᠲᠡᠯᠡᠬᠦ ᠦᠶ᠎ᠡ ᠳᠤ ᠨᠥᠬᠦᠴᠡᠯ ᠪᠦᠷᠢᠳᠦᠭᠰᠡᠨ ᠪᠠᠶᠢᠪᠠᠯ ᠠᠪᠢᠶ᠎ᠠ᠂ ᠲᠣᠮᠣ ᠥᠰᠥᠭ᠂ ᠰᠣᠬᠤᠷᠴᠤᠳ ᠤᠨ ᠥᠰᠥᠭ᠂ ᠳᠣᠬᠢᠶᠠᠨ ᠤ ᠬᠡᠯᠡ ᠵᠡᠷᠭᠡ | ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠬᠤ ᠠᠷᠭ᠎ᠠ ᠶᠢ ᠵᠡᠷᠭᠡ ᠪᠠᠷ ᠬᠡᠷᠡᠭᠯᠡᠨ᠎ᠡ᠃ | ᠭᠤᠴᠢᠳᠤᠭᠠᠷ ᠵᠦᠢᠯ᠄ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠠᠶᠢᠭᠤᠯᠤᠭᠰᠠᠨ ᠲᠧᠯᠸᠢᠰ ᠬᠤᠷᠢᠶ᠎ᠠ ᠲᠧᠯᠸᠢᠰ ᠤᠨ ᠫᠷᠣᠭ᠍ᠷᠠᠮ ᠢ | ᠨᠡᠪᠲᠡᠷᠡᠭᠦᠯᠬᠦ ᠳᠤ ᠪᠠᠨ ᠢᠵᠢᠯᠢ ᠠᠯᠬᠤᠮᠲᠤ ᠦᠰᠦᠭ ᠤᠨ ᠬᠥᠰᠢᠭᠡ ᠲᠣᠬᠢᠷᠠᠭᠤᠯᠵᠤ᠂ ᠨᠥᠬᠦᠴᠡᠯ ᠪᠦᠷᠢᠳᠦᠭᠰᠡᠨ ᠪᠠᠶᠢᠪᠠᠯ ᠲᠤᠬᠢᠶᠠᠨ ᠤ ᠬᠡᠯᠡ ᠪᠠᠷ ᠨᠡᠪᠲᠡᠷᠡᠭᠦᠯᠬᠦ | ᠰᠣᠨᠢᠨ ᠮᠡᠳᠡᠭᠡᠨ ᠤ ᠫᠷᠣᠭ᠍ᠷᠠᠮ ᠢ ᠡᠳᠦᠷ ᠪᠦᠷᠢ ᠠᠳᠠᠭ ᠲᠤ ᠪᠠᠨ ᠨᠢᠭᠡ ᠤᠳᠠᠭ᠎ᠠ ᠨᠡᠪᠲᠡᠷᠡᠭᠦᠯᠬᠦ ᠶᠢᠨ ᠬᠠᠮᠲᠤ ᠲᠤᠬᠢᠶᠠᠨ ᠤ ᠬᠡᠯᠡ ᠪᠠᠷ ᠨᠡᠪᠲᠡᠷᠡᠭᠦᠯᠬᠦ ᠫᠷᠣᠭ᠍ᠷᠠᠮ ᠤᠨ | ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠢ᠃ ᠢᠯᠡ ᠪᠠᠷ ᠬᠡᠪᠯᠡᠨ ᠲᠠᠷᠬᠠᠭᠠᠬᠤ ᠺᠢᠨᠣ᠋ ᠲᠧᠯᠸᠢᠰ ᠤᠨ ᠲᠦᠷᠦᠯ ᠤᠨ ᠳᠦᠷᠰᠦ ᠰᠢᠩᠭᠡᠭᠡᠯᠲᠡ ᠶᠢᠨ | ᠪᠦᠲᠦᠭᠡᠭᠳᠡᠬᠦᠨ᠂ ᠰᠦᠯᠵᠢᠶᠡᠨ ᠤ ᠸᠢᠳᠢᠤ᠋ ᠫᠷᠣᠭ᠍ᠷᠠᠮ ᠳᠤ ᠦᠰᠦᠭ ᠤᠨ ᠬᠥᠰᠢᠭᠡ᠂ ᠲᠤᠬᠢᠶᠠᠨ ᠤ ᠬᠡᠯᠡ ᠪᠤᠶᠤ ᠶᠠᠷᠢᠶᠠᠨ ᠤ ᠠᠪᠢᠶᠠᠨ ᠤ ᠵᠢᠮ ᠢ ᠨᠡᠮᠡᠬᠦ ᠶᠢ | ᠤᠯᠤᠰ ᠠᠴᠠ ᠵᠣᠷᠢᠭᠵᠢᠭᠤᠯᠤᠨ᠎ᠠ᠃ | ᠭᠤᠴᠢᠨ ᠨᠢᠭᠡᠳᠦᠭᠡᠷ ᠵᠦᠢᠯ᠄ ᠢᠯᠡ ᠪᠠᠷ ᠬᠡᠪᠯᠡᠨ ᠲᠠᠷᠬᠠᠭᠠᠬᠤ ᠨᠣᠮ ᠪᠢᠴᠢᠭ᠂ ᠰᠣᠨᠢᠨ ᠰᠡᠳᠬᠦᠯ ᠳᠤ ᠳᠠᠭᠤᠲᠤ᠂ ᠲᠣᠮᠣ ᠦᠰᠦᠭ᠂ ᠰᠣᠬᠤᠷᠴᠤᠳ ᠤᠨ | ᠦᠰᠦᠭ᠂ ᠡᠯᠧᠺᠳ᠋ᠷᠣᠨ ᠵᠡᠷᠭᠡ ᠰᠠᠭᠠᠳ ᠦᠭᠡᠢ ᠬᠡᠪᠯᠡᠯ ᠲᠣᠬᠢᠷᠠᠭᠤᠯᠬᠤ ᠶᠢ ᠵᠣᠷᠢᠭᠵᠢᠭᠤᠯᠵᠤ᠂ ᠵᠡᠮᠳᠡᠭᠴᠦᠳ᠂ ᠨᠠᠰᠤᠲᠠᠶᠢᠴᠤᠳ ᠤᠨ ᠨᠣᠮ ᠤᠩᠰᠢᠬᠤ ᠳᠤ | ᠤᠯᠤᠰ ᠠᠴᠠ ᠲᠦᠬᠦᠮ ᠦᠵᠡᠭᠦᠯᠦᠨ᠎ᠡ᠃ ᠵᠢᠭᠠᠬᠤ ᠮᠠᠲ᠋ᠧᠷᠢᠶᠠᠯ ᠨᠠᠶᠢᠷᠠᠭᠤᠯᠬᠤ᠂ ᠬᠡᠪᠯᠡᠭᠦᠯᠬᠦ ᠨᠢᠭᠡᠴᠢ ᠶᠢᠨ ᠠᠳᠠᠯᠢ ᠪᠤᠰᠤ ᠰᠤᠷᠭᠠᠨ ᠬᠥᠮᠦᠵᠢᠯ ᠤᠨ ᠱᠠᠲᠤᠨ ᠤ | ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠣᠬᠤᠷᠴᠤᠳ ᠤᠨ ᠦᠰᠦᠭ ᠤᠨ ᠬᠡᠪᠯᠡᠯ᠂ ᠬᠠᠷᠠᠭ᠎ᠠ ᠮᠠᠭᠤᠳᠠᠶᠢᠴᠤᠳ ᠤᠨ ᠬᠡᠪᠯᠡᠯ ᠤᠨ ᠵᠢᠭᠠᠨ ᠰᠤᠷᠭᠠᠯᠲᠠ ᠳᠤ ᠬᠡᠷᠡᠭᠯᠡᠬᠦ | ᠨᠣᠮ ᠢ ᠨᠠᠶᠢᠷᠠᠭᠤᠯᠬᠤ ᠪᠠ ᠬᠡᠪᠯᠡᠭᠦᠯᠵᠦ᠂ ᠰᠣᠬᠤᠷᠴᠤᠳ ᠪᠠ ᠬᠠᠷᠠᠭᠠᠨ ᠤ ᠰᠠᠭᠠᠳ ᠲᠠᠢ ᠪᠤᠰᠤᠳ ᠰᠤᠷᠤᠭᠴᠢᠳ ᠤᠨ ᠰᠤᠷᠤᠯᠴᠠᠬᠤ ᠬᠡᠷᠡᠭᠴᠡᠭᠡ ᠶᠢ ᠬᠠᠩᠭᠠᠬᠤ ᠶᠢ | ᠤᠯᠤᠰ ᠠᠴᠠ ᠵᠣᠷᠢᠭᠵᠢᠭᠤᠯᠤᠨ᠎ᠠ᠃ | ᠭᠤᠴᠢᠨ ᠬᠤᠶᠠᠳᠤᠭᠠᠷ ᠵᠦᠢᠯ᠄ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠠᠶᠢᠭᠤᠯᠤᠭᠰᠠᠨ ᠢᠨᠲ᠋ᠧᠷ ᠰᠦᠯᠵᠢᠶ᠎ᠡ ᠶᠢᠨ ᠲᠠᠪᠴᠠᠩ᠂ | ᠦᠢᠯᠡᠴᠢᠯᠡᠭᠡᠨ ᠤ ᠲᠠᠪᠴᠠᠩ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠨᠢ ᠰᠠᠭᠠᠳ ᠦᠭᠡᠢ ᠰᠦᠯᠵᠢᠶᠡᠨ ᠤ ᠦᠷᠳᠡᠭᠡ ᠶᠢ ᠵᠢᠷᠤᠵᠤ ᠲᠥᠯᠥᠪᠯᠡᠬᠦ | ᠪᠠᠷᠢᠮᠵᠢᠶ᠎ᠠ ᠪᠠ ᠤᠯᠤᠰ ᠤᠨ ᠮᠡᠳᠡᠭᠡ ᠵᠠᠩᠭᠢ ᠶᠢᠨ ᠰᠠᠭᠠᠳ ᠦᠭᠡᠢ ᠪᠠᠶᠢᠬᠤ ᠪᠠᠷᠢᠮᠵᠢᠶ᠎ᠠ ᠳᠤ ᠠᠯᠬᠤᠮ ᠠᠯᠬᠤᠮ ᠢᠶᠠᠷ ᠨᠡᠶᠢᠴᠡᠬᠦ ᠬᠡᠷᠡᠭᠲᠡᠢ᠃ ᠰᠣᠨᠢᠨ ᠮᠡᠳᠡᠭᠡᠨ ᠤ | ᠮᠡᠳᠡᠭᠡ ᠵᠠᠩᠭᠢ᠂ ᠨᠡᠶᠢᠭᠡᠮ ᠤᠨ ᠬᠠᠷᠢᠯᠴᠠᠭᠠᠨ ᠤ ᠮᠡᠳᠡᠭᠡ ᠬᠤᠯᠪᠣᠭ᠎ᠠ᠂ ᠠᠮᠢᠳᠤᠷᠠᠯ ᠤᠨ ᠪᠠᠷᠠᠭ᠎ᠠ ᠬᠤᠳᠠᠯᠳᠤᠨ ᠠᠪᠬᠤ᠂ ᠡᠮ ᠡᠮᠨᠡᠯᠭᠡ ᠡᠷᠡᠭᠦᠯ ᠮᠡᠨᠳᠤ᠂ ᠮᠥᠩᠭᠦᠨ | ᠭᠦᠢᠯᠭᠡᠭᠡᠨ ᠤ ᠦᠢᠯᠡᠴᠢᠯᠡᠭᠡ᠂ ᠰᠤᠷᠤᠯᠴᠠᠯᠭ᠎ᠠ ᠬᠥᠮᠦᠵᠢᠯ᠂ ᠵᠠᠮ ᠬᠠᠷᠢᠯᠴᠠᠭ᠎ᠠ᠂ ᠶᠠᠪᠤᠵᠤ ᠰᠠᠭᠤᠬᠤ ᠵᠡᠷᠭᠡ ᠬᠦᠷᠢᠶ᠎ᠡ ᠴᠠᠷᠠᠭ᠎ᠠ ᠳᠤ ᠬᠢ ᠢᠨᠲ᠋ᠧᠷ ᠰᠦᠯᠵᠢᠶᠡᠨ ᠤ | ᠲᠠᠪᠴᠠᠩ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠢ ᠤᠯᠤᠰ ᠠᠴᠠ ᠵᠣᠷᠢᠭᠵᠢᠭᠤᠯᠵᠤ᠂ ᠰᠠᠭᠠᠳ ᠦᠭᠡᠢ ᠰᠦᠯᠵᠢᠶᠡᠨ ᠤ ᠦᠷᠳᠡᠭᠡ ᠶᠢ | ᠵᠢᠷᠤᠵᠤ ᠲᠥᠯᠥᠪᠯᠡᠬᠦ ᠪᠠᠷᠢᠮᠵᠢᠶ᠎ᠠ ᠪᠠ ᠤᠯᠤᠰ ᠤᠨ ᠮᠡᠳᠡᠭᠡ ᠵᠠᠩᠭᠢ ᠶᠢᠨ ᠰᠠᠭᠠᠳ ᠦᠭᠡᠢ ᠪᠠᠶᠢᠬᠤ ᠪᠠᠷᠢᠮᠵᠢᠶ᠎ᠠ ᠳᠤ ᠠᠯᠬᠤᠮ ᠠᠯᠬᠤᠮ ᠢᠶᠠᠷ ᠨᠡᠶᠢᠴᠡᠭᠦᠯᠦᠨ᠎ᠡ᠃ ᠵᠠᠮᠴᠢ | ᠭᠠᠵᠠᠷ ᠤᠨ ᠵᠢᠷᠤᠭ ᠤᠨ ᠣᠷᠣᠨ ᠪᠠᠶᠢᠷᠢ ᠲᠣᠭᠲᠠᠭᠠᠬᠤ ᠦᠢᠯᠡᠳᠬᠦᠨ ᠤ ᠰᠠᠭᠠᠳ ᠦᠭᠡᠢ ᠲᠥᠬᠦᠭᠡᠷᠦᠮᠵᠢ ᠶᠢᠨ ᠢᠯᠡᠳᠬᠡᠮᠵᠢ ᠲᠡᠮᠳᠡᠭ ᠪᠠ ᠰᠠᠭᠠᠳ ᠦᠭᠡᠢ | ᠠᠶᠠᠯᠠᠯ ᠤᠨ ᠵᠠᠮᠴᠢᠯᠠᠭ᠎ᠠ ᠶᠢᠨ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠶᠢ ᠤᠯᠤᠰ ᠠᠴᠠ ᠵᠣᠷᠢᠭᠵᠢᠭᠤᠯᠤᠨ᠎ᠠ᠃ | ᠭᠤᠴᠢᠨ ᠭᠤᠷᠪᠠᠳᠤᠭᠠᠷ ᠵᠦᠢᠯ᠄ ᠲᠠᠭᠤ ᠳᠦᠷᠰᠦ ᠰᠢᠩᠭᠡᠭᠡᠯᠲᠡ ᠪᠠ ᠤᠯᠠᠨ ᠵᠠᠭᠤᠴᠢᠲᠤ ᠲᠥᠬᠦᠭᠡᠷᠦᠮᠵᠢ᠂ ᠰᠢᠯᠵᠢᠮᠡᠯ ᠣᠶᠤᠨᠲᠤ ᠴᠢᠮᠡᠭᠡ ᠬᠤᠯᠪᠤᠭᠠᠨ ᠤ | ᠲᠥᠬᠦᠭᠡᠷᠦᠮᠵᠢ᠂ ᠴᠠᠬᠢᠯᠭᠠᠨ ᠬᠤᠯᠪᠣᠭᠠᠨ ᠤ ᠲᠥᠬᠦᠭᠡᠷᠦᠮᠵᠢ ᠶᠢ ᠦᠢᠯᠡᠳᠦᠭᠴᠢ ᠶᠢᠨ ᠬᠠᠩᠭᠠᠭᠰᠠᠨ ᠦᠢᠯᠡᠳᠬᠦᠨ ᠨᠢ ᠠᠪᠢᠶ᠎ᠠ᠂ ᠲᠣᠮᠣ ᠦᠰᠦᠭ ᠵᠡᠷᠭᠡ ᠰᠠᠭᠠᠳ | ᠦᠭᠡᠢ ᠴᠢᠳᠠᠮᠵᠢ ᠶᠢ ᠠᠯᠬᠤᠮ ᠠᠯᠬᠤᠮ ᠢᠶᠠᠷ ᠪᠦᠷᠢᠯᠳᠤᠬᠦᠯᠬᠦ ᠬᠡᠷᠡᠭᠲᠡᠢ᠃ ᠪᠠᠩᠬᠢ᠂ ᠡᠮᠨᠡᠯᠭᠡ ᠶᠢᠨ ᠬᠤᠷᠢᠶ᠎ᠠ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡᠨ | ᠦᠷᠳᠡᠭᠡ᠂ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠠᠶᠠᠯᠠᠯ ᠤᠨ ᠦᠷᠳᠡᠭᠡ ᠶᠢᠨ ᠲᠣᠭᠤᠷᠢᠭ᠂ ᠠᠶᠠᠨᠴᠢᠳ ᠤᠨ ᠲᠡᠭᠡᠭᠡᠪᠦᠷᠢ ᠶᠢᠨ | ᠦᠷᠳᠡᠭᠡ᠂ ᠠᠶᠠᠨᠴᠢᠳ ᠤᠨ ᠲᠡᠭᠡᠭᠡᠪᠦᠷᠢ ᠶᠢᠨ ᠭᠠᠷᠠᠮ᠂ ᠲᠣᠮᠣ ᠬᠡᠯᠪᠡᠷᠢ ᠶᠢᠨ ᠦᠵᠡᠮᠵᠢ ᠶᠢᠨ ᠣᠷᠣᠨ ᠵᠡᠷᠭᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ | ᠥᠪᠡᠰᠦᠪᠡᠨ ᠦᠢᠯᠡᠴᠢᠯᠡᠬᠦ ᠡᠯᠧᠺᠳ᠋ᠷᠤᠨ ᠲᠥᠬᠦᠭᠡᠷᠦᠮᠵᠢ ᠨᠢ ᠠᠪᠢᠶ᠎ᠠ᠂ ᠲᠣᠮᠣ ᠦᠰᠦᠭ᠂ ᠰᠣᠬᠤᠷᠴᠤᠳ ᠤᠨ ᠦᠰᠦᠭ ᠵᠡᠷᠭᠡ ᠰᠠᠭᠠᠳ ᠦᠭᠡᠢ ᠴᠢᠳᠠᠮᠵᠢ ᠶᠢ | ᠪᠦᠷᠢᠯᠳᠤᠬᠦᠯᠬᠦ ᠬᠡᠷᠡᠭᠲᠡᠢ᠃ | ᠭᠤᠴᠢᠨ ᠳᠥᠷᠪᠡᠳᠦᠭᠡᠷ ᠵᠦᠢᠯ᠄ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠰᠠᠭᠤᠷᠢ ᠴᠠᠬᠢᠯᠭᠠᠨ ᠬᠤᠯᠪᠣᠭᠠᠨ ᠤ ᠦᠢᠯᠡᠴᠢᠯᠡᠭᠡ | ᠬᠠᠩᠭᠠᠬᠤ ᠳᠠᠭᠠᠨ ᠵᠡᠮᠳᠡᠭᠴᠦᠳ᠂ ᠨᠠᠰᠤᠲᠠᠶᠢᠴᠤᠳ ᠲᠤ ᠴᠢᠬᠤᠯᠠ ᠪᠦᠬᠦᠢ ᠠᠪᠢᠶ᠎ᠠ᠂ ᠲᠣᠮᠣ ᠦᠰᠦᠭᠲᠦ ᠮᠡᠳᠡᠭᠡ ᠵᠠᠩᠭᠢ ᠶᠢᠨ ᠦᠢᠯᠡᠴᠢᠯᠡᠭᠡ ᠪᠤᠶᠤ ᠬᠥᠮᠥᠨ ᠤ | ᠬᠦᠴᠦᠨ ᠤ ᠦᠢᠯᠡᠴᠢᠯᠡᠭᠡ ᠬᠠᠩᠭᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠠᠶᠢᠡᠭᠭᠤ ᠶᠢᠨ ᠤᠲᠠᠰᠤ ᠪᠠ ᠲᠦᠭᠰᠢᠭᠦᠷᠢ | ᠮᠡᠳᠡᠭᠦᠯᠵᠦ ᠲᠤᠰᠠᠯᠠᠮᠵᠢ ᠭᠤᠶᠤᠴᠢᠯᠠᠬᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ᠂ ᠵᠠᠮ ᠬᠠᠷᠢᠯᠴᠠᠭᠠᠨ ᠤ ᠠᠳᠡᠯ᠂ ᠡᠮᠴᠢᠯᠡᠭᠡᠨ ᠤ ᠲᠦᠷᠭᠡᠨ | ᠠᠪᠤᠷᠠᠯᠲᠠ ᠵᠡᠷᠭᠡ ᠪᠠᠴᠢᠮ ᠳᠠᠭᠤᠳᠠᠯᠲᠠ ᠶᠢᠨ ᠰᠢᠰᠲ᠋ᠧᠮ ᠨᠢ ᠠᠪᠢᠶ᠎ᠠ᠂ ᠲᠣᠮᠣ ᠥᠰᠥᠭ᠂ ᠰᠣᠬᠤᠷᠴᠤᠳ ᠤᠨ ᠥᠰᠥᠭ᠂ ᠨᠢᠭᠡ ᠳᠠᠷᠤᠪᠴᠢ ᠪᠠᠷ ᠳᠠᠭᠤᠳᠠᠬᠤ ᠵᠡᠷᠭᠡ | ᠰᠠᠭᠠᠳ ᠦᠭᠡᠢ ᠴᠢᠳᠠᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ᠄ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ᠂ | ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠨᠢ ᠵᠡᠮᠳᠡᠭᠴᠦᠳ᠂ ᠨᠠᠰᠤᠲᠠᠶᠢᠴᠤᠳ ᠤᠨ ᠣᠨᠴᠠᠯᠢᠭ ᠢ ᠪᠣᠳᠣᠯᠬᠢᠯᠠᠵᠤ᠂ ᠢᠳᠡᠪᠬᠢᠲᠡᠢ ᠪᠠᠷ ᠨᠥᠬᠦᠴᠡᠯ | ᠪᠦᠷᠢᠯᠳᠦᠭᠦᠯᠵᠦ ᠪᠠᠶᠢᠭᠠᠳ ᠬᠡᠷᠡᠭᠴᠡᠭᠡ ᠳᠤ ᠨᠢ ᠲᠣᠬᠢᠷᠠᠭᠰᠠᠨ ᠲᠤᠯᠭᠤᠷ ᠪᠢᠴᠢᠭ ᠤᠨ ᠮᠡᠳᠡᠭᠡ ᠵᠠᠩᠭᠢ᠂ ᠰᠠᠭᠠᠳ ᠦᠭᠡᠢ ᠲᠥᠬᠦᠭᠡᠷᠦᠮᠵᠢ ᠪᠠ ᠦᠢᠯᠡᠴᠢᠯᠡᠭᠡ | ᠬᠠᠩᠭᠠᠬᠤ ᠬᠡᠷᠡᠭᠲᠡᠢ᠃ | ᠭᠤᠴᠢᠨ ᠳᠣᠯᠣᠳᠤᠭᠠᠷ ᠵᠦᠢᠯ᠄ ᠲᠦᠷᠤ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠮ ᠤᠨ ᠵᠦᠢᠯ ᠤᠨ ᠱᠣᠰᠢᠭ᠎ᠠ᠂ | ᠲᠣᠳᠣᠷᠬᠠᠶᠢᠯᠠᠯᠲᠠ ᠶᠢᠨ ᠪᠢᠴᠢᠭ ᠤᠨ ᠬᠠᠮᠢᠶᠠᠷᠤᠯᠲᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠡᠮ ᠤᠨ ᠵᠦᠢᠯ ᠢ ᠦᠢᠯᠡᠳᠪᠦᠷᠢᠯᠡᠨ ᠡᠵᠡᠩᠨᠡᠭᠴᠢ ᠪᠠᠷ ᠠᠪᠢᠶ᠎ᠠ᠂ | ᠲᠣᠮᠣ ᠤᠶᠢᠰᠦᠭ᠂ ᠰᠣᠬᠤᠷᠴᠤᠳ ᠤᠨ ᠪᠢᠴᠢᠭ᠂ ᠡᠯᠧᠺᠳ᠋ᠷᠣᠨ ᠵᠡᠷᠭᠡ ᠰᠠᠭᠠᠳ ᠦᠬᠡᠢ ᠬᠡᠪᠯᠡᠯ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠬᠠᠩᠭᠠᠯᠭᠠᠬᠤ ᠪᠠᠷ | ᠱᠠᠭᠠᠷᠳᠠᠬᠤ ᠬᠡᠷᠡᠭᠲᠡᠢ᠃ ᠤᠯᠤᠰ ᠠᠴᠠ ᠪᠤᠰᠤᠳ ᠲᠠᠸᠠᠷ ᠤᠨ ᠦᠢᠯᠡᠳᠪᠦᠷᠢᠯᠡᠨ ᠡᠵᠡᠩᠨᠡᠭᠴᠢ ᠶᠢᠨ ᠠᠪᠢᠶ᠎ᠠ᠂ ᠲᠣᠮᠣ ᠦᠰᠦᠭ᠂ ᠰᠣᠬᠤᠷᠴᠤᠳ ᠤᠨ ᠦᠰᠦᠭ᠂ | ᠡᠯᠧᠺᠳ᠋ᠷᠣᠨ ᠵᠡᠷᠭᠡ ᠰᠠᠭᠠᠳ ᠦᠭᠡᠢ ᠵᠠᠭᠪᠤᠷ ᠤᠨ ᠬᠡᠪᠯᠡᠯ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠬᠠᠩᠭᠠᠬᠤ ᠶᠢ ᠵᠣᠷᠢᠭᠵᠢᠭᠤᠯᠵᠤ᠂ ᠵᠡᠮᠳᠡᠭᠴᠦᠳ᠂ | ᠨᠠᠰᠤᠲᠠᠶᠢᠴᠤᠳ ᠤᠨ ᠢᠯᠭᠠᠨ ᠲᠠᠨᠢᠬᠤ ᠪᠠ ᠬᠡᠷᠡᠭᠯᠡᠬᠦ ᠳᠤ ᠲᠦᠭᠦᠮ ᠦᠵᠡᠭᠦᠯᠦᠨ᠎ᠡ᠃ | ᠭᠤᠴᠢᠨ ᠨᠠᠢᠮᠠᠳᠤᠭᠠᠷ ᠵᠦᠢᠯ᠄ ᠤᠯᠤᠰ ᠤᠨ ᠨᠡᠶᠢᠳᠡᠮ ᠬᠡᠷᠡᠭᠯᠡᠬᠦ ᠲᠤᠬᠢᠶᠠᠨ ᠤ ᠬᠡᠯᠡ᠂ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠪᠢᠴᠢᠭ ᠢ | ᠤᠯᠤᠰ ᠠᠴᠠ ᠳᠡᠯᠭᠡᠷᠡᠭᠦᠯᠦᠨ ᠬᠡᠷᠡᠭᠯᠡᠨ᠎ᠡ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠳᠤ ᠲᠤᠬᠢᠶᠠᠨ ᠤ ᠬᠡᠯᠡ᠂ ᠰᠣᠬᠤᠷᠴᠤᠳ ᠤᠨ ᠪᠢᠴᠢᠭ ᠢ ᠬᠡᠷᠡᠭᠯᠡᠬᠦ ᠪᠠ | ᠰᠤᠷᠭᠠᠭᠤᠯᠢ ᠨᠤᠭᠤᠳ ᠲᠤᠬᠢᠶᠠᠨ ᠤ ᠬᠡᠯᠡ᠂ ᠰᠣᠬᠤᠷᠴᠤᠳ ᠤᠨ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠥᠷᠨᠢᠭᠦᠯᠬᠦ ᠳᠤ ᠪᠠᠨ ᠤᠯᠤᠰ ᠤᠨ | ᠨᠡᠶᠢᠳᠡᠮ ᠬᠡᠷᠡᠭᠯᠡᠬᠦ ᠲᠤᠬᠢᠶᠠᠨ ᠤ ᠬᠡᠯᠡ᠂ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠪᠢᠴᠢᠭ ᠢ ᠬᠡᠷᠡᠭᠯᠡᠬᠦ ᠬᠡᠷᠡᠭᠲᠡᠢ᠃ | |