ᠳᠥᠷᠪᠡᠳᠦᠭᠡᠷ ᠪᠦᠯᠦᠭ ᠰᠠᠭᠠᠳ ᠦᠭᠡᠢ ᠨᠡᠶᠢᠭᠡᠮ ᠤᠨ ᠦᠢᠯᠡᠴᠢᠯᠡᠭᠡ | ᠭᠤᠴᠢ ᠶᠢᠰᠦᠳᠦᠭᠡᠷ ᠵᠦᠢᠯ᠄ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠲᠤ ᠴᠢᠬᠤᠯᠠ ᠪᠦᠬᠦᠢ ᠰᠠᠭᠠᠳ ᠦᠭᠡᠢ ᠲᠥᠬᠦᠭᠡᠷᠦᠮᠵᠢ ᠪᠠ ᠲᠤᠰᠠᠯᠠᠬᠤ | ᠪᠠᠭᠠᠵᠢ ᠢ ᠲᠣᠬᠢᠷᠠᠭᠤᠯᠵᠤ᠂ ᠰᠠᠭᠠᠳ ᠦᠭᠡᠢ ᠲᠥᠬᠦᠭᠡᠷᠦᠮᠵᠢ ᠶᠢ ᠵᠢᠭᠠᠨ ᠵᠢᠯᠤᠭᠤᠳᠴᠤ᠂ ᠵᠡᠮᠳᠡᠭᠴᠦᠳ᠂ ᠨᠠᠰᠤᠲᠠᠶᠢᠴᠤᠳ ᠲᠤ ᠰᠠᠭᠠᠳ ᠦᠭᠡᠢ ᠦᠢᠯᠡᠴᠢᠯᠡᠭᠡ | ᠬᠠᠩᠭᠠᠬᠤ ᠬᠡᠷᠡᠭᠲᠡᠢ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠨᠢ ᠡᠮᠴᠢᠯᠡᠭᠡ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠮᠥᠩᠭᠦᠨ ᠭᠦᠢᠯᠭᠡᠭᠡᠨ ᠤ | ᠲᠤᠬᠠᠶᠢᠯᠠᠭᠰᠠᠨ ᠠᠵᠢᠯ᠂ ᠠᠮᠢᠳᠤᠷᠠᠯ ᠤᠨ ᠰᠦᠢᠳᠬᠡᠯ ᠲᠤᠰᠢᠶᠠᠬᠤ ᠵᠡᠷᠭᠡ ᠦᠢᠯᠡᠴᠢᠯᠡᠭᠡᠨ ᠤ ᠵᠦᠢᠯᠡᠰ ᠲᠠᠢ ᠬᠤᠯᠪᠣᠭᠳᠠᠪᠠᠯ ᠲᠤᠬᠠᠢ ᠶᠢᠨ ᠲᠠᠯᠠᠪᠤᠷ ᠲᠤ ᠨᠢ | ᠵᠢᠯᠤᠭᠤᠳᠬᠤ᠂ ᠬᠥᠮᠥᠨ ᠭᠦᠢᠴᠡᠳᠬᠡᠬᠦ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠶᠢ ᠦᠯᠡᠳᠡᠭᠡᠬᠦ ᠬᠡᠷᠡᠭᠲᠡᠢ᠃ | ᠳᠥᠴᠢᠳᠦᠭᠡᠷ ᠵᠦᠢᠯ᠄ ᠵᠠᠰᠠᠭ ᠵᠠᠬᠢᠷᠭᠠᠨ ᠤ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠤᠯᠤᠨ ᠤᠰᠤ | ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠳᠣᠣᠷ᠎ᠠ | ᠪᠠᠶᠢᠷᠢ ᠶᠢᠨ ᠦᠢᠯᠡᠴᠢᠯᠡᠭᠡᠨ ᠤ ᠲᠠᠪᠴᠠᠩ ᠪᠤᠶᠤ ᠰᠠᠭᠠᠳ ᠦᠭᠡᠢ ᠦᠢᠯᠡᠴᠢᠯᠡᠭᠡᠨ ᠤ ᠴᠤᠩᠬᠤᠪᠴᠢ ᠲᠣᠬᠢᠷᠠᠭᠤᠯᠵᠤ᠂ ᠡᠯᠧᠺᠳ᠋ᠷᠣᠨ ᠮᠡᠳᠡᠭᠡ ᠵᠠᠩᠭᠢ ᠶᠢᠨ ᠳᠡᠯᠭᠡᠴᠡ᠂ | ᠪᠢᠴᠢᠮᠡᠯ ᠬᠠᠪᠲᠠᠰᠤ᠂ ᠠᠪᠢᠶᠠᠨ ᠤ ᠰᠠᠨᠠᠭᠤᠯᠤᠮᠵᠢ ᠵᠡᠷᠭᠡ ᠲᠥᠬᠦᠭᠡᠷᠦᠮᠵᠢ ᠲᠣᠬᠢᠷᠠᠭᠤᠯᠤᠨ᠂ ᠵᠡᠮᠳᠡᠭᠴᠦᠳ᠂ ᠨᠠᠰᠤᠲᠠᠶᠢᠴᠤᠳ ᠲᠤ ᠰᠠᠭᠠᠳ ᠦᠭᠡᠢ ᠦᠢᠯᠡᠴᠢᠯᠡᠭᠡ | ᠬᠠᠩᠭᠠᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ᠄ ᠬᠠᠤᠯᠢ ᠪᠠᠷᠢᠬᠤ ᠪᠠᠶᠢᠭᠤᠯᠭ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠨᠤᠭᠤᠳ ᠵᠡᠮᠳᠡᠭᠴᠦᠳ᠂ ᠨᠠᠰᠤᠲᠠᠶᠢᠴᠤᠳ ᠤᠨ ᠵᠠᠷᠭᠤᠯᠳᠤᠬᠤ᠂ ᠬᠥᠨᠳᠡᠯᠡᠨ ᠠᠴᠠ ᠲᠠᠰᠤᠯᠤᠭᠤᠯᠬᠤ ᠠᠵᠢᠯᠯᠠᠭ᠎ᠠ ᠳᠤ ᠣᠷᠣᠯᠴᠠᠬᠤ ᠪᠠ ᠬᠠᠤᠯᠢ | ᠴᠠᠭᠠᠵᠠ ᠶᠢᠨ ᠲᠤᠰᠠᠯᠠᠮᠵᠢ ᠣᠯᠬᠤ ᠳᠤ ᠬᠠᠤᠯᠢ ᠶᠣᠰᠣᠭᠠᠷ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ | ᠠᠯᠪᠠᠨ ᠭᠡᠷᠡᠴᠢᠯᠡᠭᠡ ᠶᠢᠨ ᠪᠠᠶᠢᠭᠤᠯᠤᠮᠵᠢ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠶᠢᠨ ᠪᠠᠶᠢᠭᠤᠯᠤᠮᠵᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠭᠠᠵᠠᠷ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ | ᠤᠶᠠᠯᠳᠤᠭᠤᠯᠤᠨ ᠰᠠᠭᠠᠳ ᠦᠭᠡᠢ ᠦᠢᠯᠡᠴᠢᠯᠡᠭᠡ ᠬᠠᠩᠭᠠᠬᠤ ᠶᠢ ᠤᠯᠤᠰ ᠠᠴᠠ ᠵᠣᠷᠢᠭᠵᠢᠭᠤᠯᠤᠨ᠎ᠠ᠃ | ᠳᠥᠴᠢᠨ ᠬᠤᠶᠠᠳᠤᠭᠠᠷ ᠵᠦᠢᠯ᠄ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠥᠬᠦᠭᠡᠷᠦᠮᠵᠢ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ | ᠪᠠᠭᠠᠵᠢ ᠶᠢᠨ ᠡᠵᠡᠩᠨᠡᠯᠲᠡ ᠶᠢᠨ ᠨᠢᠬᠡᠴᠢ ᠡᠯ᠎ᠡ ᠲᠥᠷᠥᠯ ᠤᠨ ᠲᠡᠭᠡᠭᠡᠪᠦᠷᠢ ᠶᠢᠨ ᠠᠷᠭ᠎ᠠ ᠶᠢᠨ ᠦᠢᠯᠡᠴᠢᠯᠡᠭᠡᠨ ᠤ ᠣᠨᠴᠠᠯᠢᠭ ᠢ ᠦᠨᠳᠦᠰᠦᠯᠡᠵᠦ᠂ ᠲᠥᠬᠦᠭᠡᠷᠦᠮᠵᠢ ᠶᠢᠨ | ᠨᠥᠬᠦᠴᠡᠯ ᠪᠠ ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ ᠤᠶᠠᠯᠳᠤᠭᠤᠯᠤᠨ᠂ ᠵᠡᠮᠳᠡᠭᠴᠦᠳ᠂ ᠨᠠᠰᠤᠲᠠᠶᠢᠴᠤᠳ ᠲᠤ ᠰᠠᠭᠠᠳ ᠦᠭᠡᠢ ᠦᠢᠯᠡᠴᠢᠯᠡᠭᠡᠨ ᠤ | ᠴᠤᠩᠬᠤᠪᠴᠢ᠂ ᠲᠤᠰᠬᠠᠢ ᠬᠦᠯᠢᠶᠡᠬᠦ ᠣᠷᠣᠨ᠂ ᠰᠠᠭᠠᠳ ᠦᠭᠡᠢ ᠨᠡᠪᠲᠡᠷᠡᠬᠦ ᠵᠠᠮ ᠪᠠ ᠤᠷᠢᠳ ᠢᠶᠠᠷ ᠰᠠᠭᠤᠬᠤ ᠰᠠᠭᠤᠳᠠᠯ ᠲᠣᠬᠢᠷᠠᠭᠤᠯᠵᠤ᠂ ᠲᠤᠰᠠᠯᠠᠬᠤ ᠪᠠᠭᠠᠵᠢ᠂ | ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ ᠳᠡᠯᠭᠡᠴᠡ ᠶᠢᠨ ᠥᠰᠥᠭ ᠤᠨ ᠥᠷᠲᠡᠭᠡ ᠳᠤ ᠮᠡᠳᠡᠭᠦᠯᠬᠦ᠂ ᠠᠪᠢᠶ᠎ᠠ ᠪᠠᠷ ᠰᠠᠨᠠᠭᠤᠯᠬᠤ᠂ ᠪᠣᠯᠵᠣᠵᠤ ᠵᠠᠬᠢᠶᠠᠯᠠᠨ | ᠦᠢᠯᠡᠳᠬᠦ ᠵᠡᠷᠭᠡ ᠰᠠᠭᠠᠳ ᠦᠭᠡᠢ ᠦᠢᠯᠡᠴᠢᠯᠡᠭᠡᠨ ᠢ ᠬᠠᠩᠭᠠᠨ᠎ᠠ᠃ | ᠳᠥᠴᠢᠨ ᠭᠤᠷᠪᠠᠳᠤᠭᠠᠷ ᠵᠦᠢᠯ᠄ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ | ᠰᠤᠷᠭᠠᠨ ᠬᠥᠮᠦᠵᠢᠯ ᠤᠨ ᠲᠠᠯᠠᠪᠤᠷ ᠲᠤ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭ ᠪᠠᠭᠰᠢ ᠰᠤᠷᠤᠭᠴᠢ᠂ | ᠠᠵᠢᠯᠲᠠᠨ ᠠᠵᠢᠯᠴᠢᠨ ᠳᠤ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃ ᠤᠯᠤᠰ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠰᠢᠯᠭᠠᠯᠲᠠ᠂ ᠠᠵᠢᠯ | ᠮᠡᠷᠭᠡᠵᠢᠯ ᠤᠨ ᠬᠢᠷᠢ ᠬᠡ᠊ ᠤᠨ ᠰᠢᠯᠭᠠᠯᠲᠠ᠂ ᠮᠡᠷᠭᠡᠵᠢᠯ ᠤᠷ᠎ᠠ ᠴᠢᠳᠠᠪᠤᠷᠢ ᠶᠢᠨ ᠰᠢᠯᠭᠠᠯᠲᠠ᠂ ᠡᠯᠰᠡᠵᠦ ᠤᠷᠢᠬᠤ ᠰᠢᠯᠭᠠᠯᠲᠠ ᠪᠠ ᠡᠯ᠎ᠡ ᠲᠦᠷᠦᠯ ᠤᠨ | ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠨᠢᠭᠡᠳᠦᠯᠲᠡᠢ ᠰᠢᠯᠭᠠᠯᠲᠠ ᠳᠤ ᠵᠡᠮᠳᠡᠭ ᠰᠢᠯᠭᠠᠭᠤᠯᠤᠭᠴᠢ ᠳᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ᠄ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ | ᠤᠶᠠᠯᠳᠤᠭᠤᠯᠤᠨ ᠵᠡᠮᠳᠡᠭᠴᠦᠳ᠂ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ ᠲᠦᠬᠦᠮ ᠦᠵᠡᠭᠦᠯᠬᠦ ᠬᠡᠷᠡᠭᠲᠡᠢ᠃ ᠵᠡᠮᠳᠡᠭᠴᠦᠳ᠂ ᠨᠠᠰᠤᠲᠠᠶᠢᠴᠤᠳ ᠲᠠᠢ | ᠬᠤᠯᠪᠣᠭᠳᠠᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠰᠠᠭᠠᠳ ᠦᠭᠡᠢ ᠲᠥᠬᠦᠭᠡᠷᠦᠮᠵᠢ ᠲᠣᠬᠢᠷᠠᠭᠤᠯᠵᠤ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ | ᠰᠤᠪᠢᠯᠠᠯᠲᠠ ᠵᠡᠷᠭᠡ ᠲᠠᠯ᠎ᠠ ᠪᠠᠷ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ᠄ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠮᠥᠩᠭᠦᠨ ᠭᠦᠢᠯᠭᠡᠭᠡ᠂ ᠰᠢᠤᠳᠠᠨ᠂ ᠴᠠᠬᠢᠯᠭᠠᠨ ᠬᠤᠯᠪᠣᠭ᠎ᠠ᠂ ᠵᠠᠮ | ᠬᠠᠷᠢᠯᠴᠠᠭ᠎ᠠ᠂ ᠬᠤᠳᠠᠯᠳᠤᠭ᠎ᠠ᠂ ᠬᠤᠭᠤᠯᠠ ᠤᠮᠳᠠ᠂ ᠬᠤᠨᠤᠭ ᠤᠨ ᠪᠠᠭᠤᠳᠠᠯ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠲᠠᠯᠠᠪᠤᠷ ᠤᠨ | ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ ᠤᠶᠠᠯᠳᠤᠭᠤᠯᠤᠨ ᠵᠡᠮᠳᠡᠭᠴᠦᠳ᠂ ᠨᠠᠰᠤᠲᠠᠶᠢᠴᠤᠳ ᠲᠤ ᠲᠤᠰᠠᠯᠠᠬᠤ ᠪᠠᠭᠠᠵᠢ᠂ ᠵᠥᠪᠯᠡᠯᠭᠡ ᠥᠭᠴᠦ | ᠵᠢᠯᠤᠭᠤᠳᠬᠤ ᠵᠡᠷᠭᠡ ᠰᠠᠭᠠᠳ ᠦᠭᠡᠢ ᠦᠢᠯᠡᠴᠢᠯᠡᠭᠡ ᠬᠠᠩᠭᠠᠬᠤ ᠶᠢ ᠤᠯᠤᠰ ᠠᠴᠠ ᠵᠣᠷᠢᠭᠵᠢᠭᠤᠯᠤᠨ᠎ᠠ᠃ ᠰᠢᠤᠳᠠᠨ᠂ ᠲᠦᠷᠭᠡᠨ ᠬᠦᠷᠭᠡᠬᠦ ᠠᠵᠤ | ᠠᠬᠤᠶᠢᠯᠠᠯ ᠤᠨ ᠬᠢᠨ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭᠴᠦᠳ᠂ ᠨᠠᠰᠤᠲᠠᠶᠢᠴᠤᠳ ᠲᠤ ᠭᠡᠷ ᠲᠤ ᠨᠢ ᠬᠦᠷᠴᠦ ᠬᠤᠷᠢᠶᠠᠨ ᠢᠯᠡᠭᠡᠬᠦ ᠦᠢᠯᠡᠴᠢᠯᠡᠭᠡ | ᠬᠠᠩᠭᠠᠬᠤ ᠶᠢ ᠤᠯᠤᠰ ᠠᠴᠠ ᠵᠣᠷᠢᠭᠵᠢᠭᠤᠯᠤᠨ᠎ᠠ᠃ | ᠳᠥᠴᠢᠨ ᠵᠢᠷᠭᠤᠳᠤᠭᠠᠷ ᠵᠦᠢᠯ᠄ ᠤᠯᠠᠨ ᠨᠡᠶᠢᠲᠡ ᠶᠢᠨ ᠲᠠᠯᠠᠪᠤᠷ ᠤᠨ ᠡᠵᠡᠩᠨᠡᠯᠲᠡ ᠬᠠᠮᠢᠶᠠᠷᠤᠯᠲᠠ ᠶᠢᠨ ᠨᠢᠬᠡᠴᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠦᠬᠦᠬᠡᠷᠤᠮᠵᠢ ᠪᠣᠯᠣᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠡᠵᠡᠩᠨᠡᠯᠲᠡ ᠶᠢᠨ ᠨᠢᠬᠡᠴᠢ ᠨᠦᠭᠦᠳ ᠰᠣᠬᠤᠷ ᠢ ᠳᠠᠭᠠᠭᠤᠯᠬᠤ ᠨᠣᠬᠠᠢ᠂ | ᠰᠣᠨᠣᠰᠤᠭᠤᠷ ᠳᠠᠭᠠᠭᠤᠯᠬᠤ ᠨᠣᠬᠠᠢ᠂ ᠲᠤᠰᠠᠯᠠᠬᠤ ᠨᠣᠬᠠᠢ ᠵᠡᠷᠭᠡ ᠦᠢᠯᠡᠴᠢᠯᠡᠭᠡᠨ ᠤ ᠨᠣᠬᠠᠢ ᠶᠢ ᠵᠡᠮᠳᠡᠭᠴᠦᠳ ᠠᠪᠴᠤ ᠶᠠᠪᠤᠬᠤ ᠳᠤ ᠨᠢ ᠲᠥᠭᠦᠮ ᠦᠵᠡᠭᠦᠯᠬᠦ | ᠬᠡᠷᠡᠭᠲᠡᠢ᠃ ᠵᠡᠮᠳᠡᠭᠴᠦᠳ ᠦᠢᠯᠡᠴᠢᠯᠡᠭᠡᠨ ᠤ ᠨᠣᠬᠠᠢ ᠪᠠᠨ ᠳᠠᠭᠠᠭᠤᠯᠤᠨ ᠤᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ᠂ ᠵᠠᠮ ᠲᠡᠭᠡᠭᠡᠪᠦᠷᠢ ᠶᠢᠨ | ᠲᠥᠬᠦᠭᠡᠷᠦᠮᠵᠢ ᠪᠠ ᠤᠯᠠᠨ ᠨᠡᠶᠢᠲᠡ ᠶᠢᠨ ᠵᠠᠮ ᠲᠡᠭᠡᠭᠡᠪᠦᠷᠢ ᠶᠢᠨ ᠪᠠᠭᠠᠵᠢ ᠶᠢ ᠬᠡᠷᠡᠭᠯᠡᠬᠦ ᠳᠤ ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ | ᠦᠢᠯᠡᠴᠢᠯᠡᠭᠡᠨ ᠤ ᠨᠣᠬᠠᠢ ᠳᠤ ᠢᠯᠡᠷᠬᠡᠢ ᠢᠯᠭᠠᠨ ᠲᠠᠨᠢᠬᠤ ᠲᠣᠨᠣᠭᠯᠠᠯ ᠵᠡᠭᠦᠯᠭᠡᠬᠦ ᠶᠢᠨ ᠬᠠᠮᠲᠤ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠠᠪᠬᠤ ᠬᠡᠷᠡᠭᠲᠡᠢ᠃ | ᠳᠥᠴᠢᠨ ᠳᠣᠯᠣᠳᠤᠭᠠᠷ ᠵᠦᠢᠯ᠄ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠭᠠᠵᠠᠷ ᠤᠨ ᠬᠠᠮᠢᠶᠠᠷᠤᠭᠴᠢ ᠨᠢ ᠠᠵᠢᠯ ᠤᠨ ᠪᠡᠯᠡᠳᠬᠡᠯ | ᠲᠥᠰᠥᠯ ᠢ ᠲᠣᠭᠲᠠᠭᠠᠬᠤ ᠪᠠ ᠬᠡᠷᠡᠭᠵᠢᠭᠦᠯᠬᠦ ᠳᠤ ᠪᠠᠨ ᠵᠡᠮᠳᠡᠭᠴᠦᠳ᠂ ᠨᠠᠰᠤᠲᠠᠶᠢᠴᠤᠳ ᠤᠨ ᠰᠠᠭᠠᠳ ᠦᠭᠡᠢ ᠪᠠᠶᠢᠬᠤ ᠬᠡᠷᠡᠭᠴᠡᠭᠡ ᠶᠢ ᠪᠣᠳᠣᠯᠬᠢᠯᠠᠵᠤ᠂ | ᠪᠠᠶᠢᠳᠠᠯ ᠢ ᠨᠢ ᠦᠵᠡᠵᠦ ᠪᠠᠶᠢᠭᠠᠳ ᠠᠪᠢᠶ᠎ᠠ᠂ ᠲᠣᠮᠣ ᠦᠰᠦᠭ᠂ ᠭᠢᠯᠪᠠᠭᠤᠯᠬᠤ ᠵᠡᠷᠭᠡ ᠰᠠᠨᠠᠭᠤᠯᠬᠤ ᠲᠣᠨᠣᠭᠯᠠᠯ ᠲᠣᠬᠢᠷᠠᠭᠤᠯᠵᠤ᠂ ᠰᠠᠭᠠᠳ ᠦᠭᠡᠢ ᠦᠢᠯᠡᠴᠢᠯᠡᠬᠦ | ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ᠄ ᠰᠣᠩᠭᠤᠭᠤᠯᠢ ᠶᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠠ ᠨᠢᠭᠡᠴᠢ ᠨᠦᠭᠦᠳ ᠵᠡᠮᠳᠡᠭᠴᠦᠳ᠂ ᠨᠠᠰᠤᠲᠠᠶᠢᠴᠤᠳ ᠤᠨ | ᠰᠣᠩᠭᠤᠭᠤᠯᠢ ᠶᠢᠨ ᠠᠷᠠᠳ ᠤᠨ ᠪᠢᠯᠧᠲ ᠥᠭᠬᠦ ᠳᠤ ᠣᠷᠣᠯᠴᠠᠬᠤ ᠳᠤ ᠲᠦᠬᠦᠮ ᠦᠵᠡᠭᠦᠯᠬᠦ ᠪᠠ ᠴᠢᠬᠤᠯᠠ ᠪᠦᠬᠦᠢ ᠬᠠᠪᠰᠤᠷᠤᠯᠭ᠎ᠠ ᠦᠵᠡᠭᠦᠯᠬᠦ ᠠᠷᠭ᠎ᠠ ᠠᠪᠬᠤ | ᠬᠡᠷᠡᠭᠲᠡᠢ᠃ | ᠳᠥᠴᠢ ᠶᠢᠰᠦᠳᠦᠭᠡᠷ ᠵᠦᠢᠯ᠄ ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠶᠢ ᠤᠯᠤᠰ ᠠᠴᠠ ᠵᠣᠷᠢᠭᠵᠢᠭᠤᠯᠤᠨ | ᠲᠡᠮᠵᠢᠵᠤ᠂ ᠵᠡᠮᠳᠡᠭᠴᠦᠳ᠂ ᠨᠠᠰᠤᠲᠠᠶᠢᠴᠤᠳ ᠲᠤ ᠠᠯᠤᠰ ᠠᠴᠠ ᠴᠠᠭ ᠲᠤᠬᠠᠢ ᠳᠤ ᠨᠢ ᠬᠠᠷᠰᠢ ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃ | |