ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ | ᠲᠠᠪᠢᠳᠤᠭᠠᠷ ᠵᠦᠢᠯ᠄ ᠤᠯᠤᠰ ᠠᠴᠠ ᠬᠠᠷᠰᠢ ᠰᠠᠭᠠᠳ ᠦᠭᠡᠢ ᠣᠷᠴᠢᠨ ᠲᠤᠭᠤᠷᠢᠨ ᠤ ᠣᠶᠢᠯᠠᠭᠠᠭᠳᠠᠬᠤᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ | ᠰᠠᠭᠠᠳ ᠦᠭᠡᠢ ᠣᠷᠴᠢᠨ ᠲᠤᠭᠤᠷᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠠᠭᠠᠳ ᠦᠭᠡᠢ ᠣᠷᠴᠢᠨ ᠲᠤᠭᠤᠷᠢᠨ ᠤ ᠰᠣᠶᠣᠯ ᠢ ᠤᠯᠠᠮᠵᠢᠯᠠᠨ ᠳᠡᠯᠭᠡᠷᠡᠭᠦᠯᠵᠦ᠂ | ᠨᠡᠶᠢᠭᠡᠮ ᠳᠠᠶᠠᠭᠠᠷ ᠤᠨ ᠬᠢᠨ ᠤ ᠰᠠᠭᠠᠳ ᠦᠭᠡᠢ ᠣᠷᠴᠢᠨ ᠲᠤᠭᠤᠷᠢᠨ ᠤ ᠲᠤᠬᠠᠢ ᠤᠬᠠᠮᠰᠠᠷ ᠢ ᠳᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ ᠵᠠᠭᠤᠴᠢᠰ ᠰᠠᠭᠠᠳ | ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ ᠬᠢᠬᠦ ᠬᠡᠷᠡᠭᠳᠡᠢ᠃ | ᠲᠠᠪᠢᠨ ᠨᠢᠭᠡᠳᠦᠭᠡᠷ ᠵᠦᠢᠯ᠄ ᠤᠯᠤᠰ ᠠᠴᠠ ᠨᠡᠶᠢᠳᠡᠮ ᠬᠡᠷᠡᠭᠯᠡᠭᠡᠨ ᠤ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠳᠡᠯᠭᠡᠷᠡᠭᠦᠯᠵᠦ᠂ ᠤᠯᠤᠰ ᠤᠨ | ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠭᠠᠭᠤᠯᠬᠤ ᠦᠢᠯᠡᠳᠤᠯ ᠪᠦᠬᠦᠢ ᠪᠦᠯᠬᠦᠮ | ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠵᠣᠷᠢᠭᠵᠢᠭᠤᠯᠤᠨ ᠬᠥᠭᠵᠢᠭᠦᠯᠵᠦ᠂ ᠪᠠᠷᠢᠮᠵᠢᠶ᠎ᠠ ᠶᠢᠨ ᠬᠤᠭᠤᠷᠣᠨᠳᠣᠬᠢ ᠵᠤᠯᠭᠠᠯᠴᠠᠭ᠎ᠠ | ᠬᠠᠮᠵᠢᠯᠴᠠᠭ᠎ᠠ ᠶᠢ ᠴᠢᠩᠭᠠᠳᠬᠠᠵᠤ᠂ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ᠎ᠠ᠃ | ᠣᠷᠣᠨ ᠨᠤᠲᠤᠭ ᠤᠨ ᠬᠢᠨ ᠤ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠭᠰᠠᠨ ᠣᠷᠣᠨ ᠨᠤᠲᠤᠭ ᠤᠨ ᠪᠠᠷᠢᠮᠵᠢᠶ᠎ᠠ ᠨᠢ ᠤᠯᠤᠰ ᠤᠨ | ᠪᠠᠷᠢᠮᠵᠢᠶ᠎ᠠ ᠶᠢᠨ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ | ᠲᠠᠪᠢᠨ ᠬᠤᠶᠠᠳᠤᠭᠠᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠪᠠᠷᠢᠮᠵᠢᠶ᠎ᠠ ᠶᠢ ᠲᠣᠭᠲᠠᠭᠠᠬᠤ ᠪᠤᠶᠤ | ᠵᠠᠰᠠᠪᠤᠷᠢ ᠣᠷᠣᠭᠤᠯᠬᠤ ᠳᠤ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠤᠯᠤᠨ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ | ᠵᠣᠬᠢᠶᠠᠨ ᠪᠠᠶᠢᠭᠤᠯᠤᠯᠲᠠ ᠶᠢᠨ ᠬᠢᠨ ᠤ ᠰᠠᠨᠠᠯ ᠢ ᠬᠤᠷᠢᠶᠠᠬᠤ ᠬᠡᠷᠡᠭᠲᠡᠢ᠃ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ | ᠪᠠᠶᠢᠭᠤᠯᠤᠯᠲᠠ ᠶᠢᠨ ᠬᠢᠨ ᠬᠠᠤᠯᠢ ᠶᠣᠰᠣᠭᠠᠷ ᠳᠤᠷᠠᠳᠴᠤ ᠪᠣᠯᠣᠨ᠎ᠠ᠃ | ᠲᠠᠪᠢᠨ ᠭᠤᠷᠪᠠᠳᠤᠭᠠᠷ ᠵᠦᠢᠯ᠄ ᠰᠠᠭᠠᠳ ᠦᠭᠡᠢ ᠤᠷᠴᠢᠨ ᠲᠤᠭᠤᠷᠢᠨ ᠤ ᠵᠢᠷᠤᠭ ᠲᠥᠯᠥᠪᠯᠡᠭᠡ᠂ ᠲᠥᠬᠦᠭᠡᠷᠦᠮᠵᠢ᠂ ᠦᠢᠯᠡᠳᠬᠦᠨ᠂ ᠦᠢᠯᠡᠴᠢᠯᠡᠭᠡ ᠶᠢ | ᠭᠡᠷᠡᠴᠢᠯᠡᠬᠦ ᠪᠠ ᠰᠠᠭᠠᠳ ᠦᠭᠡᠢ ᠤᠷᠴᠢᠨ ᠲᠤᠭᠤᠷᠢᠨ ᠤ ᠮᠡᠳᠡᠭᠡ ᠵᠠᠩᠭᠢ ᠶᠢ ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠦᠷ᠎ᠡ ᠳ᠋ᠦᠩ ᠢ | ᠦᠨᠡᠮᠰᠢᠭᠦᠯᠦᠨ ᠬᠡᠷᠡᠭᠯᠡᠬᠦ ᠶᠢ ᠤᠯᠤᠰ ᠠᠴᠠ ᠠᠬᠢᠭᠤᠯᠤᠨ᠎ᠠ᠃ | ᠲᠠᠪᠢᠨ ᠳᠥᠷᠪᠡᠳᠦᠭᠡᠷ ᠵᠦᠢᠯ᠄ ᠵᠠᠷᠤᠳᠠᠯ ᠤᠨ ᠳᠡᠮᠵᠢᠯᠭᠡ ᠦᠵᠡᠭᠦᠯᠬᠦ᠂ ᠵᠠᠰᠠᠭ ᠤᠨ ᠣᠷᠳᠣᠨ ᠬᠤᠳᠠᠯᠳᠤᠨ ᠠᠪᠴᠤ ᠦᠭᠭᠦ᠂ ᠭᠠᠶᠢᠯᠢ ᠲᠠᠲᠠᠪᠤᠷᠢ ᠶᠢᠨ | ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠪᠠᠷ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ | ᠪᠠᠶᠢᠭᠤᠯᠤᠯᠲᠠ ᠳᠤ ᠬᠢ ᠬᠡᠷᠡᠭᠯᠡᠯᠲᠡ ᠶᠢ ᠠᠬᠢᠭᠤᠯᠵᠤ᠂ ᠰᠠᠭᠠᠳ ᠦᠭᠡᠢ ᠤᠷᠴᠢᠨ ᠲᠤᠭᠤᠷᠢᠨ ᠤ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ ᠶᠢ ᠰᠤᠳᠤᠯᠤᠨ | ᠨᠡᠭᠡᠭᠡᠬᠦ᠂ ᠦᠢᠯᠡᠳᠪᠦᠷᠢᠯᠡᠬᠦ᠂ ᠬᠡᠷᠡᠭᠯᠡᠬᠦ ᠪᠠ ᠳᠡᠯᠭᠡᠷᠡᠭᠦᠯᠬᠦ ᠶᠢ ᠤᠯᠤᠰ ᠠᠴᠠ ᠵᠣᠷᠢᠭᠵᠢᠭᠤᠯᠵᠤ᠂ ᠰᠠᠭᠠᠳ ᠦᠭᠡᠢ ᠲᠥᠬᠦᠭᠡᠷᠦᠮᠵᠢ᠂ ᠮᠡᠳᠡᠭᠡ ᠵᠠᠩᠭᠢ ᠪᠠ | ᠦᠢᠯᠡᠴᠢᠯᠡᠭᠡ ᠶᠢ ᠠᠭᠤᠰᠤᠯᠴᠠᠨ ᠬᠦᠭᠵᠢᠬᠦᠯᠬᠦ ᠶᠢ ᠤᠯᠤᠰ ᠠᠴᠠ ᠳᠡᠮᠵᠢᠨ᠎ᠡ᠃ | ᠲᠠᠪᠢᠨ ᠲᠠᠪᠤᠳᠤᠭᠠᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠦᠷᠢᠶ᠎ᠡ ᠴᠠᠷᠠᠭ᠎ᠠ ᠳᠤ ᠬᠢ | ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠤᠯᠤᠰ ᠠᠴᠠ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠪᠠ ᠬᠢᠴᠢᠶᠡᠯ ᠨᠡᠭᠡᠭᠡᠵᠦ᠂ | ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠤᠨᠤᠯ ᠤᠨ ᠰᠤᠳᠤᠯᠭᠠᠨ᠂ ᠤᠯᠠᠨ ᠤᠯᠤᠰ ᠤᠨ ᠰᠣᠯᠢᠯᠴᠠᠭ᠎ᠠ ᠪᠠ ᠦᠢᠯᠡᠳᠦᠯᠭᠡ ᠶᠢᠨ | ᠠᠵᠢᠯᠯᠠᠭ᠎ᠠ ᠥᠷᠨᠢᠭᠦᠯᠬᠦ ᠶᠢ ᠤᠯᠤᠰ ᠠᠴᠠ ᠵᠣᠷᠢᠭᠵᠢᠭᠤᠯᠤᠨ᠎ᠠ᠃ ᠪᠠᠷᠢᠯᠭ᠎ᠠ᠂ ᠵᠠᠮ ᠲᠡᠭᠡᠭᠡᠪᠦᠷᠢ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠵᠡᠷᠭᠡ | ᠬᠤᠯᠪᠣᠭᠳᠠᠯ ᠪᠦᠬᠦᠢ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠳᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠢᠭᠠᠨ | ᠰᠤᠷᠭᠠᠯᠲᠠ ᠪᠠ ᠦᠢᠯᠡᠳᠦᠯᠭᠡ ᠶᠢᠨ ᠠᠭᠤᠯᠭ᠎ᠠ ᠶᠢ ᠨᠡᠮᠡᠬᠦ ᠬᠡᠷᠡᠭᠲᠡᠢ᠂ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠤ ᠠᠵᠢᠯ ᠮᠡᠷᠭᠡᠵᠢᠯ ᠤᠨ ᠬᠢᠷᠢ ᠬᠡᠮ᠂ | ᠦᠷᠭᠦᠯᠵᠢᠯᠡᠭᠰᠡᠨ ᠰᠤᠷᠭᠠᠨ ᠬᠥᠮᠦᠵᠢᠯ ᠪᠤᠯᠤᠨ ᠪᠤᠰᠤᠳ ᠪᠣᠯᠪᠠᠰᠤᠷᠠᠯ ᠤᠨ ᠰᠢᠯᠭᠠᠯᠲᠠ ᠶᠢᠨ ᠠᠭᠤᠯᠭ᠎ᠠ ᠳᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ | ᠪᠠᠶᠢᠭᠤᠯᠤᠯᠲᠠ ᠶᠢᠨ ᠮᠡᠳᠡᠯᠭᠡ ᠶᠢ ᠪᠠᠭᠲᠠᠭᠠᠬᠤ ᠬᠡᠷᠡᠭᠲᠡᠢ᠃ | ᠲᠠᠪᠢᠨ ᠵᠢᠷᠭᠤᠳᠤᠭᠠᠷ ᠵᠦᠢᠯ᠄ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠤᠯᠤᠨ ᠨᠡᠶᠢᠭᠡᠮ ᠤᠨ ᠪᠤᠰᠤᠳ | ᠵᠣᠬᠢᠶᠠᠨ ᠪᠠᠶᠢᠭᠤᠯᠤᠯᠲᠠ ` ᠶᠢᠨ ᠬᠢᠨ ᠠᠵᠢᠯᠲᠠᠳ ᠲᠤ ᠪᠠᠨ ᠰᠠᠭᠠᠳ ᠦᠭᠡᠢ ᠦᠢᠯᠡᠴᠢᠯᠡᠭᠡᠨ ᠤ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ ᠶᠢ | ᠤᠯᠤᠰ ᠠᠴᠠ ᠵᠣᠷᠢᠭᠵᠢᠭᠤᠯᠤᠨ᠎ᠠ᠃ ᠲᠠᠪᠢᠨ ᠳᠣᠯᠣᠳᠤᠭᠠᠷ ᠵᠦᠢᠯ᠄ ᠬᠤᠳᠠ᠂ ᠪᠣᠯᠪᠠᠰᠤᠨ ᠭᠠᠴᠠᠭ᠎ᠠ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠨᠡᠶᠢᠭᠡᠮ | ᠲᠣᠭᠤᠷᠢᠭ᠂ ᠪᠣᠯᠪᠠᠰᠤᠨ ᠰᠤᠷᠭᠠᠭᠤᠯᠢ ᠶᠢ ᠡᠬᠦᠳᠬᠦ ᠠᠵᠢᠯᠯᠠᠭ᠎ᠠ ᠶᠢ ᠲᠣᠳᠣᠷᠬᠠᠶᠢᠯᠠᠬᠤ ᠳᠤ ᠪᠠᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ | |