8 ᠰᠠᠷ᠎ᠠ ᠶᠢᠨ 31 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ | ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠦ᠋ ᡁᠢ ᠴᠢᠶᠠᠩ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠬᠦ ᠶᠢᠨ | ᠬᠠᠮᠲᠤ ᠥᠪᠡᠷ ᠪᠡᠶ᠎ᠡ ᠶᠢᠨ ᠵᠠᠳᠠᠯᠤᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠨᠢᠭᠡᠳ ᠨᠢᠭᠡ ᠪᠠᠷ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠥᠭᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠤᠯᠠᠨ ᠢᠶᠠᠷ ᠢᠶᠠᠨ ᠠᠰᠠᠭᠤᠳᠠᠯ ᠢ ᠪᠠᠶᠢᠴᠠᠭᠠᠨ ᠳᠡᠯᠭᠡᠵᠦ᠂ ᠰᠢᠯᠲᠠᠭᠠᠨ ᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠴᠡᠭᠴᠡᠯᠡᠨ | ᠰᠠᠶᠢᠵᠢᠷᠠᠭᠤᠯᠬᠤ ᠴᠢᠭᠯᠡᠯ ᠢ ᠲᠣᠳᠣᠷᠬᠠᠶᠢᠯᠠᠵᠤ᠂ ᠶᠡᠷᠦᠩᠬᠡᠢ ᠳᠡᠭᠡᠨ ᠵᠢᠱᠢᠭᠰᠡᠨ ᠬᠠᠷᠠᠯᠲᠠ ᠳᠠᠭᠠᠨ ᠬᠦᠷᠴᠡᠢ᠃ ᠳᠠᠷᠠᠭᠠᠴᠢ ᠶᠢᠨ ᠠᠯᠬᠤᠮ ᠳᠤ᠂ ᠳᠦᠷᠪᠡᠨ ᠲᠠᠯ᠎ᠠ ᠠᠴᠠ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠨᠢᠭᠡ ᠳᠤ᠂ ᠤᠨᠦᠯ ᠤᠨ ᠰᠤᠷᠤᠯᠴᠠᠯᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠭᠦ ᠲᠠᠯ᠎ᠠ ᠪᠠᠷ ᠰᠤᠷᠦᠯᠴᠡᠵᠦ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠷᠦᠯᠴᠡᠵᠦ᠂ ᠤᠳᠤᠷᠢᠳᠬᠤ ᠺᠠᠳ᠋ᠷᠴᠤᠳ ᠲᠦᠷᠦᠭᠦᠯᠡᠨ | ᠰᠤᠷᠦᠯᠴᠡᠵᠦ᠂ ᠤᠯᠠᠷᠢᠭᠤᠯᠤᠨ ᠬᠡᠷᠡᠭᠯᠡᠬᠦ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ᠭᠡᠬᠦ ᠣᠶᠢᠯᠠᠭᠠᠭᠳᠠᠬᠤᠨ ᠢ ᠴᠢᠩᠭᠠᠷᠠᠭᠤᠯᠵᠤ᠂ | ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠤᠳᠤᠷᠢᠳᠬᠤ ᠺᠠᠳ᠋ᠷ | ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠭᠤᠷᠪᠠ ᠳᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ | ᠬᠡᠷᠡᠭᠲᠡᠢ᠃ ᠶᠡᠭᠡ ᠲᠠᠯ᠎ᠠ ᠶᠢ ᠪᠣᠳᠣᠯᠬᠢᠯᠠᠵᠤ᠂ ᠶᠡᠭᠡ ᠵᠠᠬᠢᠳᠠᠯ ᠰᠤᠷᠪᠤᠯᠵᠢᠯᠠᠯ ᠤᠨ ᠦᠵᠡᠯᠲᠡ ᠶᠢ ᠪᠤᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠵᠠᠬᠢᠳᠠᠯ ᠰᠤᠷᠪᠤᠯᠵᠢᠯᠠᠯ ᠤᠨ ᠠᠵᠢᠯ ᠳᠤ ᠲᠤᠭᠤᠰᠢᠯᠠᠭᠤᠯᠵᠤ᠂ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠳᠤ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠲᠤᠰᠬᠠᠵᠤ᠂ ᠠᠵᠢᠯ ᠤᠨ ᠰᠠᠨᠠᠭᠤᠯᠭ᠎ᠠ ᠳᠤᠷᠠᠳᠴᠤ᠂ ︽ | ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠠᠰᠠᠭᠤᠳᠠᠯ ᠢ ᠰᠢᠢᠳᠪᠦᠷᠢᠯᠡᠵᠦ᠂ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠶᠢ ᠰᠠᠶᠢᠲᠤᠷ ᠠᠳᠬᠤᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠰᠠᠭᠤᠳᠠᠯ ᠢ ᠦᠨᠳᠦᠰᠦᠨ ᠱᠠᠲᠤᠨ ᠳᠤᠨᠢ ᠰᠢᠢᠳᠪᠦᠷᠢᠯᠡᠬᠦ ᠪᠠᠷ | ᠴᠢᠷᠮᠠᠶᠢᠬᠤ ᠬᠡᠷᠡᠭᠲᠡᠢ᠃ ᠳᠦᠷᠢᠮ ᠲᠣᠭᠲᠠᠴᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠪᠠᠶᠢᠭᠤᠯᠤᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ ᠢ | ᠣᠷᠣᠯᠠᠨ ᠰᠢᠢᠳᠪᠦᠷᠢᠯᠡᠬᠦ ᠳᠦᠷᠢᠮ ᠢ ᠶᠡᠭᠡ ᠪᠠᠷ ᠬᠡᠷᠡᠭᠵᠢᠭᠦᠯᠦᠨ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠱᠠᠯᠠᠪᠳᠠᠨ ᠪᠠᠶᠢᠴᠠᠭᠠᠵᠤ ᠱᠠᠯᠠᠪᠳᠠᠨ | ᠰᠢᠢᠳᠪᠦᠷᠢᠯᠡᠭᠦᠯᠬᠦ ᠵᠡᠷᠭᠡ ᠠᠵᠢᠯ ᠤᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠬᠤᠪᠢᠳᠠᠭᠰᠠᠨ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠣᠯᠠᠨ ᠲᠦᠮᠡᠨ ᠤ ᠲᠤᠰᠬᠠᠭᠰᠠᠨ ᠵᠦᠢ | ᠵᠣᠬᠢᠰᠲᠠᠢ ᠭᠤᠮᠣᠳᠠᠯ ᠱᠠᠭᠠᠷᠳᠠᠯᠭ᠎ᠠ ᠳᠤ ︽ᠬᠦᠰᠡᠭᠰᠡᠨ ᠪᠦᠭᠦᠨ ᠢ ᠬᠠᠩᠭᠠᠵᠤ︾᠂ ᠦᠨᠡᠨ ᠪᠣᠳᠠᠲᠠᠢ ᠪᠠᠷ ᠰᠢᠢᠳᠪᠦᠷᠢᠯᠡᠵᠦ᠂ ᠬᠡᠯᠪᠡᠷᠢᠴᠢ ᠦᠵᠡᠯ ᠪᠠ ᠨᠣᠶᠠᠨᠴᠢ | ᠰᠤᠷᠲᠠᠯ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠣᠷᠣᠯᠴᠠᠵᠠᠢ᠃ | |