︽ᠤᠤᠯ ᠨᠢ ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠦᠭᠡᠢ ᠪᠤᠯᠭᠠᠬᠤ ᠳᠤ ᠡᠷᠬᠡᠪᠰᠢ ᠳᠠᠩᠰᠠᠯᠠᠭᠤᠯᠤᠭᠰᠠᠨ ᠭᠠᠵᠠᠷ ᠲᠠᠭᠠᠨ ᠬᠦᠷᠴᠦ ᠭᠦᠢᠴᠡᠳᠬᠡᠬᠦ | ᠬᠡᠷᠡᠭᠲᠡᠢ ᠭᠡᠵᠦ ᠪᠤᠳᠣᠵᠤ ᠪᠠᠶᠢᠭᠰᠠᠨ ᠪᠣᠯ᠂ ᠥᠨᠥ ᠰᠠᠭᠤᠭ᠎ᠠ ᠭᠠᠵᠠᠷ ᠲᠠᠭᠠᠨ ᠭᠦᠢᠴᠡᠳᠬᠡᠴᠢᠬᠡᠨᠡ ᠭᠡᠵᠦ ᠪᠤᠳᠣᠵᠤ ᠣᠯᠣᠭᠰᠠᠨ ᠦᠭᠡᠢ᠂ ᠡᠨᠡ ᠨᠢ ᠦᠨᠡᠬᠡᠷ | ᠳᠥᠭᠦᠮ ᠪᠣᠯᠵᠠᠢ︾ ᠣᠶᠢᠷ᠎ᠠ ᠳᠤ᠂ ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠨᠳᠣᠣ ᠭᠠᠵᠠᠷ ᠤᠨ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠭᠰᠡᠨ ᠸᠠᠩ | ᠠᠪᠠᠭ᠋ᠠᠢ ︽ᠪᠦᠭᠦ ᠣᠷᠣᠨ ᠳᠤ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠡᠷᠡᠬᠡᠢ ᠭᠠᠷᠭᠠᠨ ᠮᠠᠭᠲᠠᠨ᠎ᠠ᠃ | ︽ᠪᠦᠭᠦ ᠣᠷᠣᠨ ᠳᠤ ᠨᠡᠶᠢᠳᠡᠮ ᠭᠦᠢᠴᠡᠳᠬᠡᠬᠦ︾ ᠪᠣᠯ ᠵᠥᠪᠭᠡᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︶ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠰᠠᠶᠢᠲᠤᠷ ᠠᠳᠬᠤᠭᠰᠠᠨ ᠤ ᠨᠢᠭᠡᠨ ᠬᠤᠷᠢᠶᠠᠩᠭᠤᠢ ᠳᠦᠷᠰᠦ ᠪᠣᠯᠣᠨ᠎ᠠ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠭᠤᠣᠯ ᠰᠡᠳᠦᠪᠲᠦ ᠬᠥᠮᠦᠵᠢᠯ ᠢ | ᠲᠤᠬᠠᠶᠢᠯᠠᠭᠰᠠᠨ ᠠᠵᠢᠯ ᠯᠤᠭ᠎ᠠ ᠭᠦᠨᠵᠡᠭᠡᠢ ᠠᠭᠤᠰᠤᠯᠴᠠᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡ ᠪᠦᠯᠦᠭ ᠬᠦᠴᠢᠷ ᠲᠦᠪᠡᠭᠲᠡᠢ ᠲᠦᠭᠵᠢᠷᠡᠯ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠰᠠᠭᠤᠷᠢ ᠲᠤᠭ᠎ᠠ ᠨᠢ ᠲᠣᠳᠣᠷᠬᠠᠢ ᠦᠭᠡᠢ᠂ ᠴᠢᠭᠯᠡᠯ ᠨᠢ ᠲᠣᠳᠣᠷᠬᠠᠢ ᠦᠭᠡᠢ᠂ | ᠭᠠᠷᠳᠠᠴᠠ ᠨᠢ ᠪᠣᠳᠠᠲᠠᠢ ᠪᠢᠰᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠭᠦᠢᠴᠡᠳ ᠪᠠᠶᠢᠴᠠᠭᠠᠨ ᠰᠤᠳᠤᠯᠤᠯᠲᠠ ᠪᠠ ᠨᠤᠲᠠᠯᠠᠯᠲᠠ ᠬᠢᠬᠦ ᠪᠠᠷ ᠲᠠᠮᠵᠢᠨ᠂ ᠡᠯ᠎ᠡ | ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ︽ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ | ᠠᠵᠢᠯ ᠤᠨ ᠲᠥᠰᠥᠯ︾ ᠪᠣᠯᠣᠨ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠢᠨᠠᠨ ᠬᠡᠮᠵᠢᠬᠦ ᠲᠠᠪᠴᠠᠩ ᠤᠨ | ᠪᠠᠶᠢᠭᠤᠯᠤᠯᠲᠠ ᠶᠢᠨ ᠰᠡᠳᠬᠢᠮᠵᠢ ᠶᠢ ᠰᠤᠳᠤᠯᠤᠨ ᠳᠤᠷᠠᠳᠪᠠ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠭ᠎ᠠ ᠪᠠᠷᠢᠮᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ︽ᠭᠤᠷᠪᠠᠨ ᠨᠠᠷᠢᠨ ᠲᠠᠩᠰᠠ︾ | ᠶᠢᠨ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠢ ᠪᠠᠶᠢᠭᠤᠯᠬᠤ ᠲᠥᠰᠥᠯ ᠪᠠ ︽ᠨᠢᠭᠡ | ᠬᠦᠰᠦᠨᠦᠭᠲᠦ ᠪᠠᠷ ᠨᠡᠪᠲᠡᠷᠡᠭᠦᠯᠬᠦ︾ ᠠᠵᠢᠯ ᠤᠨ ᠲᠥᠰᠥᠯ ᠢ ᠨᠠᠶᠢᠷᠠᠭᠤᠯᠤᠨ ᠵᠣᠬᠢᠶᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠰᠠ ︽ | ᠠᠷᠠᠳ ᠤᠨ ᠰᠠᠨᠠᠭ᠎ᠠ ᠶᠢ ᠣᠶᠢᠯᠠᠭᠠᠬᠤ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ︾ ᠲᠤᠰᠬᠠᠢ ᠠᠵᠢᠯᠯᠠᠭ᠎ᠠ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ︽ᠠᠵᠢᠯ ᠣᠯᠭᠤᠯᠲᠠ ᠶᠢᠨ | ᠦᠢᠯᠡᠴᠢᠯᠡᠭᠡᠨ ᠤ ᠲᠤᠰᠬᠠᠢ ᠪᠤᠯᠤᠩ︾᠂ ︽ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠲᠣᠭᠤᠷᠢᠭ︾ ᠪᠠ ︽ᠠᠵᠤ ᠠᠬᠤᠶᠢᠯᠠᠯ ᠢ | ᠲᠤᠰᠠᠯᠠᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠲᠤᠰᠬᠠᠢ ᠲᠣᠭᠤᠷᠢᠭ︾ ᠢ ᠰᠢᠨ᠎ᠡ ᠪᠠᠷ ᠪᠠᠶᠢᠭᠤᠯᠵᠤ᠂ ᠨᠡᠶᠢᠭᠡᠮ ᠤᠨ ᠳᠠᠭᠠᠳᠬᠠᠯ ᠡᠮ | ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠠᠵᠢᠯ ᠠᠯᠳᠠᠯᠲᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ | ᠣᠯᠠᠨ ᠵᠦᠢᠯ ᠤᠨ ᠭᠤᠣᠯ ᠰᠡᠳᠦᠪᠲᠦ ᠦᠢᠯᠡᠴᠢᠯᠡᠭᠡ ᠶᠢ ᠬᠠᠮᠤᠷᠴᠠᠢ᠃ ᠣᠳᠣᠬᠠᠨ ᠪᠤᠯᠲᠠᠯ᠎ᠠ᠂ ᠪᠦᠭᠦ ᠣᠷᠣᠨ ᠳᠤ ᠡᠯ᠎ᠡ ᠲᠥᠷᠥᠯ ᠤᠨ ᠣᠨᠴᠠᠯᠢᠭᠲᠤ ᠲᠤᠰᠬᠠᠢ | ᠰᠡᠳᠦᠪᠲᠦ ᠦᠢᠯᠡᠴᠢᠯᠡᠭᠡ ᠶᠢ ᠨᠡᠶᠢᠲᠡ 2640 ᠪᠠᠶᠢᠭᠤᠯᠵᠤ᠂ ᠣᠨᠴᠠᠯᠢᠭᠲᠤ ᠬᠡᠷᠡᠭᠯᠡᠭᠡᠨ ᠤ ᠵᠦᠢᠯ ᠢ ᠨᠡᠶᠢᠲᠡ 1119 ᠵᠠᠯᠭᠠᠨ ᠣᠷᠣᠭᠤᠯᠪᠠ᠃ | ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠪᠣᠯ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠣᠯᠣᠨ᠎ᠠ᠂ | ᠠᠰᠠᠭᠤᠳᠠᠯ ᠢ ᠪᠠᠶᠢᠴᠠᠭᠠᠨ ᠦᠵᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ︽ᠦᠷ᠎ᠡ ᠪᠦᠲᠦᠮᠵᠢ︾ ᠨᠢ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠮᠵᠢ ᠶᠢ ᠰᠢᠭᠤᠳ ᠨᠥᠯᠥᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ︶ ᠨᠢ ᠰᠤᠷᠤᠯᠴᠠᠬᠤ᠂ ᠬᠠᠷᠢᠴᠠᠭᠤᠯᠬᠤ᠂ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ ᠪᠠᠷᠢᠮᠲᠠᠯᠠᠵᠤ᠂ ︽1377︾ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠲᠣᠬᠢᠷᠠᠭᠤᠯᠬᠤ ᠠᠷᠭ᠎ᠠ ᠶᠢ ᠬᠡᠷᠡᠭᠯᠡᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠭᠦ | ᠶᠠᠪᠤᠴᠠ ᠳᠤ ᠲᠤᠭᠤᠰᠢᠯᠠᠭᠤᠯᠤᠨ᠂ ᠠᠷᠠᠳ ᠣᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠦᠨ᠎ᠡ᠃ | ︽1377︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠲᠣᠬᠢᠷᠠᠭᠤᠯᠬᠤ ᠠᠷᠭ᠎ᠠ ᠶᠢᠨ ︽1︾ ᠭᠡᠳᠡᠭ ᠨᠢ ᠨᠢᠭᠡ ᠳᠡᠪᠲᠡᠷ ᠡᠬᠡ ᠲᠠᠩᠰᠠ ᠪᠠᠶᠢᠭᠤᠯᠵᠤ᠂ | ᠭᠤᠣᠯᠳᠠᠭᠤ 4 ᠲᠠᠯ᠎ᠠ᠂ 15 ᠠᠰᠠᠭᠤᠳᠠᠯ ᠵᠢᠴᠢ 34 ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤ ᠬᠤᠯᠪᠣᠭᠳᠠᠵᠤ᠂ ᠠᠰᠠᠭᠤᠳᠠᠯ ᠢ ᠪᠠᠶᠢᠴᠠᠭᠠᠨ | ᠦᠵᠡᠬᠦ ᠠᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠠᠷᠠᠯᠲᠠ᠂ ᠴᠠᠭ ᠤᠨ ᠬᠢᠵᠠᠭᠠᠷ᠂ ᠬᠠᠷᠢᠭᠤᠴᠠᠯᠭᠠᠲᠠᠨ ᠤ ᠪᠦᠷᠢᠨ ᠪᠦᠲᠦᠨ ᠴᠡᠭᠴᠡᠯᠡᠨ | ᠰᠠᠶᠢᠵᠢᠷᠠᠭᠤᠯᠬᠤ ᠬᠡᠯᠬᠢᠶ᠎ᠡ ᠶᠢ ᠪᠦᠷᠢᠯᠳᠦᠭᠦᠯᠵᠡᠶ︔ ︽3︾ ᠭᠡᠳᠡᠭ ᠨᠢ ᠭᠤᠷᠪᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠂ | ᠨᠢᠭᠡ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠵᠤ᠂ ᠠᠰᠠᠭᠤᠳᠠᠯ ᠨᠢᠭᠡ ᠪᠦᠷᠢ ᠳᠤ ᠨᠢᠭᠡ ᠤᠳᠤᠷᠢᠳᠬᠤ ᠪᠠᠭ ᠤᠨ ᠪᠦᠷᠢᠯᠳᠦᠭᠦᠨ ᠢᠶᠠᠷ | ᠲᠦᠷᠦᠭᠦᠯᠡᠨ ᠬᠠᠷᠢᠭᠤᠴᠠᠭᠤᠯᠵᠤ᠂ ᠪᠦᠬᠦᠯᠢ ᠴᠣᠭᠴᠠ ᠪᠠᠷ ᠨᠢ ᠲᠦᠯᠬᠢᠨ ᠠᠭᠢᠭᠤᠯᠤᠨ᠎ᠠ︔ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠳᠠᠭᠠᠭᠠᠨ ᠰᠢᠢᠳᠪᠦᠷᠢᠯᠡᠬᠦ ᠭᠠᠵᠠᠷ ᠪᠠ ᠲᠠᠰᠤᠭ ᠤᠨ ᠬᠢᠨ ᠲᠤᠰᠬᠠᠢ ᠬᠥᠮᠥᠨ ᠭᠦᠢᠴᠡᠳᠬᠡᠬᠦ ᠶᠢ ᠲᠣᠳᠣᠷᠬᠠᠶᠢᠯᠠᠵᠤ᠂ ᠴᠡᠭᠴᠡᠯᠡᠨ | ᠰᠠᠶᠢᠵᠢᠷᠠᠭᠤᠯᠬᠤ ᠬᠠᠷᠠᠯᠲᠠ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ︔ ᠭᠤᠷᠪᠠ ᠳᠤ᠂ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ | ᠪᠠᠶᠢᠭᠤᠯᠵᠤ᠂ ᠪᠠᠭ ᠤᠨ ᠪᠦᠷᠢᠯᠳᠦᠭᠦᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ᠂ ᠪᠠᠶᠢᠩᠭᠤ ᠶᠢᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢᠶᠠᠷ ᠳᠠᠮᠵᠢᠭᠤᠯᠤᠨ᠂ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠬᠢᠷᠠᠭᠤᠯᠤᠨ ᠠᠬᠢᠭᠤᠯᠪᠠ᠃ ︽77︾ ᠭᠡᠳᠡᠭ ᠨᠢ ᠪᠠᠶᠢᠴᠠᠭᠠᠨ ᠢᠯᠡᠷᠡᠭᠦᠯᠦᠭᠰᠡᠨ | ᠠᠰᠠᠭᠤᠳᠠᠯ ᠢ ᠲᠤᠯᠤᠭᠠᠨ ᠡᠳᠦᠷ ᠤᠨ ᠳᠣᠲᠣᠷ᠎ᠠ ᠪᠣᠳᠠᠲᠠᠢ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠪᠤᠢ ᠪᠤᠯᠭᠠᠵᠤ᠂ ᠠᠰᠠᠭᠤᠳᠠᠯ ᠨᠢᠭᠡᠪᠦᠷᠢ ᠶᠢ | ᠲᠤᠯᠤᠭᠠᠨ ᠡᠳᠦᠷ ᠤᠨ ᠳᠣᠲᠣᠷ᠎ᠠ ᠡᠷᠬᠡᠪᠰᠢ ᠴᠡᠭᠴᠡᠯᠡᠨ ᠰᠠᠶᠢᠵᠢᠷᠠᠭᠤᠯᠬᠤ ᠰᠢᠨ᠎ᠡ ᠠᠬᠢᠴᠠ ᠲᠠᠢ ᠪᠣᠯᠭᠠᠨ᠎ᠠ᠃ | ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠳᠤ ᠡᠷᠬᠡᠪᠰᠢ ︽ᠪᠠᠷᠢᠨ ᠴᠡᠭᠴᠡᠯᠡᠨ ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ | ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠠᠴᠠ 15 ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠪᠠᠶᠢᠴᠠᠭᠠᠨ | ᠡᠮᠬᠢᠯᠡᠵᠦ᠂ ᠣᠳᠣᠬᠠᠨ ᠳᠤ ᠨᠢᠭᠡᠨᠲᠡ 12 ᠢ ᠨᠢ ᠪᠡᠶᠡᠯᠡᠭᠦᠯᠵᠦ᠂ 4 ᠶᠢ ᠨᠢ ᠬᠠᠰᠤᠵᠤ᠂ 9 ᠵᠦᠢᠯ ᠤᠨ ᠳᠦᠷᠢᠮ ᠲᠣᠭᠲᠠᠭᠠᠯ ᠲᠣᠭᠲᠠᠭᠠᠵᠤ᠂ 8 ᠰᠠᠷ᠎ᠠ ᠶᠢᠨ | ᠰᠡᠭᠦᠯᠴᠢ ᠪᠠᠷ ᠪᠦᠭᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠪᠠᠷ ᠲᠥᠯᠥᠪᠯᠡᠵᠦ᠂ ᠲᠣᠮᠣ ᠳ᠋ᠠᠶᠢᠲ᠋ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯ᠎ᠡ | ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠪᠠ᠃ | |