9 ᠰᠠᠷ᠎ᠠ ᠶᠢᠨ 2 ᠤᠨ ᠡᠳᠦᠷ᠂ 2023 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠦᠢᠯᠡᠴᠢᠯᠡᠭᠡ ᠶᠢᠨ ᠠᠷᠠᠯᠵᠢᠶᠠᠨ ᠤ ᠴᠤᠭᠯᠠᠭᠠᠨ | ᠪᠡᠭᠡᠵᠢᠩ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠮᠠᠨ ᠤ ᠣᠷᠣᠨ ᠤ ᠦᠢᠯᠡᠴᠢᠯᠡᠭᠡ ᠶᠢᠨ ᠠᠷᠠᠯᠵᠢᠶᠠᠨ ᠤ 36 ᠠᠵᠤ | ᠠᠬᠤᠶᠢᠯᠠᠯ ᠢᠶᠠᠷ ᠪᠦᠷᠢᠯᠳᠦᠭᠰᠡᠨ ᠥᠪᠥᠷ ᠮᠣᠩᠭᠤᠯ ᠤᠨ ᠠᠷᠠᠯᠵᠢᠶᠠᠨ ᠤ ᠪᠦᠯᠭᠦᠮ ᠢ ᠳᠠᠭᠠᠭᠤᠯᠤᠨ ᠦᠵᠡᠰᠭᠦᠯᠡᠩ ᠴᠤᠭᠯᠠᠭᠠᠨ ᠳᠤ ᠣᠷᠣᠯᠴᠠᠪᠠ᠃ | ᠲᠣᠰ ᠤᠳᠠᠭᠠᠨ ᠤ ᠦᠢᠯᠡᠴᠢᠯᠡᠭᠡ ᠶᠢᠨ ᠠᠷᠠᠯᠵᠢᠶᠠᠨ ᠤ ᠴᠤᠭᠯᠠᠭᠠᠨ ᠨᠢ ︽ᠨᠡᠭᠡᠭᠡᠯᠲᠡ ᠪᠠᠷ ᠬᠥᠭᠵᠢᠯᠲᠡ ᠶᠢ ᠬᠥᠲᠥᠯᠥᠨ ᠳᠠᠭᠠᠭᠤᠯᠵᠤ᠂ ᠬᠠᠮᠲᠤᠷᠠᠯᠴᠠᠭ᠎ᠠ | ᠬᠢᠵᠦ ᠢᠷᠡᠭᠡᠳᠦᠢ ᠳᠤ ᠬᠠᠮᠲᠤ ᠪᠠᠷ ᠠᠰᠢᠭ ᠭᠦᠷᠳᠡᠶᠠ︾ ᠭᠤᠣᠯ ᠰᠡᠳᠦᠪ ᠤᠨ ᠲᠣᠭᠤᠷᠢᠨ ᠳᠤ᠂ ᠪᠦᠭᠦ ᠪᠥᠮᠪᠥᠷᠴᠡᠭ ᠤᠨ ᠦᠢᠯᠡᠴᠢᠯᠡᠭᠡ ᠶᠢᠨ ᠠᠷᠠᠯᠵᠢᠶᠠᠨ ᠤ | ᠲᠦᠷᠦᠭᠦᠴᠦᠳ ᠤᠨ ᠬᠤᠷᠠᠯ᠂ ᠦᠵᠡᠰᠭᠦᠯᠡᠩ ᠳᠡᠯᠭᠡᠨ ᠦᠵᠡᠭᠦᠯᠭᠡ᠂ ᠶᠠᠷᠢᠶᠠᠨ ᠤ ᠲᠠᠪᠴᠠᠩ ᠤᠨ ᠬᠤᠷᠠᠯ᠂ ᠲᠠᠨᠢᠯᠴᠠᠭᠤᠯᠭ᠎ᠠ ᠵᠥᠪᠳᠡᠯᠴᠡᠭᠡᠷ᠂ ᠦᠷ᠎ᠡ ᠪᠦᠲᠦᠭᠡᠯ ᠢ | ᠨᠡᠶᠢᠲᠡᠯᠡᠬᠦ᠂ ᠢᠵᠢ ᠪᠦᠷᠢᠳᠦᠭᠦᠯᠬᠦ ᠠᠵᠢᠯᠯᠠᠭ᠎ᠠ ᠵᠡᠷᠭᠡ 6 ᠲᠥᠷᠥᠯ ᠤᠨ ᠠᠵᠢᠯᠯᠠᠭ᠎ᠠ ᠶᠢ ᠡᠷᠭᠢᠯᠡᠵᠦ᠂ ᠨᠡᠶᠢᠲᠡ 2400 ᠭᠠᠷᠤᠢ ᠠᠵᠤ ᠠᠬᠤᠶᠢᠯᠠᠯ ᠲᠤᠬᠠᠢ ᠶᠢᠨ | ᠲᠠᠯᠠᠪᠠᠢ ᠳᠤ ᠦᠵᠡᠰᠭᠦᠯᠡᠩ ᠳᠤ ᠣᠷᠣᠯᠴᠠᠪᠠ᠃ ᠥᠪᠥᠷ ᠮᠣᠩᠭᠤᠯ ᠤᠨ ᠠᠷᠠᠯᠵᠢᠶᠠᠨ ᠤ ᠪᠦᠯᠭᠦᠮ ᠨᠢ ᠮᠠᠨ ᠤ ᠣᠷᠣᠨ ᠤ ᠬᠢᠲᠠᠳ ᠮᠣᠩᠭᠤᠯ ᠡᠮ ᠡᠮᠨᠡᠯᠭᠡ᠂ | ᠰᠣᠶᠣᠯ ᠤᠨ ᠪᠦᠲᠦᠭᠡᠯᠴᠢ ᠰᠡᠳᠬᠢᠮᠵᠢ᠂ ᠮᠡᠳᠡᠭᠡ ᠵᠠᠩᠭᠢ ᠶᠢᠨ ᠦᠢᠯᠡᠴᠢᠯᠡᠭᠡ᠂ ᠲᠣᠭᠠᠴᠢᠯᠠᠭᠰᠠᠨ ᠮᠡᠷᠭᠡᠵᠢᠯ ᠵᠡᠷᠭᠡ ᠦᠢᠯᠡᠴᠢᠯᠡᠭᠡᠨ ᠤ ᠠᠷᠠᠯᠵᠢᠶᠠᠨ ᠤ | ᠬᠦᠷᠢᠶᠡᠨ ᠳᠠᠬᠢ ᠬᠥᠭᠵᠢᠯᠲᠡ ᠶᠢᠨ ᠦᠷ᠎ᠡ ᠪᠦᠲᠦᠭᠡᠯ ᠢ ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠯᠤᠭ᠎ᠠ ᠶᠢᠨ | ᠦᠢᠯᠡᠴᠢᠯᠡᠭᠡ ᠶᠢᠨ ᠠᠷᠠᠯᠵᠢᠶᠠᠨ ᠤ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ | |