8 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠤᠯᠠᠨ ᠤᠯᠤᠰ ᠤᠨ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠭᠦᠭᠡᠬᠤᠲᠠ ᠳᠤ ᠫᠠᠶᠢᠰᠠ | ᠰᠡᠬᠦᠵᠦ ᠪᠠᠶᠢᠭᠤᠯᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | ᠥᠪᠥᠷ ᠮᠣᠩᠭᠤᠯ ᠤᠨ ᠣᠯᠠᠨ ᠤᠯᠤᠰ ᠤᠨ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢ ᠪᠠᠶᠢᠭᠤᠯᠬᠤ ᠪᠣᠯ ᠮᠠᠨ ᠤ ᠣᠷᠣᠨ ᠤ ︽ᠲᠠᠪᠤᠨ ᠶᠡᠭᠡ | ᠡᠭᠦᠷᠭᠡ︾ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠴᠣᠭᠴᠠᠯᠠᠬᠤ᠂ ᠣᠷᠣᠨ ᠪᠦᠰᠡ ᠶᠢᠨ ᠨᠡᠭᠡᠭᠡᠯᠲᠡ ᠬᠢᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠴᠢᠬᠤᠯᠠ ᠭᠠᠷᠳᠠᠴᠠ ᠮᠥᠨ᠂ ᠥᠨᠳᠥᠷ ᠬᠢᠷᠢ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠲᠦᠷᠭᠡᠳᠬᠡᠨ ᠠᠬᠢᠭᠤᠯᠬᠤ᠂ ᠮᠠᠨ ᠤ ᠣᠷᠣᠨ ᠤ ︽ᠠᠵᠤ ᠠᠬᠤᠢ ᠶᠢᠨ ᠨᠡᠪᠲᠡᠷᠡᠬᠦ ᠵᠠᠮ︾ ᠠᠴᠠ ︽ᠨᠡᠪᠲᠡᠷᠡᠬᠦ ᠵᠠᠮ ᠤᠨ ᠠᠵᠤ ᠠᠬᠤᠢ︾ | ᠲᠡᠶᠢᠰᠢ ᠬᠤᠪᠢᠷᠠᠬᠤ᠂ ︽ᠳᠠᠮᠵᠢᠯᠭ᠎ᠠ ᠶᠢᠨ ᠠᠵᠤ ᠠᠬᠤᠢ︾ ᠠᠴᠠ ︽ᠰᠠᠭᠤᠷᠢᠰᠢᠯ ᠤᠨ ᠠᠵᠤ ᠠᠬᠤᠢ︾ ᠲᠡᠶᠢᠰᠢ ᠰᠢᠯᠵᠢᠭᠦ ᠶᠢ ᠠᠬᠢᠭᠤᠯᠬᠤ ᠴᠢᠬᠤᠯᠠ | ᠠᠴᠢᠶᠠᠯᠠᠪᠤᠷᠢ ᠮᠥᠨ᠃ ᠥᠪᠥᠷ ᠮᠣᠩᠭᠤᠯ ᠤᠨ ᠣᠯᠠᠨ ᠤᠯᠤᠰ ᠤᠨ ᠠᠷᠠᠯᠵᠢᠶᠠᠨ ᠤ ᠪᠦᠯᠦᠭᠯᠡᠯ ᠤᠨ ᠪᠠᠶᠢᠭᠤᠯᠤᠭᠳᠠᠭᠰᠠᠨ ᠨᠢ ᠥᠪᠡᠷᠲᠡᠭᠡᠨ ᠵᠠᠰᠠᠬᠤ ᠣᠷᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ ᠬᠢᠯᠢ ᠶᠢᠨ ᠪᠣᠭᠤᠮᠲᠠ ᠶᠢᠨ | ᠪᠦᠲᠦᠭᠡᠨ ᠪᠠᠶᠢᠭᠤᠯᠤᠯᠲᠠ᠂ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠭᠦ ᠪᠣᠯᠣᠨ᠎ᠠ᠃ | |