9 ᠳ᠋ᠦ᠋ᠭᠡᠷ ᠰᠠᠷ᠎ᠠ ᠶᠢᠨ 4 ᠤ ᠡᠳᠦᠷ᠂ 2023 ᠣᠨ ᠤ ᠳᠤᠮᠳᠠᠳᠤ ᠤᠯᠤᠰ ᠤᠨ ᠰᠣᠶᠣᠯ ᠤᠨ ᠣᠷᠳᠣᠨ ᠤ ᠣᠨ ᠤ ᠬᠤᠷᠠᠯ ᠢ ᠪᠤᠭᠤᠲᠤ ᠬᠤᠲᠠᠨ᠎ᠠ | ᠬᠤᠷᠠᠯᠳᠤᠭᠤᠯᠪᠠ᠃ | ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠰᠠᠶᠢᠳ ᠷᠣᠣ ᠴᠢᠤᠸᠠᠨ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠶᠠᠩ ᠶᠢᠨ ᠣᠨ ᠤ ᠬᠤᠷᠠᠯ ᠳᠤ ᠣᠷᠣᠯᠴᠠᠵᠠᠢ᠃ | ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠰᠣᠶᠣᠯ ᠤᠨ ᠣᠷᠳᠣᠨ ᠤ ᠣᠨ ᠤ ᠬᠤᠷᠠᠯ ᠨᠢ ᠰᠣᠶᠣᠯ ᠤᠨ ᠣᠷᠳᠣᠨ ᠤ ᠬᠢᠨ ᠤ ᠲᠠᠰ ᠢᠶᠠᠷ ᠬᠠᠮᠤᠭ | ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ ᠠᠵᠢᠯ ᠲᠥᠷᠥᠯ ᠤᠨ ᠦᠪᠡᠳᠡᠭᠰᠢ ᠴᠤᠭᠯᠠᠭᠠᠨ ᠪᠣᠯᠤᠭᠰᠠᠨ ᠤ ᠬᠤᠪᠢ ᠳᠤ᠂ ᠨᠢᠭᠡᠨᠲᠡ ᠰᠣᠶᠣᠯ ᠤᠨ | ᠣᠷᠳᠣᠨ ᠤ ᠬᠢᠨ ᠤ ᠬᠠᠮᠲᠤᠷᠠᠯᠴᠠᠨ ᠰᠣᠯᠢᠯᠴᠠᠬᠤ ᠪᠠ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠴᠢᠬᠤᠯᠠ ᠲᠠᠪᠴᠠᠩ ᠪᠣᠯᠣᠭᠰᠠᠨ ᠪᠥᠭᠡᠳ ᠠᠵᠢᠯ ᠲᠥᠷᠥᠯ ᠤᠨ | ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠬᠤ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠪᠠᠲᠤᠳᠬᠠᠬᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠵᠤ ᠪᠠᠶᠢᠨ᠎ᠠ᠃ ᠲᠣᠰ ᠤᠳᠠᠭᠠᠨ ᠤ ᠣᠨ ᠤ ᠬᠤᠷᠠᠯ ᠪᠣᠯ ᠥᠪᠥᠷ ᠮᠣᠩᠭᠤᠯ ᠤᠨ ᠠᠩᠬᠠᠳᠤᠭᠠᠷ ᠤᠳᠠᠭ᠎ᠠ | ᠳᠠᠭᠠᠭᠠᠨ ᠡᠷᠭᠢᠯᠡᠭᠰᠡᠨ ᠰᠣᠶᠣᠯ ᠤᠨ ᠣᠷᠳᠣᠨ ᠤ ᠬᠢᠨ ᠤ ᠪᠥᠬᠦ ᠤᠯᠤᠰ ᠤᠨ ᠴᠢᠨᠠᠷᠲᠠᠢ ᠬᠤᠷᠠᠯ ᠪᠠᠶᠢᠵᠤ᠂ ᠮᠠᠨ ᠤ ᠣᠷᠣᠨ ᠤ ᠣᠯᠠᠨ ᠨᠡᠶᠢᠲᠡ ᠶᠢᠨ ᠰᠣᠶᠣᠯ ᠤᠨ | ᠳᠠᠪᠰᠢᠩᠭᠤᠢ ᠣᠨᠣᠯ ᠢ ᠰᠤᠷᠤᠯᠴᠠᠬᠤ᠂ ᠲᠡᠷᠢᠭᠦᠨ ᠤ ᠲᠤᠷᠰᠢᠯᠭ᠎ᠠ ᠪᠠᠨ ᠰᠣᠯᠢᠯᠴᠠᠬᠤ ᠳᠤ ᠣᠯᠳᠠᠬᠤᠶ᠎ᠠ ᠪᠡᠷᠬᠡ ᠲᠣᠬᠢᠶᠠᠯ ᠬᠠᠩᠭᠠᠭᠰᠠᠨ ᠠᠵᠢ᠃ |