9 ᠳ᠋ᠦ᠋ᠭᠡᠷ ᠰᠠᠷ᠎ᠠ ᠶᠢᠨ 4 ᠤ ᠡᠳᠦᠷ᠂ ᠪᠥᠬᠦ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠫᠷᠤᠵᠧᠺᠲ ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ | ᠬᠡᠷᠡᠭᠯᠡᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠳᠤᠪᠤᠶᠢᠯᠭᠠᠵᠤ᠂ ᠲᠥᠯᠥᠪᠵᠢᠭᠦᠯᠦᠨ ᠪᠠᠶᠢᠷᠢᠰᠢᠭᠤᠯᠬᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ | ᠬᠡᠷᠡᠭᠵᠢᠭᠦᠯᠬᠦ᠂ ᠫᠷᠤᠵᠧᠺᠲ ᠤᠨ ᠪᠦᠲᠦᠭᠡᠨ ᠪᠠᠶᠢᠭᠤᠯᠤᠯᠲᠠ ᠪᠣᠯᠣᠨ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ | ᠳᠦᠷᠦᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ ᠬᠤᠲᠠ᠂ ᠬᠤᠰᠢᠭᠤ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠬᠠᠮᠵᠢᠯᠴᠠᠨ ᠬᠦᠴᠦᠯᠡᠵᠦ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠫᠷᠤᠵᠧᠺᠲ ᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠪᠡ᠃ | |