ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠤᠷᠭᠠᠭᠤᠯᠢ ᠳᠤ ᠭᠦᠨᠵᠡᠭᠡᠶᠢᠷᠡᠬᠦ ᠰᠢᠷᠢᠰ ᠠᠵᠢᠯᠯᠠᠭ᠎ᠠ ᠵᠢᠴᠢ ︽ᠵᠠᠭᠤᠨ | ᠬᠤᠷᠠᠩᠳᠠ ᠵᠠᠭᠤᠨ ᠰᠤᠷᠭᠠᠭᠤᠯᠢ ᠳᠤ ᠭᠦᠨᠵᠡᠭᠡᠶᠢᠷᠡᠬᠦ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠨᠣᠮ ᠪᠢᠴᠢᠭ ᠬᠦᠷᠭᠡᠬᠦ ᠠᠵᠢᠯᠯᠠᠭ᠎ᠠ | ᠶᠠᠪᠤᠭᠳᠠᠪᠠ | ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠢ ᠥᠷᠨᠢᠭᠦᠯᠵᠦ᠂ ᠵᠠᠯᠠᠭᠤᠴᠤᠳ | ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠣᠷᠮ᠎ᠠ ᠵᠣᠷᠢᠭ ᠢ ᠬᠥᠭᠵᠢᠭᠡᠵᠦ᠂ ᠵᠠᠯᠠᠭᠤᠴᠤᠳ ᠪᠠᠭᠠᠴᠤᠳ ᠬᠤᠪᠢᠰᠬᠠᠯ ᠤᠨ ᠣᠯᠠᠮᠵᠢᠯᠠᠯ ᠢ | ᠵᠠᠯᠭᠠᠮᠵᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠵᠤ᠂ ᠴᠡᠷᠢᠭ ᠠᠩᠭᠢ ᠶᠢ ᠬᠠᠶᠢᠷᠠᠯᠠᠨ᠂ ᠴᠡᠷᠢᠭ ᠢ ᠬᠦᠨᠳᠦᠳᠬᠡᠬᠦ ᠭᠦᠨ ᠵᠤᠵᠠᠭᠠᠨ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠣᠰᠠᠳᠠ 3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠰᠢᠩᠬᠤᠸᠠ ᠨᠣᠮ ᠤᠨ ᠳᠡᠯᠭᠡᠭᠦᠷ ᠬᠠᠮᠲᠤᠷᠠᠨ | ᠬᠤᠶᠠᠳᠤᠭᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠰᠤᠷᠭᠠᠭᠤᠯᠢ ᠳᠤ ᠭᠦᠨᠵᠡᠭᠡᠶᠢᠷᠡᠬᠦ ᠰᠢᠷᠢᠰ ᠠᠵᠢᠯᠯᠠᠭ᠎ᠠ ᠵᠢᠴᠢ ︽ ᠵᠠᠭᠤᠨ ᠬᠤᠷᠠᠩᠳᠠ ᠵᠠᠭᠤᠨ ᠰᠤᠷᠭᠠᠭᠤᠯᠢ ᠳᠤ | ᠭᠦᠨᠵᠡᠭᠡᠶᠢᠷᠡᠬᠦ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠨᠣᠮ ᠪᠢᠴᠢᠭ ᠬᠦᠷᠭᠡᠬᠦ ᠠᠵᠢᠯᠯᠠᠭ᠎ᠠ ᠥᠷᠨᠢᠭᠦᠯᠪᠡ ᠃ | ᠠᠵᠢᠯᠯᠠᠭᠠᠨ ᠳᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠤᠨ ᠳᠠᠷᠠᠭ᠎ᠠ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ | ᠶᠠᠩ ᠴᠢᠩ ᠬᠤᠸᠠ ᠵᠢᠴᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶᠠᠲᠠᠢ ᠬᠠᠷᠢᠭᠤᠴᠠᠯᠭᠠᠲᠠᠨ ᠠᠴᠠ ᠲᠣᠰ ᠬᠤᠶᠠᠷ ᠰᠤᠷᠭᠠᠭᠤᠯᠢ ᠳᠤ | ︽ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠩᠰᠢᠯᠭ᠎ᠠ ᠶᠢᠨ ᠪᠤᠯᠤᠩ︾ ᠤᠨ ᠫᠠᠶᠢᠰᠠ ᠣᠯᠭᠤᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠨᠣᠮ ᠪᠢᠴᠢᠭ ᠤᠳ ᠬᠥᠷᠭᠡᠭᠰᠡᠨ ᠪᠠᠶᠢᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ | ᠰᠠᠭᠤᠷᠢ ᠪᠠᠶᠢᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠮᠥᠨ᠃ ᠲᠣᠰ ᠤᠳᠠᠭᠠᠨ ᠤ ᠪᠥᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠳᠤ ᠭᠦᠨᠵᠡᠭᠡᠶᠢᠷᠡᠭᠦᠯᠬᠦ ᠠᠵᠢᠯᠯᠠᠭ᠎ᠠ ᠨᠢ ᠴᠡᠷᠢᠭ ᠠᠩᠭᠢ ᠪᠠ ᠣᠷᠣᠨ ᠨᠤᠲᠤᠭ | ᠬᠦᠴᠦ ᠪᠠᠨ ᠬᠠᠮᠲᠤᠳᠬᠠᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠢᠨ᠎ᠡ ᠠᠮᠢ ᠠᠬᠤᠢ ᠶᠢ ᠪᠣᠶ ᠪᠣᠯᠭᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠣᠷᠭᠠᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠢ | ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯ ᠤᠨ ᠣᠯᠠᠮᠵᠢᠯᠠᠯ ᠢ ᠵᠠᠯᠭᠠᠮᠵᠢᠯᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠲᠠᠢ | ᠪᠣᠯᠬᠤ ᠶᠢ ᠬᠥᠲᠥᠯᠥᠨ ᠵᠢᠯᠤᠭᠤᠳᠬᠤ ᠪᠤᠯᠣᠨ᠎ᠠ ᠃ |