ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠯᠠᠭᠤᠴᠤᠳ ᠪᠠᠭᠠᠴᠤᠳ ᠤᠨ ᠬᠦᠮᠦᠵᠢᠯ ᠢ ᠴᠢᠩᠭᠠᠳᠬᠠᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠦᠢᠯᠠᠭᠠᠭᠳᠠᠬᠤᠨ ᠤ ᠤᠬᠠᠮᠰᠠᠷ ᠢ ᠨᠡᠮᠡᠭᠳᠡᠭᠦᠯᠵᠦ᠂ ᠰᠤᠷᠤᠭᠴᠢᠳ ᠤᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ | ᠬᠠᠯᠠᠭᠤᠨ ᠤᠷᠮ᠎ᠠ ᠶᠢ ᠬᠥᠭᠵᠢᠭᠡᠵᠦ᠂ 9 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠪᠥᠬᠦ ᠤᠯᠤᠰ ᠤᠨ 23 ᠳ᠋ᠤᠭᠠᠷ ᠪᠥᠬᠦ ᠠᠷᠠᠳ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠡ ᠶᠢᠨ | ᠤᠬᠠᠭᠤᠯᠬᠤ ᠬᠡᠯᠲᠡᠰ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ | ᠰᠣᠶᠣᠯ ᠤᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠡ ᠶᠢᠨ ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠬᠠᠮᠲᠤᠷᠠᠨ ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯᠯᠠᠭ᠎ᠠ ᠦᠷᠨᠢᠬᠦᠯᠪᠡ᠃ | ᠠᠵᠢᠯᠯᠠᠭ᠎ᠠ ᠶᠢᠨ ᠳᠤᠮᠳᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠤᠭᠴᠢ ᠰᠤᠷᠭᠠᠭᠤᠯᠢ ᠶᠢᠨ ᠡᠯᠧᠺᠲᠷᠣᠨ LED | ᠳᠡᠯᠭᠡᠴᠡ᠂ ᠤᠬᠠᠭᠤᠯᠭ᠎ᠠ ᠶᠢᠨ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠭᠤᠣᠯ ᠰᠡᠳᠦᠪᠲᠦ ᠠᠩᠭᠢ ᠶᠢᠨ ᠬᠤᠷᠠᠯ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠡᠳᠡᠯᠭᠡ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠲᠦᠭᠡᠮᠡᠯᠵᠢᠭᠦᠯᠵᠦ᠂ ᠰᠤᠷᠤᠭᠴᠢᠳ ᠢ ᠴᠢᠷᠮᠠᠶᠢᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂ ᠲᠣᠮᠣ | ᠪᠣᠯᠤᠭᠰᠠᠨ ᠤ ᠳᠠᠷᠠᠭ᠎ᠠ ᠢᠳᠡᠪᠬᠢᠲᠡᠢ ᠪᠠᠷ ᠴᠡᠷᠢᠭ ᠲᠤ ᠣᠷᠣᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠬᠤ ᠶᠢ ᠤᠷᠢᠶᠠᠯᠠᠭᠰᠠᠨ ᠪᠠᠶᠢᠨ᠎ᠠ᠃ ᠲᠤᠰ ᠠᠵᠢᠯᠯᠠᠭ᠎ᠠ ᠳᠤ ᠪᠠᠰᠠ ︽ᠡᠷᠡᠯᠬᠡᠭᠯᠡᠨ ᠲᠡᠮᠡᠴᠡᠵᠦ ᠤᠯᠤᠰ ᠤᠨ ᠪᠠᠲᠤᠯᠠᠨ | ᠬᠠᠮᠠᠭᠠᠯᠠᠯᠲᠠ ᠪᠠᠨ ᠬᠦᠴᠦᠷᠬᠡᠭᠵᠢᠭᠦᠯᠵᠦ᠂ ᠰᠡᠷᠭᠦᠨ ᠮᠠᠨᠳᠤᠯᠲᠠ ᠲᠡᠰᠢ ᠡᠷᠡᠮᠡᠬᠡᠶᠢᠯᠡᠨ ᠤᠷᠤᠭᠰᠢᠯᠠᠬᠤ︾ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ︽ᠮᠢᠩᠭᠠᠨ ᠬᠥᠮᠥᠨ ᠭᠠᠷ ᠤᠨ ᠦᠰᠦᠭ ᠵᠢᠷᠤᠬᠤ︾ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠳᠤ | ᠤᠬᠠᠭᠤᠯᠭ᠎ᠠ ᠶᠢᠨ ᠬᠠᠭᠤᠳᠠᠰᠤ 1700 ᠭᠠᠷᠤᠢ ᠬᠤᠪᠢ᠂ ᠤᠬᠠᠭᠤᠯᠭ᠎ᠠ ᠶᠢᠨ ᠲᠡᠪᠳᠡᠷ ᠶᠢ 300 ᠭᠠᠷᠤᠢ ᠬᠤᠪᠢ ᠲᠠᠷᠬᠠᠭᠠᠵᠠᠢ᠃ | ᠡᠨᠡ ᠤᠳᠠᠭᠠᠨ ᠤ ᠠᠵᠢᠯᠯᠠᠭ᠎ᠠ ᠨᠢ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠰᠤᠷᠤᠭᠴᠢᠳ ᠤᠨ ᠬᠤᠶᠢᠰᠢᠳᠠ ᠶᠢᠨ ᠰᠤᠷᠤᠯᠴᠠᠯᠭ᠎ᠠ ᠠᠮᠢᠳᠤᠷᠠᠯ ᠤᠨ ᠳᠤᠮᠳᠠ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠤᠯᠠᠮᠵᠢᠯᠠᠯ ᠢᠶᠠᠨ | ᠪᠠᠳᠠᠷᠠᠭᠤᠯᠬᠤ ᠶᠢ ᠠᠬᠢᠭᠤᠯᠤᠭᠰᠠᠨ ᠪᠠᠶᠢᠨ᠎ᠠ᠃ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠡ ᠶᠢᠨ ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢ ᠣᠶᠢᠯᠠᠭᠠᠬᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠤᠬᠠᠮᠰᠠᠷ ᠢ ᠲᠠᠰᠤᠷᠠᠯᠲᠠ ᠦᠭᠡᠢ | ᠴᠢᠩᠭᠠᠳᠬᠠᠪᠠ᠃ |