9 ᠰᠠᠷ᠎ᠠ ᠶᠢᠨ 15 ᠤ ᠡᠳᠦᠷ᠂ 2023 ᠣᠨ ᠤ ᠦᠬᠠᠢ ᠬᠤᠳᠠ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ | ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠠᠪᠤᠭᠳᠠᠵᠤ᠂ ᠵᠣᠷᠢᠯᠭ᠎ᠠ ᠨᠢ ᠪᠦᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠲᠦᠭᠡᠮᠡᠯᠵᠢᠭᠦᠯᠵᠦ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠢ | ᠬᠥᠮᠥᠵᠢᠭᠦᠯᠦᠨ ᠵᠢᠯᠤᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠨᠢ ᠴᠢᠩᠭᠠᠷᠠᠭᠤᠯᠵᠤ᠂ | ᠪᠦᠬᠦ ᠬᠤᠲᠠ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢ | ᠲᠦᠯᠦᠭᠡ ᠶᠤᠮ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ ᠶᠢᠨ ᠵᠠᠭᠤ ᠭᠠᠷᠤᠢ ᠪᠠᠭᠰᠢ ᠰᠤᠷᠤᠭᠴᠢᠳ | ᠴᠡᠷᠢᠭ ᠤᠨ ᠪᠣᠯᠪᠠᠰᠤᠷᠠᠯ ᠤᠨ ᠲᠦᠷᠦᠯ ᠵᠦᠢᠯ ᠵᠢᠴᠢ ᠵᠢᠭᠰᠠᠭᠠᠯ ᠤᠨ ᠪᠣᠯᠪᠠᠰᠤᠷᠠᠯ ᠥᠷᠨᠢᠭᠦᠯᠵᠡᠢ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ | ᠬᠤᠳᠠ ᠶᠢᠨ ᠠᠷᠠᠳ ᠤᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ᠂ ᠬᠤᠳᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠴᠡᠴᠡᠷᠯᠢᠭ ᠵᠡᠷᠭᠡ ᠭᠠᠵᠠᠷ ᠢᠶᠠᠷ ᠲᠣᠭᠤᠷᠢᠨ ᠦᠵᠡᠵᠦ ᠰᠤᠷᠤᠯᠴᠠᠪᠠ᠃ | ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠡᠯ᠎ᠡ | ᠰᠤᠷᠭᠠᠭᠤᠯᠢ ᠨᠤᠭᠤᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠰᠢᠰᠲ᠋ᠧᠮ ᠳᠡᠭᠡᠨ ᠦᠷᠭᠦᠯᠵᠢᠯᠡᠨ | ᠠᠭᠤᠰᠬᠠᠨ ᠣᠷᠣᠭᠤᠯᠵᠤ᠂ ︽ᠲᠠᠪᠤᠨ ᠨᠢᠭᠡ︾ ᠶᠢᠨ ᠪᠦᠲᠦᠭᠡᠨ ᠪᠠᠶᠢᠭᠤᠯᠤᠯᠲᠠ ᠶᠢᠨ ᠪᠦᠷᠬᠦᠴᠡ ᠪᠠᠨ ᠤᠯᠠᠮ ᠨᠢᠭᠡ ᠠᠯᠬᠤᠮ ᠰᠠᠶᠢᠲᠤᠷ ᠠᠳᠬᠤᠨ᠂ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ᠂ ᠭᠤᠣᠯ ᠰᠡᠳᠦᠪᠲᠦ ᠠᠩᠭᠢ ︵ᠬᠤᠰᠢᠭᠤᠴᠢ ᠠᠩᠭᠢ︶ ᠶᠢᠨ ᠬᠤᠷᠠᠯ᠂ ᠨᠠᠮ ︵ᠪᠦᠯᠬᠦᠮ︶ ᠤᠨ ᠡᠳᠦᠷ᠂ ᠨᠡᠶᠢᠭᠡᠮ ᠤᠨ ᠦᠢᠯᠡᠳᠦᠯᠭᠡ᠂ | ᠨᠡᠶᠢᠭᠡᠮ ᠤᠨ ᠪᠦᠯᠬᠦᠮ ᠤᠨ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠰᠤᠷᠤᠭᠴᠢᠳ ᠲᠤ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠦᠵᠡᠯ ᠤᠬᠠᠮᠰᠠᠷ ᠤᠨ ᠬᠥᠮᠦᠵᠢᠯ ᠪᠠ ᠮᠡᠳᠡᠯᠭᠡ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠦᠨ᠎ᠡ᠃ ᠡᠯ᠎ᠡ ᠬᠤᠯᠪᠤᠭᠳᠠᠯ ᠪᠦᠬᠦᠢ | ᠰᠠᠯᠠᠭ᠎ᠠ ᠮᠥᠴᠢᠷ ᠤᠨ ᠬᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠯᠤᠭ᠎ᠠ ᠤᠶᠠᠯᠳᠤᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠵᠡᠷᠭᠡ ᠭᠤᠣᠯᠳᠠᠯᠭ᠎ᠠ ᠲᠠᠢ | ᠠᠵᠢᠯ ᠯᠤᠭ᠎ᠠ ᠤᠶᠠᠯᠳᠤᠭᠤᠯᠤᠨ ᠤᠬᠠᠭᠤᠯᠭ᠎ᠠ ᠬᠥᠮᠦᠵᠢᠯ ᠥᠷᠨᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠮᠤᠷᠬᠤ | ᠬᠡᠪᠴᠢᠶ᠎ᠡ ᠪᠠ ᠤᠷᠢᠶᠠᠯᠠᠬᠤ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ | ᠶᠠᠪᠤᠳᠠᠯ ᠢ ᠦᠨᠡᠨ ᠬᠦ ᠪᠦᠬᠦ ᠨᠡᠶᠢᠭᠡᠮ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠨ᠎ᠠ᠃ |