3. ᠲᠡᠮᠦᠷ ᠵᠠᠮ | ᠬᠤᠲᠠ ᠠᠴᠠ ᠲᠤᠰᠬᠠᠶ ᠵᠦᠢᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠲᠣᠭᠲᠠᠭᠠᠬᠤ᠂ ᠬᠤᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠡᠭᠡᠭᠡᠪᠦᠷᠢ᠂ ᠬᠢᠨᠠᠯᠲᠠ ᠲᠠᠯᠪᠢᠵᠤ ᠦᠨᠡᠯᠡᠬᠦ ᠪᠠ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯ ᠳᠤ ᠬᠤᠲᠠ ᠠᠴᠠ ᠵᠣᠬᠢᠴᠠᠩᠭᠤᠶ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 4 . ᠠᠷᠠᠳ ᠤᠨ ᠠᠭᠠᠷ ᠤᠨ ᠲᠡᠭᠡᠭᠡᠪᠦᠷᠢ | ︵1︶ ᠬᠤᠲᠠ ᠠᠴᠠ ᠲᠤᠰᠬᠠᠶ ᠵᠦᠢᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠲᠣᠭᠲᠠᠭᠠᠬᠤ᠂ ᠬᠢᠨᠠᠯᠲᠠ ᠲᠠᠯᠪᠢᠵᠤ ᠦᠨᠡᠯᠡᠬᠦ ᠪᠠ ᠬᠠᠮᠢᠶ᠎ᠠ | ᠪᠦᠬᠦᠢ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯ ᠢ ᠬᠤᠲᠠ ᠶᠢᠨ ᠱᠠᠲᠤ ᠠᠴᠠ | ᠬᠡᠷᠡᠭᠵᠢᠬᠦᠯᠦᠨ᠎ᠡ᠃ | ︵2︶ ᠪᠦᠬᠦ ᠤᠯᠤᠰ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯ ᠪᠣᠯᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ | ᠪᠦᠬᠦ ᠣᠷᠣᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠦᠬᠦ ᠬᠤᠲᠠ ᠶᠢᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ | ︵3︶ ᠪᠦᠬᠦ ᠬᠤᠲᠠ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯ ᠪᠠ ᠲᠥᠯᠥᠪᠵᠢᠭᠦᠯᠭᠡ ᠶᠢ ᠲᠣᠭᠲᠠᠭᠠᠨ᠎ᠠ᠃ | ︵4︶ ᠴᠢᠬᠤᠯᠠ ᠶᠡᠭᠡ ᠪᠥᠭᠡᠳ ᠪᠠᠴᠢᠮ ᠠᠭᠠᠷ ᠤᠨ ᠲᠡᠭᠡᠭᠡᠪᠦᠷᠢ᠃ ᠬᠤᠲᠠ ᠠᠴᠠ ᠬᠤᠲᠠ ᠶᠢᠨ ᠲᠠᠰ ᠤᠨ ᠴᠢᠬᠤᠯᠠ ᠶᠡᠭᠡ ᠪᠠ ᠪᠠᠴᠢᠮ ᠠᠭᠠᠷ ᠤᠨ | ᠲᠡᠭᠡᠭᠡᠪᠦᠷᠢ ᠶᠢᠨ ᠲᠥᠷᠥ ᠶᠢᠨ ᠪᠣᠳᠣᠯᠭ᠎ᠠ ᠲᠣᠭᠲᠠᠭᠠᠬᠤ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ | ᠵᠦᠢᠯᠡᠰ ᠢ ᠬᠤᠲᠠ ᠶᠢᠨ ᠱᠠᠲᠤ ︵ᠬᠤᠲᠠ ᠶᠢᠨ ᠬᠠᠷᠢᠶ᠎ᠠ ᠠᠵᠤ ᠠᠬᠤᠶᠢᠯᠠᠯ ᠪᠠᠭᠲᠠᠨ᠎ᠠ︶ ᠠᠴᠠ ᠬᠡᠷᠡᠭᠵᠢᠭᠦᠯᠦᠨ᠎ᠡ᠃ | ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠷᠢᠶᠡᠨ ᠳᠠᠬᠢ ᠤᠴᠢᠷ ᠶᠠᠪᠤᠳᠠᠯ ᠳᠤ ᠬᠤᠲᠠ ᠠᠴᠠ ᠵᠤᠬᠢᠴᠠᠩᠭᠤᠢ ᠵᠠᠷᠤᠯᠭ᠎ᠠ ᠶᠢᠨ | ᠬᠠᠷᠢᠭᠤᠴᠠᠯᠭ᠎ᠠ ᠡᠭᠦᠷᠭᠡᠯᠡᠨ᠎ᠡ᠃ | 5. ᠰᠢᠦᠳᠠᠨ | ︵1︶ ᠰᠢᠦᠳᠠᠨ ᠤ ᠦᠢᠯᠡᠰ ᠤᠨ ᠠᠶᠤᠯᠭᠦᠢ ᠬᠠᠮᠢᠶᠠᠷᠤᠯᠲᠠ ᠪᠠ ᠠᠶᠤᠯᠭᠦᠢ ᠬᠢᠨᠠᠯᠲᠠ ᠬᠠᠮᠢᠶᠠᠷᠤᠯᠲᠠ᠃ ᠬᠤᠲᠠ ᠠᠴᠠ ᠪᠥᠬᠦ ᠬᠤᠲᠠ ᠶᠢᠨ ᠴᠢᠨᠠᠷᠲᠠᠶ | ᠰᠢᠤᠳᠠᠨ ᠤ ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠬᠤ ᠲᠤᠭᠲᠠᠯᠴᠠᠭ᠎ᠠ᠂ ᠢᠯᠡᠬᠡᠨ ᠬᠦᠷᠭᠡᠯᠲᠡ ᠶᠢᠨ ᠠᠮᠤᠷ ᠲᠦᠪᠰᠢᠨ ᠢ | ᠪᠠᠲᠤᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ | ᠦᠨᠡᠯᠡᠯᠲᠡ ᠬᠢᠬᠦ ᠪᠣᠳᠠᠲᠠᠶ ᠵᠦᠢᠯᠡᠰ ᠤᠨ ᠬᠡᠷᠡᠭᠵᠢᠭᠦᠯᠦᠯᠲᠡ ᠶᠢ ᠡᠭᠦᠷᠭᠡᠯᠡᠨ᠎ᠡ᠃ | ᠬᠤᠲᠠ ᠠᠴᠠ ᠬᠤᠲᠠ ᠶᠢᠨ ᠰᠢᠦᠳᠠᠨ ᠤ ᠦᠢᠯᠡᠰ ᠤᠨ ᠠᠮᠤᠷ ᠲᠦᠪᠰᠢᠨ ᠤ ᠲᠥᠪ ᠵᠢᠴᠢ ᠢᠯᠡᠭᠡᠨ ᠬᠦᠷᠭᠡᠬᠦ ᠵᠠᠮ ᠰᠤᠪᠠᠭ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠵᠠᠷᠤᠳᠠᠯ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵2︶ ᠰᠢᠦᠳᠠᠨ ᠤ ᠪᠤᠰᠤᠳ ᠤᠯᠠᠨ ᠨᠡᠶᠢᠲᠡ ᠶᠢᠨ ᠦᠢᠯᠡᠴᠢᠯᠡᠭᠡ᠃ ᠬᠤᠲᠠ ᠠᠴᠠ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠲᠦᠭᠡᠮᠡᠯ | ᠦᠢᠯᠡᠴᠢᠯᠡᠭᠡ᠂ ᠤᠨᠴᠠᠭᠠᠢ ᠦᠢᠯᠡᠴᠢᠯᠡᠭᠡ᠂ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾᠂ ᠤᠶᠤᠨᠲᠤ ᠲᠦᠷᠭᠡᠨ ᠢᠯᠡᠭᠡᠯᠲᠡ ᠶᠢᠨ ᠬᠠᠶᠢᠷᠴᠠᠭ | ︵ᠵᠠᠬᠢᠳᠠᠯ ᠤᠨ ᠬᠠᠶᠢᠷᠴᠠᠭ︶᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠪᠠ ᠪᠣᠬᠢᠷᠲᠤᠯ ᠥᠬᠡᠶ ᠬᠥᠭᠵᠢᠭᠦᠯᠬᠦ ᠵᠡᠷᠭᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠨ᠎ᠡ᠃ | ᠳᠡᠭᠡᠷ᠎ᠡ ᠳᠤᠷᠠᠳᠤᠭᠰᠠᠨ ᠵᠦᠢᠯᠡᠰ ᠤᠨ᠂ ᠪᠦᠲᠦᠭᠡᠨ ᠪᠠᠶᠢᠭᠤᠯᠬᠤ᠂ ᠬᠠᠮᠠᠭᠠᠯᠠᠬᠤ᠂ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠲᠠ ᠠᠴᠠ ᠡᠭᠦᠷᠭᠡᠯᠡᠨ᠎ᠡ᠃ | 6 . ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠪᠦᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠦᠢᠰᠦ ᠬᠢᠭᠡᠳ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠲᠤᠭᠲᠠᠯᠴᠠᠭ᠎ᠠ᠃ | ᠲᠥᠪ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠦᠨᠳᠦᠰᠦᠯᠡᠨ᠂ ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠦᠢᠰᠦ ᠬᠢᠭᠡᠳ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠲᠤᠭᠲᠠᠯᠴᠠᠭ᠎ᠠ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ | ᠭᠦᠢᠴᠡᠳᠬᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠠᠴᠠ ᠬᠠᠮᠲᠤᠪᠠᠷ ᠬᠡᠷᠡᠭᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ | ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠤᠲᠠ ᠠᠴᠠ ᠡᠭᠦᠷᠭᠡᠯᠡᠨ᠎ᠡ᠃ | ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠦᠢᠰᠦ ᠬᠢᠭᠡᠳ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠲᠤᠭᠲᠠᠯᠴᠠᠭ᠎ᠠ᠃ | ᠲᠥᠪ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠦᠨᠳᠦᠰᠦᠯᠡᠨ᠂ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠦᠢᠰᠦ ᠬᠢᠭᠡᠳ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠲᠤᠭᠲᠠᠯᠴᠠᠭ᠎ᠠ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ | ᠭᠦᠢᠴᠡᠳᠬᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠬᠠᠮᠲᠤᠪᠠᠷ ᠬᠡᠷᠡᠭᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ | ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠤᠲᠠ ᠠᠴᠠ ᠡᠭᠦᠷᠭᠡᠯᠡᠨ᠎ᠡ᠃ |