︵ᠬᠤᠶᠠᠷ︶ ᠬᠤᠲᠠ ᠬᠢᠭᠡᠳ ᠬᠤᠰᠢᠭᠤ ᠬᠤᠲᠠ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ | 1 . ᠵᠠᠰᠠᠮᠠᠯ ᠵᠠᠮ᠃ ᠠᠰᠢᠭ ᠭᠥᠷᠳᠡᠬᠦ ᠬᠡᠪᠴᠢᠶ᠎ᠡ ᠨᠢ ᠪᠥᠬᠦ ᠬᠤᠲᠠ ᠶᠢ ᠬᠠᠮᠤᠷᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠬᠤ᠂ ᠠᠷᠠᠴᠢᠯᠠᠨ | ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠵᠠᠰᠠᠭ ᠵᠠᠬᠢᠷᠭᠠᠨ ᠤ ᠵᠡᠷᠭᠡ | ᠳᠡᠰ ᠶᠣᠰᠣᠭᠠᠷ ᠬᠤᠲᠠ ᠬᠢᠭᠡᠳ ᠬᠤᠰᠢᠭᠤ ᠬᠤᠲᠠ ᠲᠣᠭᠤᠷᠢᠭ ᠱᠠᠲᠤ ᠬᠤᠪᠢᠶᠠᠨ ᠬᠠᠷᠢᠭᠤᠴᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠳᠡᠰ ᠳᠡᠪᠰᠢᠭᠦᠯᠦᠨ | ᠤᠯᠤᠰ ᠮᠤᠵᠢ ᠶᠢᠨ ᠭᠤᠣᠯ ᠱᠤᠭᠤᠮ ᠪᠣᠯᠭᠠᠭᠰᠠᠨ ᠵᠠᠰᠠᠮᠠᠯ ᠵᠠᠮ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠥᠭᠡᠷᠡᠴᠢᠯᠡᠨ | ᠰᠢᠨᠡᠳᠬᠡᠬᠦ ᠶᠢ ᠬᠡᠷᠡᠭᠵᠢᠭᠦᠯᠬᠦ ᠠᠴᠠ ᠡᠮᠦᠨ᠎ᠡ᠂ ᠬᠠᠷᠢᠶ᠎ᠠ ᠬᠤᠰᠢᠭᠤ ᠬᠤᠲᠠ ᠲᠣᠭᠤᠷᠢᠭ ᠨᠢ ᠬᠠᠮᠢᠶᠠᠷᠴᠤ ᠠᠷᠠᠴᠢᠯᠠᠬᠤ ᠶᠢ ᠬᠠᠷᠢᠭᠤᠴᠠᠨ᠎ᠠ᠃ | ︵1︶ ᠡᠩ ᠤᠨ ᠤᠯᠤᠰ ᠤᠨ ᠵᠠᠮ᠃ ᠬᠤᠲᠠ ᠬᠢᠭᠡᠳ ᠬᠤᠰᠢᠭᠤ ᠬᠤᠲᠠ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠵᠤ ᠪᠠᠶᠢᠭ᠎ᠠ | ᠬᠡᠰᠡᠭ ᠠᠴᠠ ᠭᠠᠳᠠᠨᠠᠬᠢ ᠡᠩ ᠤᠨ ᠤᠯᠤᠰ ᠤᠨ ᠵᠠᠮ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠮᠲᠤᠪᠠᠷ ᠡᠭᠦᠷᠭᠡᠯᠡᠨ᠎ᠡ᠃ ᠬᠤᠲᠠ ᠬᠢᠭᠡᠳ ᠬᠤᠰᠢᠭᠤ ᠬᠤᠲᠠ | ᠲᠣᠭᠤᠷᠢᠭ ᠨᠢ ᠡᠩ ᠤᠨ ᠤᠯᠤᠰ ᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ | ᠭᠠᠳᠠᠨᠠᠬᠢ ᠪᠤᠰᠤᠳ ᠵᠠᠷᠤᠯᠭ᠎ᠠ ︵ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ︶ ᠶᠢ ᠬᠠᠮᠲᠤᠪᠠᠷ ᠡᠭᠦᠷᠭᠡᠯᠡᠨ᠎ᠡ᠃ | ︵2︶ ᠣᠷᠣᠨ ᠨᠤᠲᠤᠭ ᠤᠨ ᠳᠡᠭᠡᠳᠤ ᠬᠤᠷᠳᠤ ᠶᠢᠨ ᠵᠠᠰᠠᠮᠠᠯ ᠵᠠᠮ᠃ ᠬᠤᠲᠠ ᠬᠢᠭᠡᠳ ᠬᠤᠰᠢᠭᠤ ᠬᠤᠲᠠ ᠲᠣᠭᠤᠷᠢᠭ ᠨᠢ ᠥᠪᠡᠷᠲᠡᠭᠡᠨ ᠵᠠᠰᠠᠬᠤ | ᠣᠷᠣᠨ ᠠᠴᠠ ᠬᠠᠷᠢᠭᠤᠴᠠᠵᠤ ᠪᠠᠶᠢᠭ᠎ᠠ ᠬᠡᠰᠡᠭ ᠠᠴᠠ ᠭᠠᠳᠠᠨᠠᠬᠢ ᠣᠷᠣᠨ ᠨᠤᠲᠤᠭ ᠤᠨ ᠳᠡᠭᠡᠳᠤ ᠬᠤᠷᠳᠤ ᠶᠢᠨ ᠵᠠᠰᠠᠮᠠᠯ ᠵᠠᠮ ᠤᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠬᠠᠮᠲᠤ ᠪᠠᠷ ᠡᠭᠦᠷᠭᠡᠯᠡᠨ᠎ᠡ᠃ ᠬᠤᠲᠠ ᠬᠢᠭᠡᠳ ᠬᠤᠰᠢᠭᠤ ᠬᠤᠲᠠ ᠲᠣᠭᠤᠷᠢᠭ ᠨᠢ ᠣᠷᠣᠨ ᠨᠤᠲᠤᠭ ᠤᠨ ᠳᠡᠭᠡᠳᠤ ᠬᠤᠷᠳᠤ ᠶᠢᠨ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤᠮᠳᠠᠬᠢ ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ︵ᠵᠢᠱᠢᠶᠡᠯᠡᠪᠡᠯ | ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ︶ ᠶᠢ ᠬᠠᠮᠲᠤ ᠪᠠᠷ ᠡᠭᠦᠷᠭᠡᠯᠡᠨ᠎ᠡ᠃ | ︵3︶ ᠡᠩ ᠤᠨ ᠮᠤᠵᠢ ᠶᠢᠨ ᠵᠠᠮ᠃ ᠬᠤᠲᠠ ᠬᠢᠭᠡᠳ ᠬᠤᠰᠢᠭᠤ ᠬᠤᠲᠠ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠵᠤ ᠪᠠᠶᠢᠭ᠎ᠠ | ᠬᠡᠰᠡᠭ ᠠᠴᠠ ᠭᠠᠳᠠᠨᠠᠬᠢ ᠡᠩ ᠤᠨ ᠮᠤᠵᠢ ᠶᠢᠨ ᠵᠠᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠮᠲᠤ ᠪᠠᠷ ᠡᠭᠦᠷᠭᠡᠯᠡᠨ᠎ᠡ᠃ ᠬᠤᠲᠠ ᠬᠢᠭᠡᠳ ᠬᠤᠰᠢᠭᠤ ᠬᠤᠲᠠ | ᠲᠣᠭᠤᠷᠢᠭ ᠨᠢ ᠡᠩ ᠤᠨ ᠮᠤᠵᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ | ᠭᠠᠳᠠᠨᠠᠬᠢ ᠪᠤᠰᠤᠳ ᠵᠠᠷᠤᠯᠭ᠎ᠠ ︵ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ︶ ᠶᠢ ᠬᠠᠮᠲᠤᠪᠠᠷ ᠡᠭᠦᠷᠭᠡᠯᠡᠨ᠎ᠡ᠃ | ︵4︶ ᠬᠥᠳᠡᠭᠡ ᠲᠣᠰᠬᠤᠨ ᠤ ᠵᠠᠰᠠᠮᠠᠯ ᠵᠠᠮ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ | ᠮᠥᠩᠭᠦ ᠶᠢ ᠬᠤᠲᠠ ᠬᠢᠭᠡᠳ ᠬᠤᠰᠢᠭᠤ ᠬᠤᠲᠠ ᠲᠣᠭᠤᠷᠢᠭ ᠨᠢ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ | ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠲᠤᠪᠠᠷ ᠡᠭᠦᠷᠭᠡᠯᠡᠨ᠎ᠡ᠃ | ︵5︶ ᠬᠤᠲᠠ᠂ ᠬᠤᠰᠢᠭᠤ ᠬᠤᠲᠠ ᠲᠣᠭᠤᠷᠢᠭ ᠤᠨ ᠡᠯ᠎ᠡ ᠱᠠᠲᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠲᠤᠨᠤᠭᠯᠠᠯ ᠡᠳ᠋ ᠪᠣᠳᠠᠰ ᠤᠨ ᠨᠥᠭᠡᠴᠡᠯᠡᠯᠲᠡ᠃ ᠬᠤᠳᠠ ᠠᠴᠠ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠬᠤ ᠬᠡᠰᠡᠭ ᠠᠴᠠ ᠭᠠᠳᠠᠨᠠᠬᠢ ᠲᠤᠰᠬᠠᠢ ᠵᠦᠢᠯ ᠤᠨ | ᠲᠥᠯᠥᠪᠵᠢᠭᠦᠯᠭᠡ᠂ ᠲᠥᠷᠥ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠬᠢᠭᠡᠳ | ᠬᠤᠰᠢᠭᠤ ᠬᠤᠲᠠ ᠲᠣᠭᠤᠷᠢᠭ ᠵᠣᠬᠢᠴᠠᠩᠭᠤᠶ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠣᠳᠠᠲᠠᠶ ᠬᠡᠷᠡᠭᠵᠢᠭᠦᠯᠬᠦ ᠵᠦᠢᠯᠡᠰ ᠤᠨ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠲᠤᠪᠠᠷ ᠡᠭᠦᠷᠭᠡᠯᠡᠨ᠎ᠡ᠃ | 2. ᠤᠰᠤᠨ ᠵᠠᠮ | ᠥᠪᠡᠷᠲᠡᠭᠡᠨ ᠵᠠᠰᠠᠬᠤ ᠣᠷᠣᠨ ᠤᠰᠤᠨ ᠣᠷᠣᠨ ᠤ ᠬᠠᠶᠢᠨ ᠠᠪᠤᠷᠠᠬᠤ ᠪᠠ ᠣᠩᠭᠤᠴᠠ ᠰᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠠᠮᠢᠶᠠᠷᠤᠨ᠎ᠠ᠃ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠲᠥᠰᠦᠯ ᠤᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠬᠢᠭᠡᠳ ᠬᠤᠰᠢᠭᠤ ᠬᠤᠲᠠ ᠲᠣᠭᠤᠷᠢᠭ ᠵᠤᠬᠢᠴᠠᠩᠭᠤᠢ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ | ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠲᠤᠪᠠᠷ ᠡᠭᠦᠷᠭᠡᠯᠡᠨ᠎ᠡ᠃ | 3. ᠲᠡᠮᠦᠷ ᠵᠠᠮ | ︵1︶ ᠭᠤᠣᠯ ᠱᠤᠭᠤᠮ ᠤᠨ ᠲᠡᠮᠦᠷ ᠵᠠᠮ᠃ ᠲᠥᠪ ︵ᠲᠥᠪ ᠤᠨ ᠠᠵᠤ ᠠᠬᠤᠶᠢᠯᠠᠯ ᠢ ᠪᠠᠭᠲᠠᠭᠠᠨ᠎ᠠ︶᠂ ᠥᠪᠡᠷᠲᠡᠭᠡᠨ ᠵᠠᠰᠠᠬᠤ ᠣᠷᠣᠨ ᠬᠢᠭᠡᠳ | ᠬᠤᠲᠠ ᠨᠢ ᠭᠤᠤᠯ ᠱᠤᠭᠤᠮ ᠤᠨ ᠲᠡᠮᠦᠷ ᠵᠠᠮ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠨ᠎ᠡ᠂ ᠡᠭᠦᠨ ᠳᠤ | ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠭᠦᠢᠴᠡᠳᠬᠡᠬᠦ ᠵᠦᠢᠯᠡᠰ ᠪᠠᠭᠲᠠᠨ᠎ᠠ᠃ ᠬᠤᠲᠠ ᠬᠢᠭᠡᠳ ᠬᠤᠰᠢᠭᠤ | ᠬᠤᠲᠠ ᠲᠣᠭᠤᠷᠢᠭ ᠠᠴᠠ ᠭᠤᠤᠯ ᠱᠤᠭᠤᠮ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠶ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠨ᠎ᠡ᠃ | ︵2︶ ᠬᠤᠲᠠ ᠶᠢᠨ ᠬᠤᠭᠤᠷᠣᠨᠳᠣᠬᠢ ᠲᠡᠮᠦᠷ ᠵᠠᠮ᠃ ᠬᠤᠲᠠ ᠭᠢᠭᠡᠳ ᠬᠤᠰᠢᠭᠤ ᠬᠤᠲᠠ ᠲᠣᠭᠤᠷᠢᠭ ᠨᠢ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ | ᠵᠣᠬᠢᠶᠠᠨ ᠪᠠᠶᠢᠭᠤᠯᠵᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠨ᠎ᠡ᠂ ᠡᠭᠦᠨ ᠳᠤ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ | ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠭᠦᠢᠴᠡᠳᠬᠡᠬᠦ ᠵᠦᠢᠯᠡᠰ ᠪᠠᠭᠲᠠᠨ᠎ᠠ᠃ ᠬᠤᠲᠠ ᠬᠢᠭᠡᠳ ᠬᠤᠰᠢᠭᠤ ᠬᠤᠲᠠ ᠲᠣᠭᠤᠷᠢᠭ ᠠᠴᠠ ᠬᠤᠲᠠ ᠶᠢᠨ ᠬᠤᠭᠤᠷᠣᠨᠳᠣᠬᠢ | ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠶ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠨ᠎ᠡ᠃ | ︵3︶ ᠪᠤᠰᠤᠳ ᠲᠡᠮᠦᠷ ᠵᠠᠮ᠃ ᠬᠤᠲᠠ ᠶᠢᠨ ᠲᠣᠭᠤᠷᠢᠭ ︵ᠲᠡᠭᠦᠷᠭᠡ︶ ᠤᠨ ᠲᠡᠮᠦᠷ ᠵᠠᠮ᠂ ᠰᠠᠯᠪᠤᠷᠢ ᠱᠤᠭᠤᠮ ᠤᠨ ᠲᠡᠮᠦᠷ ᠵᠠᠮ ᠤᠨ ᠠᠷᠠᠴᠢᠯᠠᠨ | ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠭᠦᠢᠴᠡᠳᠬᠡᠬᠦ ᠵᠦᠢᠯᠡᠰ ᠢ ᠪᠠᠭᠲᠠᠭᠠᠨ᠎ᠠ᠃ ᠬᠤᠲᠠ ᠬᠢᠭᠡᠳ ᠬᠤᠰᠢᠭᠤ ᠬᠤᠲᠠ ᠲᠣᠭᠤᠷᠢᠭ ᠠᠴᠠ | ᠵᠣᠬᠢᠴᠠᠩᠭᠤᠶ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠨ᠎ᠡ᠃ | ︵4︶ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠪᠠ ᠠᠮᠤᠷ ᠲᠦᠪᠰᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠃ | ᠲᠡᠮᠦᠷ ᠵᠠᠮ ︵ᠤᠯᠠᠭᠠᠨ ᠱᠤᠭᠤᠮ ᠠᠴᠠ ᠭᠠᠳᠠᠨᠠᠬᠢ︶ ᠳᠠᠭᠠᠤ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠪᠠ ᠲᠡᠮᠦᠷ ᠵᠠᠮ ᠳᠠᠭᠠᠤ ᠶᠢᠨ ᠠᠮᠤᠷ ᠲᠦᠪᠰᠢᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠤᠯᠤᠰ ᠤᠨ ᠲᠡᠮᠦᠷ ᠵᠠᠮ᠂ ᠤᠯᠤᠰ ᠤᠨ ᠳᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠤᠳᠠᠳᠠᠢ | ᠬᠠᠮᠢᠶᠠᠷᠴᠤ ᠪᠠᠶᠢᠭ᠎ᠠ ᠪᠡᠯᠡ ᠨᠡᠶᠢᠯᠡᠭᠦᠯᠦᠭᠰᠡᠨ ᠲᠡᠮᠦᠷ ᠵᠠᠮ ᠠᠴᠠ ᠭᠠᠳᠠᠨᠠᠬᠢ ᠪᠤᠰᠤᠳ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠡᠭᠦᠷᠭᠡ ᠶᠢ ᠬᠤᠲᠠ | ᠬᠢᠭᠡᠳ ᠬᠤᠰᠢᠭᠤ ᠬᠤᠲᠠ ᠲᠤᠭᠤᠷᠢᠭ ᠵᠤᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ | 4. ᠠᠷᠠᠳ ᠤᠨ ᠠᠭᠠᠷ ᠤᠨ ᠲᠡᠭᠡᠭᠡᠪᠦᠷᠢ | ︵1︶ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠳᠦᠭᠡᠠ ᠪᠠᠶᠢᠭᠤᠯᠤᠯᠲᠠ ᠪᠠ ᠤᠯᠡᠠ ᠨᠡᠶᠢᠲᠡ ᠶᠢᠨ ᠠᠭᠠᠷ ᠤᠨ ᠠᠶᠠᠯᠠᠯ ᠤᠨ ᠱᠤᠭᠤᠮ ᠤᠨ | ᠲᠡᠭᠡᠭᠡᠪᠦᠷᠢ᠃ ᠬᠤᠲᠠ ᠬᠢᠭᠡᠳ ᠬᠤᠰᠢᠭᠤ ᠬᠤᠲᠠ ᠲᠣᠭᠤᠷᠢᠭ ᠬᠠᠮᠲᠤᠪᠠᠷ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ | ᠡᠭᠦᠷᠭᠡᠯᠡᠨ᠎ᠡ᠃ | ︵2︶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠣᠶᠢᠷ᠎ᠠ | ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠠᠵᠢᠯ ᠤᠨ ᠲᠥᠷᠥᠯ ᠵᠦᠢᠯ᠃ ᠬᠤᠲᠠ ᠬᠢᠭᠡᠳ | ᠬᠤᠰᠢᠭᠤ ᠬᠤᠲᠠ ᠲᠣᠭᠤᠷᠢᠭ ᠬᠠᠮᠲᠤᠪᠠᠷ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠡᠭᠦᠷᠭᠡᠯᠡᠨ᠎ᠡ᠃ |