ᠬᠥᠯᠥᠨ ᠪᠤᠶᠢᠷ ᠬᠤᠳᠠ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠱᠠᠲᠤᠴᠢ ᠴᠢᠨᠠᠷᠲᠠᠢ ᠦᠷ᠎ᠡ ᠪᠦᠲᠦᠭᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/20
       9 ᠰᠠᠷ᠎ᠠ ᠶᠢᠨ 19 ᠤ ᠡᠳᠦᠷ᠂ ᠪᠥᠬᠦ ᠬᠤᠲᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠱᠠᠲᠤᠴᠢ ᠴᠢᠨᠠᠷᠲᠠᠢ ᠦᠷ᠎ᠡ ᠪᠦᠲᠦᠭᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ 2023 ᠣᠨ ᠤ 1—8 ᠰᠠᠷ᠎ᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠ ᠵᠢᠭᠤᠯᠴᠢᠯᠠᠯ ᠤᠨ ᠣᠷᠴᠢᠨ ᠠᠬᠤᠢ ᠶᠢ ᠴᠡᠭᠴᠡᠯᠡᠨ ᠵᠠᠰᠠᠭᠰᠠᠨ ︽ᠵᠠᠭᠤᠨ ᠡᠳᠦᠷ ᠤᠨ ᠪᠤᠭᠤᠮᠲᠠ ᠰᠢᠪᠲᠤᠯᠤᠯᠳᠠ︾ ᠶᠢᠨ ᠦᠷ᠎ᠡ ᠪᠦᠲᠦᠭᠡᠯ᠂ 2023 ᠣᠨ ᠤ ᠨᠠᠮᠤᠷ ᠡᠪᠦᠯ ᠤᠨ ᠤᠯᠠᠷᠢᠯ ᠤᠨ  ᠵᠤᠭᠠᠴᠠᠯ ᠤᠨ ᠦᠢᠯᠡᠳᠬᠦᠨ ᠪᠠ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
0920-1.jpg
       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ 2023 ᠣᠨ ᠳᠤ ᠬᠥᠯᠥᠨ ᠪᠤᠶᠢᠷ ᠤᠨ ᠵᠤᠭᠠᠴᠠᠯ ᠣᠯᠠᠨ ᠤ ᠬᠦᠷᠢᠶᠡᠯᠡᠯ ᠢ ᠣᠯᠵᠤ᠂ ᠬᠥᠯᠥᠨ ᠪᠤᠶᠢᠷ ᠬᠤᠲᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠯᠡᠮᠵᠢ ᠦᠷ᠎ᠡ ᠪᠦᠲᠦᠭᠡᠯ ᠣᠯᠵᠠᠢ ᠭᠡᠵᠦ ᠳᠤᠷᠠᠳᠪᠠ᠃ 1—8 ᠰᠠᠷ᠎ᠠ ᠳᠤ ᠪᠥᠬᠦ ᠬᠤᠲᠠ ᠶᠢᠨ ᠭᠥᠯᠢᠶᠡᠨ ᠠᠪᠤᠭᠰᠠᠨ ᠵᠤᠭᠠᠴᠠᠭᠰᠠᠳ 2189.89 ᠲᠦᠮᠡᠨ ᠬᠥᠮᠥᠨ ᠤᠳᠠᠭ᠎ᠠ ᠬᠦᠷᠴᠦ᠂ ᠠᠳᠠᠯᠢ ᠬᠤᠭᠤᠴᠠᠭᠠᠨ ᠤ ᠬᠢ ᠠᠴᠠ 148.85% ᠪᠠᠷ ᠨᠡᠮᠡᠭᠳᠡᠨ᠂ ᠪᠥᠬᠦ ᠣᠷᠣᠨ ᠤ 23.7 ᠵᠠᠭᠤᠨ ᠤ ᠨᠢᠭᠡᠴᠢ ᠠᠴᠠ ᠥᠨᠳᠥᠷ ᠪᠣᠯᠵᠤ᠂ 2019 ᠣᠨ ᠤ ᠠᠳᠠᠯᠢ ᠬᠤᠭᠤᠴᠠᠭᠠᠨ ᠤ 1.90 ᠳᠠᠬᠢᠨ ᠪᠣᠯᠵᠠᠢ︔ ᠪᠥᠬᠦ ᠬᠤᠲᠠ ᠶᠢᠨ ᠵᠤᠭᠠᠴᠠᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ 667 ᠡᠷᠦᠭᠡ ᠪᠣᠯᠵᠤ᠂ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ᠃ ᠡᠭᠦᠨ ᠳᠤ᠂ 122 ᠵᠢᠭᠤᠯᠴᠢᠯᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ 535 ᠪᠣᠯᠵᠤ ᠨᠡᠮᠡᠭᠳᠡᠨ᠂ 2022 ᠣᠨ ᠤ ᠬᠢ ᠠᠴᠠ 29% ᠪᠠᠷ ᠨᠡᠮᠡᠭᠳᠡᠵᠦ᠂ ᠥᠩᠭᠡᠷᠡᠭᠰᠡᠨ ᠵᠢᠯ ᠤᠳ ᠤᠨ ᠵᠤᠭᠠᠴᠠᠯ ᠤᠨ ᠭᠠᠵᠠᠷ ᠤᠨ ᠰᠢᠨ᠎ᠡ ᠪᠠᠷ ᠨᠡᠮᠡᠭᠳᠡᠭᠰᠡᠨ ᠲᠤᠭ᠎ᠠ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠦ᠂ ᠪᠥᠬᠦ ᠲᠤᠭ᠎ᠠ ᠨᠢ ᠪᠥᠬᠦ ᠣᠷᠣᠨ ᠤ ᠨᠢᠭᠡᠳᠦᠭᠡᠷ ᠲᠤ ᠣᠷᠣᠪᠠ᠃ ᠵᠢᠯ ᠤᠨ ᠡᠬᠢᠨ ᠠᠴᠠ ᠨᠠᠰᠢ᠂ ᠪᠥᠬᠦ ᠬᠤᠲᠠ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ  ᠠᠴᠠ ᠳᠡᠭᠡᠭᠰᠢᠬᠢ ᠲᠥᠷᠥᠯ ᠲᠡᠮᠳᠡᠭ ᠢ 36 ᠡᠭᠦᠳᠦᠨ ᠪᠠᠶᠢᠭᠤᠯᠵᠤ᠂ ᠡᠭᠦᠨ ᠳᠤ ᠤᠯᠤᠰ ᠤᠨ ᠲᠠᠰ ᠤᠨ ᠬᠢ 6 ᠪᠣᠶ᠃ ᠪᠦᠬᠦ ᠬᠤᠳᠠ ᠶᠢᠨ ᠰᠣᠶᠣᠯ ᠵᠤᠭᠠᠴᠠᠯ ᠤᠨ ᠠᠵᠢᠯᠯᠠᠭ᠎ᠠ ᠨᠢ ᠬᠥᠮᠥᠰ ᠤᠨ ᠠᠩᠬᠠᠷᠤᠯ ᠢ ᠲᠠᠲᠠᠵᠤ᠂ ᠡᠯ᠎ᠡ ᠬᠤᠰᠢᠭᠤ ᠬᠤᠳᠠ ᠶᠢᠨ ᠲᠣᠭᠤᠷᠢᠭ ᠤᠨ ᠠᠵᠢᠯᠯᠠᠭ᠎ᠠ ᠶᠢᠨ ᠳᠠᠷᠤᠮ᠎ᠠ ᠶᠢᠨ ᠲᠤᠭ᠎ᠠ ᠨᠡᠶᠢᠳᠡ 5 ᠳ᠋ᠦᠩᠰᠢᠭᠤᠷ ᠤᠳᠠᠭ᠎ᠠ ᠳᠤ ᠬᠦᠷᠭᠡᠵᠦ᠂  ᠤᠷᠤᠰᠬᠠᠯ ᠢ ᠲᠠᠲᠠᠨ ᠣᠷᠣᠭᠤᠯᠤᠭᠰᠠᠨ ᠬᠡᠮᠵᠢᠶ᠎ᠡ ᠵᠠᠭᠤᠨ ᠲᠦᠮᠡᠨ ᠬᠥᠮᠥᠨ ᠢ ᠳᠠᠪᠠᠵᠠᠢ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠦᠵᠡᠮᠵᠢ ᠶᠢᠨ ᠣᠷᠣᠨ ᠤ ᠬᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠢᠳᠡᠪᠬᠢᠲᠡᠢ ᠪᠣᠶ ᠪᠣᠯᠭᠠᠨ ᠪᠣᠶᠢᠵᠢᠭᠤᠯᠵᠤ᠂ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠲᠦᠪᠰᠢᠨ ᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠵᠤᠭᠠᠴᠠᠭᠰᠠᠳ ᠲᠤ ᠨᠠᠩ ᠳᠥᠭᠦᠮ ᠳᠥᠲᠡ᠂ ᠲᠠᠭᠠᠯᠠᠮᠵᠢᠲᠠᠢ ᠵᠤᠭᠠᠴᠠᠯ ᠤᠨ ᠪᠡᠶᠡᠴᠢᠯᠡᠨ ᠣᠶᠢᠯᠠᠭᠠᠬᠤ ᠣᠷᠴᠢᠨ ᠨᠥᠬᠦᠴᠡᠯ ᠢ ᠬᠠᠩᠭᠠᠵᠤ ᠪᠠᠶᠢᠨ᠎ᠠ᠃       ᠵᠤᠭᠠᠴᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠥᠷᠨᠢᠭᠦᠯᠬᠦ ᠲᠠᠯ᠎ᠠ ᠪᠠᠷ᠂ 7 ᠰᠠᠷ᠎ᠠ ᠶᠢᠨ ᠡᠬᠢᠨ ᠠᠴᠠ 10 ᠰᠠᠷ᠎ᠠ ᠶᠢᠨ ᠳᠤᠮᠳᠠᠴᠢ ᠪᠣᠯᠲᠠᠯ᠎ᠠ᠂ ︽ᠨᠡᠷᠡᠨ ᠭᠡᠷᠡᠯ᠂ ᠪᠡᠯᠡᠳᠬᠡᠨ ᠳᠠᠭᠠᠷᠢᠬᠤ᠂ ᠰᠡᠳᠬᠢᠯ ᠢᠶᠠᠨ ᠨᠢᠭᠡᠳᠬᠡᠬᠦ᠂ ᠰᠠᠭᠤᠷᠢ ᠪᠠᠨ ᠪᠠᠲᠤᠳᠬᠠᠬᠤ᠂ ᠵᠢᠱᠢᠶ᠎ᠡ ᠦᠵᠡᠭᠦᠯᠬᠦ︾ ᠲᠠᠪᠤᠨ ᠶᠡᠭᠡ ᠢᠨᠵᠧᠨᠧᠷᠢᠩ ᠢ ᠬᠡᠷᠡᠭᠵᠢᠭᠦᠯᠵᠦ᠂ ᠵᠠᠭᠤᠨ ᠡᠷᠦᠭᠡ ᠶᠢᠨ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠣᠯᠪᠠᠰᠤᠨ ᠢᠶᠠᠷ ᠵᠢᠱᠢᠶ᠎ᠡ ᠦᠵᠡᠭᠦᠯᠬᠦ ᠠᠮᠠᠯᠠᠯᠲᠠ ᠶᠢᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠰᠣᠶᠣᠯ ᠵᠤᠭᠠᠴᠠᠯ ᠤᠨ ᠠᠶᠤᠯᠭᠦᠢ ᠦᠢᠯᠡᠳᠪᠦᠷᠢᠯᠡᠯ ᠪᠣᠯᠣᠨ ᠬᠠᠤᠯᠢ ᠬᠡᠷᠡᠭᠵᠢᠭᠦᠯᠬᠦ ᠬᠠᠮᠲᠤᠷᠠᠭᠰᠠᠨ ᠬᠤᠷᠠᠯ ᠤᠨ ᠲᠣᠭᠲᠠᠴᠠ ᠪᠣᠯᠣᠨ ᠵᠤᠭᠠᠴᠠᠯ ᠳᠤ ᠬᠤᠯᠪᠣᠭᠳᠠᠭᠰᠠᠨ ᠠᠰᠠᠭᠤᠳᠠᠯ ᠢ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠣᠳᠣᠬᠠᠨ ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃       ᠡᠭᠦᠨ ᠠᠴᠠ ᠭᠠᠳᠠᠨ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠᠰᠠ ᠡᠨᠡ ᠵᠢᠯ ᠤᠨ ᠨᠠᠮᠤᠷ ᠡᠪᠦᠯ ᠤᠨ ᠤᠯᠠᠷᠢᠯ ᠤᠨ ᠵᠤᠭᠠᠴᠠᠯ ᠤᠨ ᠵᠠᠮ ᠱᠤᠭᠤᠮ ᠤᠨ ᠦᠢᠯᠡᠳᠬᠦᠨ ᠢ ᠨᠡᠶᠢᠲᠡᠯᠡᠵᠦ᠂ ᠨᠠᠮᠤᠷ ᠤᠨ ᠤᠯᠠᠷᠢᠯ ᠳᠤ ᠬᠥᠯᠥᠨ ᠪᠤᠶᠢᠷ ᠤᠨ ᠲᠠᠪᠤᠨ ᠲᠠᠩᠰᠤᠭ ᠠᠷᠠᠳ ᠤᠨ ᠵᠠᠩ ᠦᠶᠯᠡ ᠶᠢᠨ ᠵᠢᠭᠤᠯᠴᠢᠯᠠᠯ᠂ ︽ᠦᠵᠡᠰᠬᠦᠯᠡᠩᠲᠦ ᠰᠠᠶᠢᠬᠠᠨ ᠠᠯᠲᠠᠨ ᠨᠠᠮᠤᠷ᠂ ᠲᠠᠩᠰᠤᠭ ᠰᠠᠶᠢᠬᠠᠨ ᠳᠠᠪᠠᠭ᠎ᠠ ᠶᠢᠨ ᠵᠡᠭᠦᠨᠳᠡᠬᠢ︾ ᠡᠯᠪᠡᠭ ᠬᠤᠷᠢᠶᠠᠯᠲᠠ ᠶᠢᠨ ᠵᠢᠭᠤᠯᠴᠢᠯᠠᠯ᠂ ᠠᠯᠲᠠᠨ ᠨᠠᠮᠤᠷ ᠤᠨ ᠬᠢᠯᠢ ᠬᠢᠵᠠᠭᠠᠷ ᠤᠨ ᠣᠷᠣᠰ ᠮᠣᠩᠭᠤᠯ ᠤᠨ ᠵᠠᠩ ᠦᠶᠯᠡ ᠶᠢ ᠬᠠᠶᠢᠨ ᠰᠦᠪᠡᠭᠴᠢᠯᠡᠬᠦ ᠵᠢᠭᠤᠯᠴᠢᠯᠠᠯ ᠵᠡᠷᠭᠡ 5 ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠠᠢ᠃ ᠡᠪᠦᠯ ᠤᠨ ᠤᠯᠠᠷᠢᠯ ᠳᠤ ᠬᠤᠪᠢᠰᠬᠠᠯ ᠤᠨ ᠰᠣᠶᠣᠯ ᠤᠨ ᠦᠵᠡᠰᠬᠦᠯᠡᠩ ᠤᠨ ᠠᠶᠠᠯᠠᠯ᠂ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠭᠤᠣᠯ ᠰᠡᠳᠦᠪᠲᠦ ᠵᠤᠭᠠᠴᠠᠯ᠂ ᠡᠪᠦᠯ ᠤᠨ ᠤᠯᠠᠷᠢᠯ ᠤᠨ ᠰᠤᠳᠤᠯᠤᠨ ᠰᠤᠷᠤᠯᠴᠠᠬᠤ ᠠᠶᠠᠯᠠᠯ᠂ ᠴᠠᠰᠤᠲᠤ ᠲᠠᠯ᠎ᠠ ᠶᠢᠨ ᠲᠠᠩᠰᠤᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠠᠶᠠᠯᠠᠯ ᠵᠡᠷᠭᠡ 6 ᠵᠤᠷᠪᠤᠰ ᠭᠤᠣᠯ ᠰᠡᠳᠦᠪᠲᠦ ᠱᠤᠭᠤᠮ ᠪᠠ ᠴᠠᠰᠤᠨ ᠳᠤ ᠭᠤᠯᠭᠤᠬᠤ ᠵᠤᠭᠠᠴᠠᠯ᠂ ᠡᠪᠦᠯ ᠤᠨ ᠣᠯᠢᠮᠫᠢᠺ ᠢ ᠡᠪᠦᠯ ᠤᠨ ᠲᠠᠮᠢᠷ ᠤᠨ ᠴᠤᠭᠯᠠᠭᠠᠨ ᠲᠠᠢ ᠬᠤᠯᠪᠤᠬᠤ · ᠮᠥᠰᠥ ᠴᠠᠰᠤᠨ ᠤ ᠣᠭᠲᠠᠷᠭᠤᠢ ᠶᠢᠨ ᠵᠠᠮ ᠤᠨ ᠠᠶᠠᠨ ᠤ ᠠᠶᠠᠯᠠᠯ ᠵᠡᠷᠭᠡ ᠬᠠᠶᠢᠯᠠᠷ ᠲᠣᠭᠤᠷᠢᠭ ᠢᠶᠠᠷ ᠭᠤᠣᠯ ᠪᠣᠯᠭᠠᠭᠰᠠᠨ ᠵᠡᠭᠦᠨ ᠱᠤᠭᠤᠮ᠂ ᠡᠮᠦᠨ᠎ᠡ ᠱᠤᠭᠤᠮ᠂ ᠪᠠᠷᠠᠭᠤᠨ ᠱᠤᠭᠤᠮ᠂ ᠤᠮᠠᠷᠠᠲᠤ ᠱᠤᠭᠤᠮ ᠤᠨ 4 ᠵᠤᠷᠪᠤᠰ ᠰᠣᠳᠣᠨ ᠱᠤᠭᠤᠮ ᠢ ᠨᠡᠪᠲᠡᠷᠡᠭᠦᠯᠦᠨ᠎ᠡ᠃       ᠡᠨᠡ ᠬᠦ ᠬᠤᠭᠤᠴᠠᠭᠠᠨ ᠳᠤ᠂ ᠨᠡᠶᠢᠲᠡᠯᠡᠭᠴᠢ ᠠᠴᠠ ︽ᠬᠥᠯᠥᠨ ᠪᠤᠶᠢᠷ ᠬᠤᠲᠠ ᠶᠢᠨ ᠵᠤᠭᠠᠴᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠲᠥᠰᠥᠯ ︵2023 — 2025 ᠣᠨ︶︾ ᠪᠠ ︽ᠡᠪᠦᠯ ᠤᠨ ᠣᠯᠢᠮᠫᠢᠺ ᠢ ᠡᠪᠦᠯ ᠤᠨ ᠲᠠᠮᠢᠷ ᠤᠨ ᠴᠤᠭᠯᠠᠭᠠᠨ ᠲᠠᠢ ᠬᠤᠯᠪᠣᠵᠤ᠂ ᠲᠠᠯ᠎ᠠ ᠨᠤᠲᠤᠭ ᠠᠴᠠ ᠪᠡᠭᠡᠵᠢᠩ ᠬᠦᠷᠭᠡᠬᠦ︾ ᠲᠦᠮᠡᠨ ᠭᠠᠵᠠᠷ ᠤᠨ ᠴᠠᠢ ᠶᠢᠨ ᠵᠠᠮ ᠤᠨ ᠦᠪᠡᠰᠦᠪᠡᠨ ᠲᠡᠷᠭᠡ ᠵᠢᠯᠤᠭᠤᠳᠬᠤ ᠠᠵᠢᠯᠯᠠᠭ᠎ᠠ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ