9 ᠰᠠᠷ᠎ᠠ ᠶᠢᠨ 18 ᠤ ᠡᠳᠦᠷ᠂ ᠸᠠᠩ ᠯᠢ ᠰᠢᠶᠠ ᠬᠥᠬᠡᠬᠤᠲᠠ ᠳᠤ ᠰᠢᠩᠭᠠᠫᠤᠷ ᠤᠨ ᠳᠤᠮᠳᠠᠳᠤ ᠤᠯᠤᠰ ᠲᠠᠢ ᠠᠷᠠᠯᠵᠢᠶ᠎ᠠ ᠨᠡᠪᠲᠡᠷᠡᠬᠦ ᠵᠣᠬᠢᠶᠠᠨ | ᠪᠠᠶᠢᠭᠤᠯᠤᠯᠲᠠ ᠶᠢᠨ ᠲᠡᠷᠢᠭᠦᠯᠡᠭᠴᠢ ᠯᠢ ᠢ ᠰᠢᠶᠠᠨ ᠨᠠᠷ ᠲᠠᠢ ᠠᠭᠤᠯᠵᠠᠪᠠ᠃ | | | ᠸᠠᠩ ᠯᠢ ᠰᠢᠶᠠ ᠯᠢ ᠢ ᠰᠢᠶᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ | ᠠᠭᠤᠳᠠᠮ᠂ ᠳᠣᠲᠣᠭᠰᠢ ᠪᠠᠨ ᠨᠠᠢᠮᠠᠨ ᠮᠤᠵᠢ ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠣᠷᠣᠰ ᠮᠣᠩᠭᠤᠯ ᠲᠠᠢ ᠵᠠᠯᠭᠠᠯᠳᠤᠵᠤ᠂ ᠳᠤᠮᠳᠠᠳᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠬᠤ ᠪᠥᠭᠡᠳ ᠲᠠᠯ᠎ᠠ ᠨᠤᠲᠤᠭ ᠤᠨ ᠲᠣᠷᠭᠠᠨ ᠵᠠᠮ ᠤᠨ ᠲᠥᠪ ᠣᠷᠣᠨ ᠪᠠᠶᠢᠵᠤ᠂ ᠰᠢᠩᠭᠠᠫᠤᠷ ᠯᠤᠭ᠎ᠠ ᠶᠢᠨ | ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ ᠪᠠᠶᠢᠨ᠎ᠠ ᠭᠡᠵᠡᠢ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠶᠠᠭ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠨᠢᠭᠲᠠᠷᠠᠭᠤᠯᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠥᠬᠦ ᠬᠦᠴᠦ ᠪᠠᠷ ᠢᠶᠠᠨ ᠪᠠᠶᠢᠭᠤᠯᠵᠤ ᠪᠠᠶᠢᠨ᠎ᠠ᠂ ᠳᠡᠯᠡᠬᠡᠢ ᠶᠢᠨ ᠬᠠᠷᠠᠭᠠᠰᠤ ᠲᠠᠢ ᠠᠵᠤ ᠠᠬᠤᠢ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠪᠣᠯᠣᠨ | ᠮᠥᠩᠭᠦᠨ ᠭᠦᠢᠯᠭᠡᠭᠡᠨ᠂ ᠪᠠᠷᠠᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠴᠢᠳᠠᠪᠤᠷᠢᠲᠠᠨ ᠢ ᠲᠤᠯᠭᠠᠮ ᠱᠠᠭᠠᠷᠳᠠᠵᠤ ᠪᠠᠶᠢᠨ᠎ᠠ᠂ ᠰᠢᠩᠭᠠᠫᠤᠷ ᠡᠳᠡᠭᠡᠷ | ᠲᠠᠯ᠎ᠠ ᠪᠠᠷ ᠮᠠᠰᠢ ᠶᠡᠭᠡ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠠᠵᠤ ᠠᠬᠤᠢ ᠠᠷᠠᠯᠵᠢᠶᠠᠨ ᠤ | ᠶᠠᠪᠤᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠡᠩ ᠭᠦᠨᠵᠡᠭᠡᠢ᠂ ᠨᠡᠩ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ | | | ᠯᠢ ᠢ ᠰᠢᠶᠠᠨ᠂ ᠰᠢᠩᠭᠠᠫᠤᠷ ᠪᠣᠯ ᠳᠠᠯᠠᠢ ᠳᠡᠭᠡᠷᠡᠬᠢ ᠲᠣᠷᠭᠠᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠣᠨ᠎ᠠ᠂ ᠥᠪᠥᠷ ᠮᠣᠩᠭᠤᠯ ᠯᠤᠭ᠎ᠠ ᠮᠠᠰᠢ | ᠴᠢᠩᠭ᠎ᠠ ᠬᠠᠷᠢᠯᠴᠠᠨ ᠨᠥᠬᠦᠪᠦᠷᠢᠯᠡᠬᠦ ᠴᠢᠨᠠᠷᠲᠠᠢ ᠶᠤᠮ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠢ ᠪᠣᠯᠪᠠᠰᠤᠷᠠᠭᠤᠯᠬᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ | ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠡᠩ ᠣᠯᠠᠨ ᠬᠠᠮᠲᠤ ᠪᠠᠷ ᠠᠰᠢᠭ ᠬᠦᠷᠲᠡᠬᠦ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ | ᠪᠣᠯᠣᠨ᠎ᠠ ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠠᠭᠤᠯᠵᠠᠯᠲᠠ ᠳᠤ ᠣᠷᠣᠯᠴᠠᠵᠠᠢ᠃ |