ᠥᠪᠡᠷ ᠢ ᠪᠠᠨ ᠰᠢᠯᠢᠳᠡᠭ ᠪᠠᠶᠢᠯᠭᠠᠬᠤ ᠡᠷᠳᠡᠮ
ᠨᠡᠶᠢᠲᠡᠯᠡᠭᠰᠡᠨ ᠴᠠᠭ᠄
2023/9/21
       ᠳᠣᠳᠣᠷᠬᠠᠢ ᠬᠠᠷᠠᠯᠲᠠ ᠲᠠᠢ ᠪᠠᠶᠢᠬᠤ᠃ ᠬᠠᠷᠠᠯᠲᠠ ᠳᠣᠳᠣᠷᠬᠠᠢ ᠬᠥᠮᠥᠨ ᠣᠷᠣᠬᠰᠢᠯᠠᠬᠤ ᠵᠠᠮ ᠳᠠᠭᠠᠨ ᠨᠡᠩ ᠢᠯᠡᠭᠦᠦ ᠮᠡᠳᠡᠷᠡᠮᠵᠢ ᠲᠠᠢ ᠪᠠᠶᠢᠳᠠᠭ᠃ ᠦᠪᠡᠷᠳᠡᠬᠡᠨ ᠦᠨ᠎ᠡ ᠥᠷᠲᠡᠭ ᠲᠠᠢ ᠮᠥᠷᠲᠡᠭᠡᠨ ᠪᠡᠶᠡᠯᠡᠭᠦᠯᠵᠦ ᠳᠡᠶᠢᠯᠬᠦ ᠬᠠᠷᠠᠯᠲᠠ ᠳᠣᠬᠳᠠᠭᠠᠵᠦ᠂ ᠪᠣᠳᠠᠲᠠᠢ ᠠᠵᠢᠯᠯᠠᠭ᠎ᠠ ᠪᠠᠷ ᠢᠶᠠᠨ ᠳᠠᠮᠵᠢᠨ ᠪᠡᠶᠡᠯᠡᠭᠦᠯᠪᠡᠯ᠂ ᠲᠠᠨ ᠳᠤ ᠬᠠᠷᠠᠯᠲᠠ ᠪᠠᠨ ᠬᠦᠬᠡᠬᠡᠴᠡᠯᠳᠦᠬᠦ ᠶᠠᠪᠤᠴᠠ ᠳᠤ ᠠᠪᠴᠢᠷᠠᠭᠰᠠᠨ ᠵᠣᠯ ᠵᠢᠷᠭᠠᠯᠲᠤ ᠪᠥᠭᠡᠳ ᠠᠮᠵᠢᠯᠲᠠ ᠪᠦᠲᠦᠮᠵᠢ ᠲᠠᠢ ᠮᠡᠳᠡᠷᠡᠮᠵᠢ ᠲᠥᠷᠥᠭᠳᠡᠳᠡᠭ᠃        ᠰᠠᠨᠠᠭ᠎ᠠ ᠰᠡᠳᠬᠢᠯ᠂ ᠠᠭᠠᠰᠢ ᠵᠠᠩ ᠢᠶᠠᠨ ᠲᠣᠬᠢᠷᠠᠭᠤᠯᠵᠤ ᠳᠡᠶᠢᠯᠬᠦ᠃ ᠬᠡᠨ ᠳᠤ ᠴᠦ ᠠᠭᠤᠷ ᠪᠤᠬᠢᠨᠢᠳᠣᠯ ᠲᠠᠢ ᠦᠶ᠎ᠡ ᠪᠠᠶᠢᠳᠠᠭ᠃ ᠪᠢᠳᠡᠨ ᠤ ᠬᠢᠬᠦ ᠴᠢᠬᠤᠯᠠᠲᠠᠢ ᠠᠵᠢᠯ ᠪᠣᠯ ᠳᠠᠷᠤᠢ ᠰᠡᠳᠬᠢᠯ ᠰᠠᠨᠠᠭ᠎ᠠ ᠪᠠᠨ ᠡᠵᠡᠮᠳᠡᠨ᠂ ᠠᠭᠤᠷ ᠪᠤᠬᠢᠨᠢᠳᠣᠯ ᠢᠶᠠᠨ ᠳᠠᠷᠣᠵᠦ᠂ ᠤᠷᠮ᠎ᠠ ᠰᠡᠳᠬᠢᠯᠭᠡ ᠪᠠᠨ ᠰᠡᠷᠬᠦᠬᠡᠬᠦ ᠶᠠᠪᠤᠳᠠᠯ ᠪᠣᠯᠣᠨ᠎ᠠ᠃        ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ᠃ ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ ᠨᠢ ᠪᠢᠳᠡᠨ ᠢ ᠴᠠᠭ ᠢᠮᠠᠬᠳᠠ ᠰᠣᠷᠣᠯᠴᠠᠭᠤᠯᠵᠦ᠂ ᠠᠮᠢᠳᠣᠷᠠᠯ ᠳᠤ ᠢᠳᠡᠪᠬᠢᠲᠡᠢ ᠪᠠᠶᠢᠯᠭᠠᠵᠦ ᠴᠢᠳᠠᠳᠠᠭ᠃ ᠶᠠᠮᠠᠷ ᠴᠦ ᠵᠦᠢᠯ ᠳᠤ ᠰᠣᠨᠢᠭᠤᠴᠢ ᠰᠡᠳᠬᠢᠯᠭᠡ ᠪᠠᠷ ᠬᠠᠨᠳᠣᠵᠦ᠂ ᠰᠣᠷᠴᠦ ᠠᠪᠬᠤ ᠶᠢ ᠬᠦᠬᠡᠬᠡᠴᠡᠯᠳᠦᠬᠡᠳ ᠪᠠᠶᠢᠪᠠᠯ ᠦᠪᠡᠷ ᠢ ᠪᠠᠨ ᠬᠦᠭᠵᠢᠬᠦᠯᠵᠦ ᠴᠢᠳᠠᠬᠤ ᠶᠢᠨ ᠳᠡᠭᠡᠷ᠎ᠡ ᠠᠮᠢᠳᠣᠷᠠᠯ ᠢᠶᠠᠨ ᠪᠠᠶᠠᠯᠢᠭ ᠪᠠᠶᠢᠯᠭᠠᠵᠦ ᠴᠢᠳᠠᠨ᠎ᠠ᠃        ᠥᠪᠡᠷ ᠤᠨ ᠢᠶᠠᠨ ᠦᠨ᠎ᠡ ᠴᠡᠨ᠎ᠡ ᠶᠢ ᠮᠡᠳᠡᠷᠡᠬᠦ᠃ ᠥᠪᠡᠷ ᠤᠨ ᠦᠪᠡᠷᠳᠡᠬᠡᠨ᠂ ᠮᠦᠨ ᠴᠦ ᠪᠤᠰᠤᠳ ᠲᠤ ᠦᠨᠡᠨᠴᠢ ᠪᠠᠷ ᠬᠠᠨᠳᠤᠵᠤ᠂ ᠠᠮᠢᠳᠤᠷᠠᠯ ᠳᠠᠭᠠᠨ ᠬᠠᠯᠠᠭᠤᠨ ᠰᠡᠳᠬᠢᠯ ᠲᠠᠢ ᠪᠠᠶᠢᠵᠦ᠂ ᠲᠡᠭᠦᠰ ᠰᠠᠶᠢᠬᠠᠨ ᠢ ᠬᠡᠲᠦᠷᠬᠡᠢ ᠬᠦᠬᠡᠬᠡᠴᠡᠯᠳᠦᠬᠦ ᠦᠭᠡᠢ᠂ ᠥᠪᠡᠷ ᠤᠨ ᠪᠡᠶ᠎ᠡ ᠪᠠᠨ ᠢᠯᠡᠭᠦᠬᠡᠨ ᠣᠶᠢᠯᠠᠭᠠᠵᠦ ᠪᠠᠭᠳᠠᠭᠠᠮᠵᠢᠳᠠᠢ ᠬᠠᠨᠳᠣᠪᠠᠯ᠂ ᠪᠢᠳᠡ ᠥᠪᠡᠷ ᠤᠨ ᠢᠶᠠᠨ ᠦᠨ᠎ᠡ ᠴᠡᠨ᠎ᠡ ᠪᠠᠨ ᠨᠠᠩ ᠠᠮᠠᠷᠬᠠᠨ ᠮᠡᠳᠡᠷᠡᠵᠦ ᠴᠢᠳᠠᠬᠤ ᠪᠤᠯᠤᠨ᠎ᠠ᠃
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ